ᠦᠬᠠᠢ ᠬᠤᠲᠠ 2023 ᠣᠨ ᠤ ᠲᠡᠵᠢᠭᠡᠯ ᠪᠣᠷᠳᠣᠭᠠᠨ ᠤ ᠥᠯᠢᠭᠡᠷ ᠡᠳ᠋ ᠠᠪᠴᠤ ᠬᠢᠨᠠᠨ ᠬᠡᠮᠵᠢᠬᠦ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2023/5/25
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠥᠯ︾ ︵ᠥᠪᠥᠷ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2023﹈ 61 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠬᠠᠢ ᠬᠤᠲᠠ ᠶᠢᠨ ᠮᠠᠯ ᠠᠵᠤ ᠠᠬᠤᠢ ᠮᠠᠯ ᠡᠮᠨᠡᠯᠭᠡ ᠶᠢᠨ ᠲᠥᠪ ᠨᠢ ᠦᠬᠠᠢ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠪᠥᠬᠦ ᠬᠤᠲᠠ ᠶᠢᠨ ᠬᠡᠪᠴᠢᠶᠡᠨ ᠳᠤ 2023 ᠣᠨ ᠤ ᠲᠡᠵᠢᠭᠡᠯ ᠪᠣᠷᠳᠣᠭᠠᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠥᠯᠢᠭᠡᠷ ᠡᠳ᠋ ᠠᠪᠴᠤ ᠬᠢᠨᠠᠨ ᠬᠡᠮᠵᠢᠬᠦ ᠠᠵᠢᠯ ᠢ ᠥᠷᠨᠢᠭᠦᠯᠪᠡ᠃ ᠲᠣᠰ ᠤᠳᠠᠭᠠᠨ ᠤ ᠬᠢᠨᠠᠨ ᠬᠡᠮᠵᠢᠬᠦ ᠬᠡᠪᠴᠢᠶ᠎ᠡ ᠨᠢ ᠪᠥᠬᠦ ᠬᠤᠲᠠ ᠶᠢᠨ ᠲᠡᠵᠢᠭᠡᠯ ᠪᠣᠷᠳᠣᠭᠠᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠡᠵᠡᠩᠨᠡᠯᠲᠡ ᠶᠢᠨ ᠴᠡᠭ ᠪᠠ ᠬᠡᠰᠡᠭ ᠲᠡᠵᠢᠭᠡᠨ ᠦᠷᠡᠵᠢᠭᠦᠯᠬᠦ ᠡᠷᠦᠬᠡ  ᠶᠢ  ᠪᠠᠭᠳᠠᠭᠠᠵᠤ᠂ ᠨᠡᠶᠢᠲᠡ 56 ᠪᠦᠯᠦᠭ ᠤᠳᠠᠭ᠎ᠠ ︵ᠬᠠᠶᠢᠷᠤᠪ ᠲᠣᠬᠤᠢ ᠶᠢᠨ ᠲᠣᠭᠤᠷᠢᠭ ᠲᠤ 26 ᠪᠦᠯᠦᠭ ᠤᠳᠠᠭ᠎ᠠ᠂ ᠤᠳᠠ ᠲᠣᠭᠤᠷᠢᠭ ᠲᠤ 12 ᠪᠦᠯᠦᠭ ᠤᠳᠠᠭ᠎ᠠ᠂ ᠬᠠᠶᠢᠨᠠᠨ ᠲᠣᠭᠤᠷᠢᠭ ᠲᠤ 18 ᠪᠦᠯᠦᠭ ᠤᠳᠠᠭ᠎ᠠ︶ ᠲᠡᠵᠢᠭᠡᠯ ᠪᠣᠷᠳᠣᠭᠠᠨ ᠤ ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠢ ᠰᠤᠭᠤᠴᠢᠨ ᠠᠪᠴᠤ᠂ 43 ᠪᠦᠯᠦᠭ ᠤᠳᠠᠭᠠᠨ ᠤ ᠪᠠᠶᠢᠴᠠᠭᠠᠨ ᠬᠡᠮᠵᠢᠯᠲᠡ ᠶᠢ ᠪᠡᠶᠡᠯᠡᠭᠦᠯᠵᠦ᠂ ᠪᠠᠶᠢᠴᠠᠭᠠᠨ ᠬᠡᠮᠵᠢᠯᠲᠡ ᠳᠤ ᠴᠥᠮ ᠬᠢᠷᠢ ᠲᠡᠩᠴᠡᠪᠡ᠂ ᠦᠯᠡᠳᠡᠭᠰᠡᠨ 13 ᠪᠦᠯᠦᠭ ᠤᠳᠠᠭᠠᠨ ᠤ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠢ ᠭᠠᠷᠭᠠᠬᠤ ᠪᠠᠷ ᠪᠠᠶᠢᠨ᠎ᠠ᠃
123.png
       ᠥᠪᠡᠷᠲᠡᠭᠡᠨ ᠵᠠᠰᠠᠬᠤ ᠣᠷᠣᠨ ᠠᠴᠠ ᠦᠬᠠᠢ ᠬᠤᠲᠠ ᠳᠤ 2023 ᠣᠨ ᠤ ᠲᠡᠵᠢᠭᠡᠯ ᠪᠣᠷᠳᠣᠭᠠᠨ ᠤ ᠥᠯᠢᠭᠡᠷ ᠡᠳ᠋ ᠠᠪᠬᠤ ᠡᠭᠦᠷᠭᠡ ᠶᠢ 50 ᠪᠦᠯᠦᠭ ᠤᠳᠠᠭ᠎ᠠ ᠪᠠᠭᠤᠯᠭᠠᠵᠤ᠂ ᠣᠲᠣ ᠦᠬᠠᠢ ᠬᠤᠲᠠ ᠨᠢᠭᠡᠨᠲᠡ 56 ᠪᠦᠯᠦᠭ ᠤᠳᠠᠭᠠᠨ ᠤ ᠥᠯᠢᠭᠡᠷ ᠡᠳ᠋ ᠠᠪᠴᠤ ᠪᠠᠶᠢᠴᠠᠭᠠᠯᠭᠠᠬᠤ ᠬᠦᠷᠭᠡᠬᠦ ᠠᠵᠢᠯ ᠢ ᠪᠡᠶᠡᠯᠡᠭᠦᠯᠵᠦ᠂ ᠡᠭᠦᠷᠭᠡ ᠪᠠᠨ 112% ᠪᠡᠶᠡᠯᠡᠭᠦᠯᠪᠡ᠃ ᠬᠤᠶᠢᠰᠢᠳᠠ ᠦᠬᠠᠢ ᠬᠤᠲᠠ ᠶᠢᠨ ᠬᠢᠨ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ︽ᠰᠤᠭᠤᠴᠢᠬᠤ᠂ ᠪᠠᠶᠢᠴᠠᠭᠠᠬᠤ᠂ ᠬᠢᠨᠠᠬᠤ᠂ ᠬᠠᠮᠢᠶᠠᠷᠬᠤ︾ ᠶᠢ ᠪᠦᠲᠦᠮᠵᠢᠲᠡᠶ ᠬᠡᠷᠡᠭᠵᠢᠭᠦᠯᠵᠦ᠂ ᠦᠬᠠᠢ ᠬᠤᠲᠠ ᠶᠢᠨ ᠲᠡᠵᠢᠭᠡᠯ ᠪᠣᠷᠳᠣᠭᠠᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号