ᠥᠪᠥᠷ ᠮᠣᠩᠭᠤᠯ ᠤᠨ ᠴᠢᠳᠠᠪᠤᠷᠢᠲᠠᠨ ᠤ ᠬᠥᠭᠵᠢᠯᠲᠡ ᠶᠢᠨ ᠲᠠᠨᠢᠯᠴᠠᠭᠤᠯᠭ᠎ᠠ ᠪᠠ ᠬᠠᠮᠲᠤᠷᠠᠯᠴᠠᠭ᠎ᠠ ᠰᠣᠯᠢᠯᠴᠠᠭ᠎ᠠ ᠶᠢᠨ ᠠᠵᠢᠯᠯᠠᠭ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠲᠤᠰᠬᠠᠢ ᠲᠠᠯᠠᠪᠤᠷ ᠤᠨ ᠵᠣᠯᠭᠠᠭᠤᠯᠬᠤ ᠬᠤᠷᠠᠯ ᠱᠠᠩᠬᠠᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2023/5/26
      5 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠲᠠᠳᠠᠵᠦ· ᠲᠠᠯ᠎ᠠ ᠨᠤᠲᠤᠭ ᠲᠤ ᠣᠶᠤᠨ ᠢ ᠬᠤᠷᠠᠭᠤᠯᠤᠨ᠎ᠠ︱ᠬᠥᠬᠡᠮᠥ᠋ᠷᠡᠨ ᠤ ᠭᠤᠷᠪᠠᠯᠵᠢᠨ ᠬᠤᠶᠢᠭ ᠢ ᠬᠤᠯᠪᠣᠶ᠎ᠠ︾ ᠭᠡᠬᠦ ᠭᠤᠣᠯ ᠰᠡᠳᠦᠪ ᠢᠶᠠᠷ ᠱᠠᠩᠬᠠᠢ ᠬᠤᠲᠠ ᠳᠤ ᠥᠪᠥᠷ ᠮᠣᠩᠭᠤᠯ ᠤᠨ ᠴᠢᠳᠠᠪᠤᠷᠢᠲᠠᠨ ᠤ ᠬᠥᠭᠵᠢᠯᠲᠡ ᠶᠢᠨ ᠲᠠᠨᠢᠯᠴᠠᠭᠤᠯᠭ᠎ᠠ ᠪᠠ ᠬᠠᠮᠲᠤᠷᠠᠯᠴᠠᠭ᠎ᠠ ᠰᠣᠯᠢᠯᠴᠠᠭ᠎ᠠ ᠶᠢᠨ ᠠᠵᠢᠯᠯᠠᠭ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠳᠠᠪᠤᠷᠢᠲᠠᠨ ᠤ ᠲᠤᠰᠬᠠᠢ ᠲᠠᠯᠠᠪᠤᠷ ᠤᠨ ᠵᠣᠯᠭᠠᠭᠤᠯᠬᠤ ᠬᠤᠷᠠᠯ ᠢ ᠡᠷᠭᠢᠯᠡᠪᠡ᠃ ᠲᠣᠰ ᠤᠳᠠᠭᠠᠨ ᠤ ᠵᠣᠯᠭᠠᠭᠤᠯᠬᠤ ᠬᠤᠷᠠᠯ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠳᠠᠪᠤᠷᠢᠲᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ 
1.jpg
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃ ᠮᠠᠨ ᠤ ᠣᠷᠣᠨ ᠪᠣᠯᠣᠨ ᠵᠢᠶᠠᠩᠰᠤ ᠵᠧᠵᠢᠶᠠᠩ ᠱᠠᠩᠬᠠᠢ ᠭᠤᠷᠪᠠᠨ ᠮᠤᠵᠢ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ ᠭᠤᠣᠯᠳᠠᠯᠭ᠎ᠠ ᠲᠠᠢ ᠲᠠᠨᠢᠯᠴᠠᠭᠤᠯᠭ᠎ᠠ ᠪᠠ ᠰᠣᠯᠢᠯᠴᠠᠭ᠎ᠠ ᠶᠢᠨ ᠶᠠᠷᠢᠶ᠎ᠠ ᠲᠠᠯᠪᠢᠪᠠ᠃ ᠬᠤᠷᠠᠯ ᠠᠴᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ᠂ ᠡᠯᠳᠡᠪ ᠠᠮᠤ ᠪᠤᠳᠠᠭᠠᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠫᠠᠶᠢᠰᠠ ᠣᠯᠭᠤᠬᠤ᠂ ᠴᠢᠳᠠᠪᠤᠷᠢᠲᠠᠨ ᠳᠤ ᠳᠡᠮᠵᠢᠯᠭᠡ ᠦᠵᠡᠭᠦᠯᠬᠦ ᠪᠠ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠲᠥᠪ ᠪᠠᠶᠢᠭᠤᠯᠬᠤ ᠳᠤ ᠫᠠᠶᠢᠰᠠ ᠰᠡᠬᠦᠬᠦ᠂ ᠶᠠᠷᠢᠯᠴᠠᠨ ᠰᠣᠯᠢᠯᠴᠠᠬᠤ ᠵᠡᠷᠭᠡ ᠤᠯᠠᠨ ᠵᠥᠪᠯᠡᠬᠦ ᠵᠦᠢᠯ ᠢ ᠲᠣᠬᠢᠷᠠᠭᠤᠯᠵᠠᠢ᠃ ᠱᠠᠩᠬᠠᠢ ᠬᠤᠲᠠ ᠶᠢᠨ ᠲᠠᠷᠢᠶᠠᠯᠠᠩ ᠤᠨ ᠠᠵᠢᠯ ᠤᠨ ᠵᠥᠪᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠨᠵᠢᠩ ᠤᠨ ᠬᠥᠷᠥᠰᠥ ᠰᠢᠷᠣᠢ ᠶᠢᠨ ᠰᠤᠳᠤᠯᠭᠠᠨ ᠤ ᠭᠠᠵᠠᠷ᠂ ᠱᠠᠩᠬᠠᠢ᠂ ᠵᠢᠶᠠᠩᠰᠤ᠂ ᠵᠧᠵᠢᠶᠠᠩ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 5 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠱᠠᠩᠬᠠᠢ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ᠂ ᠵᠧᠵᠢᠶᠠᠩ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ 4 ᠶᠡᠭᠡ ᠳᠡᠭᠡᠳᠦ ᠰᠤᠷᠭᠠᠭᠤᠯᠢ᠂ ᠱᠠᠩᠬᠠᠢ ᠶᠢᠨ ᠵᠢᠦᠢ ᠶᠢᠨ ᠠᠷᠠᠯᠵᠢᠶ᠎ᠠ ᠬᠤᠳᠠᠯᠳᠤᠭᠠᠨ ᠤ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠰᠦᠵᠧᠦ ᠶᠢᠨ ᠲᠢᠶᠠᠨ ᠴᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 8 ᠭᠤᠷᠪᠠᠯᠵᠢᠨ ᠣᠷᠣᠨ ᠤ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ ᠪᠣᠯᠣᠨ ᠥᠪᠥᠷ ᠮᠣᠩᠭᠤᠯ ᠤᠨ ᠬᠥᠯᠥᠨ ᠪᠤᠶᠢᠷ ᠤᠨ ᠮᠢᠬᠠᠨ ᠤ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠠᠨ ᠬᠦ᠋ ᠹᠠᠩ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠵᠡᠷᠭᠡ 13 ᠥᠪᠥᠷ ᠮᠣᠩᠭᠤᠯ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠲᠥᠯᠥᠭᠡᠯᠡᠭᠴᠢ ᠨᠠᠶᠢᠳᠠ 80 ᠭᠠᠷᠤᠢ ᠬᠥᠮᠥᠨ ᠬᠤᠷᠠᠯ ᠳᠤ ᠣᠷᠣᠯᠴᠠᠪᠠ᠃ 
2.jpg
 
3.jpg
 
4.jpg
       ᠵᠣᠯᠭᠠᠭᠤᠯᠬᠤ ᠬᠤᠷᠠᠯ ᠤᠨ ᠦᠷ᠎ᠡ ᠪᠦᠲᠦᠭᠡᠯ ᠡᠯᠪᠡᠭ ᠪᠠᠶᠠᠯᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠣᠰ ᠲᠣᠰ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠨᠵᠢᠩ ᠤᠨ ᠬᠥᠷᠥᠰᠥ ᠰᠢᠷᠣᠢ ᠶᠢᠨ ᠰᠤᠳᠤᠯᠭᠠᠨ ᠤ ᠭᠠᠵᠠᠷ᠂ ᠵᠢᠶᠠᠩᠰᠤ ᠵᠧᠵᠢᠶᠠᠩ ᠱᠠᠩᠬᠠᠢ ᠭᠤᠷᠪᠠᠨ ᠮᠤᠵᠢ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 9 ᠨᠢᠭᠡᠴᠢ᠂ ᠠᠵᠤ ᠠᠬᠤᠶᠢᠯᠠᠯ ᠲᠠᠢ 6 ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠬᠤᠵᠢᠷᠯᠢᠭ ᠭᠠᠵᠠᠷ ᠢ ᠥᠭᠡᠷᠡᠴᠢᠯᠡᠨ ᠶᠠᠰᠤ ᠴᠢᠨᠠᠷ ᠢ ᠳᠡᠭᠡᠭᠰᠢᠯᠡᠭᠦᠯᠬᠦ᠂ ᠠᠮᠢ ᠠᠬᠤᠢ ᠶᠢ ᠬᠠᠮᠠᠭᠠᠯᠠᠬᠤ ᠪᠠ ᠣᠷᠴᠢᠨ ᠠᠬᠤᠢ ᠶᠢ ᠴᠡᠭᠴᠡᠯᠡᠨ ᠵᠠᠰᠠᠬᠤ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ᠂ ᠪᠡᠯᠡᠨ ᠵᠠᠭᠤᠰᠢ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠴᠢᠳᠠᠪᠤᠷᠢᠲᠠᠨ ᠢ ᠪᠣᠯᠪᠠᠰᠤᠷᠠᠭᠤᠯᠤᠨ ᠰᠣᠯᠢᠯᠴᠠᠬᠤ ᠵᠡᠷᠭᠡ ᠣᠯᠠᠨ ᠭᠤᠣᠯᠳᠠᠯᠭ᠎ᠠ ᠲᠠᠢ ᠲᠥᠷᠥᠯ ᠵᠦᠢᠯ ᠳᠤ ᠬᠤᠯᠪᠤᠭᠳᠠᠵᠤ ᠪᠠᠶᠢᠨ᠎ᠠ᠃ ᠶᠠᠷᠢᠯᠴᠠᠨ ᠰᠣᠯᠢᠯᠴᠠᠬᠤ ᠳᠤᠮᠳᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠨᠠᠷᠠᠲᠤ ᠲᠡᠮᠳᠡᠭᠲᠦ ᠶᠢ ᠬᠠᠮᠲᠤ ᠪᠠᠷ ᠪᠠᠶᠢᠭᠤᠯᠬᠤ᠂ ᠬᠥᠮᠥᠷᠭᠡᠯᠡᠨ ᠬᠠᠳᠠᠭᠠᠯᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠢᠳᠡᠭᠡᠨ ᠤ ᠪᠠᠺᠲ᠋ᠧᠷᠢ ᠶᠢᠨ ᠦᠢᠯᠡᠳᠪᠦᠷᠢᠯᠡᠯ ᠤᠨ ᠮᠡᠷᠭᠡᠵᠢᠯ ᠵᠢᠴᠢ ᠴᠢᠳᠠᠪᠤᠷᠢᠲᠠᠨ ᠤ ᠰᠣᠯᠢᠯᠴᠠᠭ᠎ᠠ᠂ ᠮᠡᠷᠭᠡᠵᠢᠯ ᠤᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠭᠰᠠᠨ ᠪᠡᠷᠬᠡ ᠰᠡᠳᠦᠪ ᠢ ᠰᠢᠢᠳᠪᠦᠷᠢᠯᠡᠬᠦ ᠵᠡᠷᠭᠡ ᠲᠠᠯ᠎ᠠ ᠪᠠᠷ 20 ᠭᠠᠷᠤᠢ ᠵᠦᠢᠯ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠤ᠂ ᠡᠯ᠎ᠡ ᠲᠠᠯ᠎ᠠ ᠶᠢᠨ ᠬᠢᠨ ᠡᠲᠡᠭᠡᠷ ᠬᠦᠷᠢᠶ᠎ᠡ ᠴᠠᠷᠠᠭᠠᠨ ᠳᠤ ᠭᠦᠨᠵᠡᠭᠡᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠥᠷᠨᠢᠭᠦᠯᠬᠦ ᠪᠣᠯᠣᠨ᠎ᠠ᠃ ᠵᠣᠯᠭᠠᠭᠤᠯᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠱᠠᠩᠬᠠᠢ ᠬᠤᠲᠠ ᠶᠢᠨ ᠲᠠᠷᠢᠶᠠᠯᠠᠩ ᠤᠨ ᠵᠥᠪᠯᠡᠯ ᠤᠨ ᠤᠳᠤᠷᠢᠳᠤᠯᠭ᠎ᠠ ᠠᠴᠠ ᠱᠠᠩᠬᠠᠢ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠶᠠᠨ ᠬᠥ᠋ ᠹᠠᠩ ᠪᠦᠯᠦᠭᠯᠡᠯ ᠳᠤ ᠲᠣᠰ ᠲᠣᠰ ᠥᠪᠥᠷ ᠮᠣᠩᠭᠤᠯ ᠱᠠᠩᠬᠠᠢ ᠶᠢᠨ ᠡᠯᠳᠡᠪ ᠠᠮᠤ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠫᠠᠶᠢᠰᠠ ᠣᠯᠭᠤᠪᠠ᠃ ᠡᠭᠦᠨ ᠤ ᠬᠠᠮᠲᠤ ᠱᠠᠩᠬᠠᠢ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ︱ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠴᠢᠳᠠᠪᠤᠷᠢᠲᠠᠨ ᠢ ᠳᠡᠮᠵᠢᠬᠦ ᠪᠠ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠲᠥᠪ ᠪᠠᠶᠢᠭᠤᠯᠤᠭᠳᠠᠬᠤ ᠶᠣᠰᠣᠯᠠᠯ ᠶᠠᠪᠤᠭᠤᠯᠵᠠᠢ᠃
5.jpg
6.jpg
       ᠲᠤᠰ ᠤᠳᠠᠭᠠᠨ ᠤ ᠵᠣᠯᠭᠠᠭᠤᠯᠬᠤ ᠬᠤᠷᠠᠯ ᠢᠶᠠᠷ ᠳᠡᠮᠵᠢᠨ᠂ ᠮᠠᠨ ᠤ ᠣᠷᠣᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠳᠠᠪᠤᠷᠢᠲᠠᠨ ᠤ ᠰᠣᠯᠢᠯᠴᠠᠭ᠎ᠠ ᠪᠠ ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠲᠣᠬᠢᠷᠠᠯᠴᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠳᠠᠪᠤᠷᠢᠲᠠᠨ ᠤ ᠠᠵᠢᠯ ᠤᠨ ᠭᠠᠳᠠᠭᠰᠢ ᠭᠠᠷᠴᠤ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ᠂ ᠬᠠᠮᠲᠤ ᠪᠠᠷ ᠠᠰᠢᠭ ᠭᠥᠷᠳᠡᠬᠦ‍ ᠨᠢᠭᠡ ᠤᠳᠠᠭᠠᠨ ᠤ ᠠᠰᠢᠭᠲᠠᠢ ᠰᠦᠪᠡᠭᠴᠢᠯᠡᠯᠲᠡ ᠮᠥᠨ᠂ ᠮᠥᠨ ᠴᠦ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠢᠨ ᠠᠮᠢᠳᠤᠯᠢᠭ ᠦᠢᠯᠡᠳᠦᠯᠭᠡ ᠮᠥᠨ᠂ ᠡᠨᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠪᠡᠶᠡᠯᠡᠭᠦᠯᠬᠦ ᠳᠤ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠬᠤ ᠪᠣᠯᠣᠨ᠎ᠠ᠃
7.jpg
 
8.jpg
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号