ᠲᠢᠩᠬᠢᠮ ᠤᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2023/5/28
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨᠲᠦ ᠰᠠᠯᠠᠭ᠎ᠠ ᠮᠥᠴᠢᠷ᠂ ᠵᠢᠩᠬᠢᠨᠢ ᠲᠢᠩᠬᠢᠮ ᠤᠨ ᠳᠡᠰ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠳᠤ ᠪᠠᠶᠢᠷᠢᠯᠠᠭᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠨᠢ ᠨᠠᠮ ᠤᠨ ᠲᠥᠪ ᠬᠤᠷᠢᠶᠠᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢ ᠵᠣᠬᠢᠶᠠᠨ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢᠪᠦᠷᠢᠨᠰᠢᠭᠦᠯᠦᠨ᠎ᠡ᠃      ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠤᠭᠤᠷᠪᠢᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠦᠬᠦᠭᠡᠷᠦᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠪᠠ ᠦᠢᠯᠡᠳᠪᠦᠷᠢᠯᠡᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠠᠶᠢᠴᠢᠯᠠᠨ ᠵᠣᠬᠢᠴᠠᠭᠤᠯᠵᠤ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠵᠢᠯᠤᠭᠤᠳᠤᠨ᠎ᠠ᠃      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠮᠠᠯᠴᠢᠨ ᠲᠠᠷᠢᠶᠠᠴᠢᠨ ᠤ ᠭᠠᠵᠠᠷ ᠳᠠᠭᠠᠭᠠᠴᠢᠯᠠᠬᠤ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠴᠤ᠂ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢᠨ ᠡᠷᠭᠢᠯᠲᠡ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠠᠭᠤᠷᠠᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠬᠠᠮᠲᠤ ᠶᠢᠨ ᠦᠮᠴᠢᠯᠡᠯ ᠤᠨ ᠳᠦᠷᠢᠮ ᠤᠨ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠪᠣᠯᠤᠨ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠮᠠᠯᠴᠢᠨ ᠲᠠᠷᠢᠶᠠᠴᠢᠨ ᠤ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃ ᠮᠠᠯᠴᠢᠨ ᠲᠠᠷᠢᠶᠠᠴᠢᠨ ᠤ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠨ ᠤ ᠪᠡᠯᠡ ᠴᠤᠭᠯᠠᠭᠤᠯᠵᠤ ᠬᠥᠳᠡᠯᠮᠦᠷᠢ ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃      ︵ᠳᠦᠷᠪᠡ︶ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠣᠭᠲᠠᠭᠠᠬᠤ ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠣᠯᠤᠨ ᠠᠵᠤ ᠦᠢᠯᠡᠰᠵᠢᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃      ︵ᠲᠠᠪᠤ︶ ᠶᠡᠭᠡ ᠬᠡᠮᠵᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠵᠢᠭᠠᠰᠤᠨ ᠠᠵᠤ ᠦᠢᠯᠡᠰ ᠂ ᠠᠲᠠᠷ ᠬᠠᠭᠠᠯᠪᠤᠷᠢᠯᠠᠯᠲᠠ᠂ ᠲᠠᠷᠢᠶᠠᠯᠠᠩ ᠤᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠢ ᠵᠢᠯᠣᠭᠤᠳᠬᠤ ᠦᠢᠯᠡᠴᠢᠯᠡᠭᠡᠨ ᠪᠣᠯᠤᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠰᠦ ᠰᠠᠭᠠᠯᠢ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ ᠪᠣᠯᠤᠨ ᠭᠤᠤᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ᠂ ᠪᠠᠶᠢᠷᠢᠰᠢᠭᠤᠯᠤᠯ ᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠣᠭᠤᠳᠴᠤ᠂ ᠴᠢᠨᠠᠷᠯᠢᠭ ᠥᠨᠳᠥᠷ ᠦᠷ᠎ᠡ ᠠᠰᠢᠭᠲᠤ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃      ︵ᠳᠣᠯᠤᠭ᠎ᠠ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ  ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠪᠠᠶᠢᠳᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠨᠡᠶᠢᠲᠡ ᠳᠤ ᠬᠤᠤᠷᠳᠠᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠥᠬᠡᠶ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠭᠠᠵᠠᠷ ᠵᠦᠶ ᠶᠢᠨ ᠢᠯᠡᠷᠬᠡᠶᠢᠯᠡᠯᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠨᠠᠢᠮᠠ︶ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠵᠢᠭᠠᠰᠤᠨ ᠠᠵᠤ ᠠᠬᠤᠢ ᠶᠢᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠲᠦᠷᠦᠯ ᠤᠨ ᠡᠬᠢ ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠢᠭᠡᠳ ᠬᠠᠮᠢᠶᠠᠷᠤᠯᠲᠠ ᠶᠢ ᠵᠢᠯᠣᠭᠤᠳᠤᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ ᠠᠬᠤᠢ ᠶᠢᠨ ᠡᠷᠭᠢᠯᠳᠡᠲᠦ ᠲᠠᠷᠢᠶᠠᠯᠠᠩ ᠮᠠᠯ ᠠᠵᠤ ᠠᠬᠤᠶ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠵᠢᠴᠢ ᠮᠠᠯᠵᠢᠬᠤ ᠲᠠᠷᠢᠶᠠᠯᠠᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃      ︵ᠶᠢᠰᠦ︶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠡᠳ᠋ ᠤᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠡᠳ᠋ ᠤᠨ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠦᠷ᠎ᠡ ᠴᠢᠬᠢ︶᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠵᠢᠴᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠦᠷᠨᠢᠭᠦᠯᠦᠨ᠎ᠡ᠃ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠤᠨ ᠮᠠᠰᠢᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢᠬᠠᠷᠢᠭᠤᠴᠠᠨ᠎ᠠ᠃      ︵ᠠᠷᠪᠠ︶ ᠲᠠᠷᠢᠮᠠᠯ ᠪᠣᠯᠤᠨ ᠲᠡᠵᠢᠭᠡᠯ ᠡᠪᠡᠰᠦ᠂ ᠮᠠᠯ ᠵᠢᠭᠦᠷᠲᠡᠨ ᠪᠣᠯᠤᠨ ᠠᠮᠢᠳᠤ ᠪᠣᠳᠠᠰ ᠤᠨ ᠬᠢᠵᠢᠭ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠬᠢᠵᠢᠭ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠲᠡᠭᠦᠨ ᠳᠤ ᠬᠢᠨᠠᠯᠲᠠ ᠲᠠᠯᠪᠢᠵᠤ᠂ ᠬᠢᠵᠢᠭ ᠭᠡᠮ ᠤᠨ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠠᠯ ᠤᠨ ᠡᠮᠴᠢ ᠶᠢᠨ ᠡᠩᠨᠡᠭᠡ᠂ ᠮᠠᠯ ᠤᠨ ᠡᠮ ᠪᠣᠯᠤᠨ ᠨᠢᠲᠤᠯᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠮᠠᠯ ᠤᠨ ᠡᠮ᠂ ᠲᠡᠵᠢᠭᠡᠯ ᠡᠪᠡᠰᠦ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠪᠠ ᠲᠤᠬᠢᠷᠠᠭᠤᠯᠭ᠎ᠠ ᠶᠢ ᠵᠣᠬᠢᠶᠠᠨ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠤᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠪᠠᠴᠢᠮ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠵᠢᠯᠣᠭᠤᠳᠤᠨ᠎ᠠ᠃      ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠲᠤᠭᠤᠷᠪᠢᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠯᠥᠪᠯᠡᠭᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠲᠥᠰᠦᠪ ᠨᠠᠶᠢᠷᠠᠭᠤᠯᠤᠨ ᠮᠡᠳᠡᠭᠦᠯᠦᠨ᠎ᠡ᠃ ᠲᠣᠭᠳᠠᠭᠰᠠᠨ ᠡᠷᠬᠡ ᠮᠡᠳᠡᠯ ᠤᠨ ᠬᠢᠨᠠᠯᠲᠠ᠂ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠪᠠᠷ ᠯᠠᠪᠯᠠᠬᠤ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠶᠣᠰᠤᠭᠠᠷ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠰᠤᠷᠬᠤ ᠰᠤᠳᠤᠯᠬᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠦᠢᠯᠡᠳᠪᠦᠷᠢᠯᠡᠨ ᠡᠳ᠋ᠰᠢᠭᠦᠯᠬᠦ ᠵᠥᠪᠰᠢᠶᠡᠷᠡᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠲᠥᠷᠥᠯ ᠵᠦᠢᠯ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠦᠨ᠎ᠡ᠃      ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠦᠲᠦᠴᠢ ᠠᠵᠤ ᠠᠬᠤᠶᠢᠯᠠᠯ ᠤᠨ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠪᠣᠯᠤᠨ ᠨᠡᠭᠡᠭᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭ᠎ᠠ ᠶᠢᠨ ᠠᠵᠢᠯ ᠢ ᠳᠠᠶᠢᠴᠢᠯᠠᠨ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠶᠢ ᠲᠤᠰᠠᠯᠠᠬᠤ ᠬᠠᠮᠢᠶ᠎ᠠ ᠪᠦᠬᠦᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠳᠣᠲᠣᠭᠠᠳᠤ ᠪᠠᠶᠢᠭᠤᠯᠤᠮᠵᠢ ᠄      ︵ᠨᠢᠭᠡ︶ ᠠᠯᠪᠠᠨ ᠭᠡᠷ ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠵᠢᠴᠢ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ ᠨᠢᠭᠤᠴᠠ ᠮᠡᠳᠡᠭᠡ᠂ ᠳᠠᠩᠰᠠ ᠡᠪᠬᠡᠮᠡᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ ᠲᠢᠩᠬᠢᠮ ᠤᠨ ᠰᠢᠰᠲ᠋ᠧᠮ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠠᠶᠤᠯᠭᠦᠢ ᠦᠶ᠋ᠯᠡᠳᠪᠦᠷᠢᠯᠡᠯ ᠤᠨ ᠠᠵᠢᠯ ᠢ ᠲᠣᠯᠤᠭᠠᠶᠢᠯᠠᠨ ᠵᠢᠯᠤᠭᠤᠳᠤᠨ᠎ᠠ᠃      ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ ᠄ ᠪᠠᠶᠢᠭᠤᠯᠭ᠎ᠠ ᠪᠣᠯᠤᠨ ᠲᠢᠩᠬᠢᠮ ᠤᠨ ᠬᠠᠷᠢᠶ᠎ᠠ ᠪᠠᠶᠢᠭᠤᠯᠭ᠎ᠠ ᠨᠢᠭᠡᠴᠢ ᠶᠢᠨ ᠺᠠᠳ᠋ᠷ ᠤᠨ ᠬᠠᠮᠢᠶᠠᠷᠤᠯᠲᠠ᠂ ᠬᠢᠨᠠᠨ ᠰᠢᠯᠭᠠᠵᠤ ᠲᠣᠮᠢᠯᠠᠨ ᠪᠠᠭᠤᠯᠭᠠᠬᠤ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠶᠢᠨ ᠨᠢᠭᠡᠳᠦᠯᠲᠡᠶ ᠲᠥᠯᠥᠪᠵᠢᠭᠦᠯᠪᠡ ᠪᠣᠯᠤᠨ ᠬᠥᠮᠦᠵᠢᠯ ᠪᠣᠯᠪᠠᠰᠤᠷᠠᠯ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠤᠷᠠᠯ ᠢ ᠦᠷᠨᠢᠭᠦᠯᠦᠨ᠎ᠡ᠃      ︵ᠭᠤᠷᠪᠠ︶ ᠬᠠᠤᠯᠢ ᠲᠣᠭᠲᠠᠭᠠᠯ ᠤᠨ ᠭᠠᠵᠠᠷ ᠄ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ  ᠢ ᠲᠤᠭᠤᠷᠪᠢᠬᠤ ᠶᠢ ᠵᠣᠬᠢᠶᠠᠨ ᠪᠠᠶᠢᠭᠤᠯᠤᠨ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠣᠷᠣᠨ ᠪᠦᠰᠡ ᠠᠯᠤᠰᠯᠠᠭᠰᠠᠨ ᠬᠠᠤᠯᠢ ᠬᠡᠷᠡᠭᠵᠢᠭᠦᠯᠬᠦ ᠠᠵᠢᠯ ᠢ ᠵᠤᠬᠢᠴᠠᠭᠤᠯᠤᠨ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠢᠯᠣᠭᠤᠳᠴᠤ᠂ ᠰᠢᠰᠲ᠋ᠧᠮ ᠤᠨ ᠳᠣᠲᠤᠭᠠᠳᠤ ᠳᠠᠬᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠢ ᠥᠷᠨᠢᠭᠦᠯᠦᠨ᠎ᠡ᠃      ︵ᠳᠦᠷᠪᠡ︶ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠭᠠᠵᠠᠷ ᠄ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠠᠨᠠᠭᠠᠴᠢᠯᠠᠨ ᠳᠤᠷᠠᠳᠤᠨ᠎ᠠ᠃ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠷᠥ  ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠯᠲᠠ ᠲᠠᠯᠪᠢᠨ ᠵᠢᠯᠣᠭᠤᠳᠤᠨ᠎ᠠ᠃      ︵ᠲᠠᠪᠤ︶ ᠬᠦᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠷᠦ ᠶᠢᠨ ᠪᠣᠳᠣᠯᠭ᠎ᠠ ᠶᠢᠨ ᠰᠠᠨᠠᠯ ᠰᠠᠨᠠᠭᠤᠯᠤᠮᠵᠢ ᠶᠢ ᠳᠤᠷᠠᠳᠤᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠳᠤᠮᠳᠠ ᠬᠤᠭᠤᠴᠠᠭ᠎ᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ᠎ᠡ᠃ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠣᠷᠣᠨ ᠤ ᠬᠤᠪᠢᠶᠠᠷᠢᠯᠠᠯ ᠪᠣᠯᠤᠨ ᠠᠯᠤᠰ ᠮᠡᠳᠡᠷᠡᠮᠵᠢ ᠶᠢᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ ᠪᠣᠯᠤᠨ ᠪᠦᠲᠦᠴᠡ ᠶᠢᠨ ᠲᠣᠬᠢᠷᠠᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠲᠥᠯᠥᠪᠯᠡᠭᠡ ᠬᠢᠭᠡᠳ ᠡᠳ᠋ ᠤᠨ ᠶᠠᠪᠤᠳᠠᠯ ᠤᠨ ᠭᠠᠵᠠᠷ ᠄ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠲᠡᠳᠬᠦᠬᠦ ᠡᠳ᠋  ᠤᠨ ᠵᠠᠰᠠᠭ ᠤᠨ ᠲᠥᠷᠥ ᠶᠢᠨ ᠪᠣᠳᠣᠯᠭ᠎ᠠ ᠪᠣᠯᠤᠨ ᠲᠥᠷᠥᠯ ᠵᠦᠢᠯ ᠤᠨ ᠰᠠᠨᠠᠭᠤᠯᠭ᠎ᠠ ᠳᠤᠷᠠᠳᠴᠤ᠂ ᠣᠨ ᠤ ᠲᠥᠷᠥᠯ ᠵᠦᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠡᠯᠡ ᠤᠷᠤᠭᠤᠯᠤᠯᠲᠠ ᠶᠢᠨ ᠬᠡᠪᠴᠢᠶ᠎ᠡ᠂ ᠴᠢᠭᠯᠡᠯ ᠤᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠮᠡᠳᠡᠭᠦᠯᠬᠦ ᠪᠥᠭᠡᠳ ᠵᠣᠬᠢᠶᠠᠨ ᠪᠠᠶᠢᠭᠤᠯᠤᠨ ᠭᠦᠢᠴᠡᠳᠭᠡᠨ᠎ᠡ ᠃ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡ ᠂ ᠢᠲᠡᠭᠡᠮᠵᠢᠲᠦ ᠵᠢᠭᠡᠯᠡᠯᠭᠡ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠤᠯᠴᠠᠨ᠎ᠠ᠃ ᠪᠠᠶᠢᠭᠤᠯᠭ᠎ᠠ ᠵᠢᠴᠢ ᠲᠢᠩᠬᠢᠮ ᠤᠨ ᠬᠠᠷᠢᠶ᠎ᠠ ᠪᠠᠶᠢᠭᠤᠯᠭ᠎ᠠ ᠨᠢᠭᠡᠴᠢ ᠶᠢᠨ ᠡᠳ᠋ ᠤᠨ ᠶᠠᠪᠤᠳᠠᠯ᠂ ᠤᠯᠤᠰ ᠠᠴᠠ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃ ᠰᠢᠰᠲ᠋ᠧᠮ ᠤᠨ ᠳᠣᠲᠣᠭᠠᠳᠤ ᠶᠢᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠳᠣᠯᠤᠭ᠎ᠠ︶ ᠬᠥᠳᠡᠭᠡ ᠲᠣᠰᠬᠤᠨ ᠤ ᠠᠵᠤ ᠦᠢᠯᠡᠰ ᠤᠨ ᠬᠦᠭᠵᠢᠭᠦᠯᠦᠯᠲᠡ ᠶᠢᠨ ᠭᠠᠵᠠᠷ ᠄ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠵᠤᠬᠢᠴᠠᠭᠤᠯᠤᠨ ᠵᠣᠬᠢᠶᠠᠨ ᠪᠠᠶᠢᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ᠂ ᠣᠨᠴᠠᠯᠢᠭᠲᠤ ᠠᠵᠤ ᠦᠢᠯᠡᠰ ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠪᠣᠯᠤᠨ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠬᠥᠭᠵᠢᠯᠲᠡ ᠵᠡᠷᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠬᠥᠭᠵᠢᠯᠲᠡ ᠶᠢᠨ ᠲᠥᠷᠥ ᠶᠢᠨ ᠪᠣᠳᠣᠯᠭ᠎ᠠ ᠰᠠᠨᠠᠯ ᠰᠠᠨᠠᠭᠤᠯᠤᠮᠵᠢ  ᠶᠢ ᠳᠤᠷᠠᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠠᠰᠢᠭ ᠲᠤᠰᠠ ᠶᠢᠨ ᠬᠤᠯᠪᠤᠭᠠᠯᠠᠯ ᠤᠨ ᠲᠣᠭᠲᠠᠴᠠ ᠶᠢ ᠪᠠᠶᠢᠭᠤᠯᠬᠤ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯ ᠥᠷᠨᠢᠭᠦᠯᠬᠦ ᠶᠢ ᠵᠢᠯᠣᠭᠤᠳᠤᠨ᠎ᠠ᠃      ︵ᠨᠠᠢᠮᠠ︶ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠢ ᠠᠬᠢᠭᠤᠯᠬᠤ ᠭᠠᠵᠠᠷ ᠄ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ᠂ ᠠᠶᠢᠯ ᠲᠣᠰᠬᠤᠨ ᠢ ᠴᠡᠭᠴᠡᠯᠡᠨ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠨᠢᠭᠡᠳᠦᠯᠲᠡᠢ ᠲᠦᠯᠦᠪᠯᠡᠨ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠣᠯᠤᠨ ᠰᠢᠯᠢᠳᠡᠭ ᠲᠠᠷᠢᠶᠠᠯᠠᠭ᠎ᠠ ᠶᠢᠨ ᠰᠣᠶᠣᠯ᠂ ᠨᠤᠲᠤᠭ ᠪᠡᠯᠴᠢᠭᠡᠷ  ᠤᠨ ᠰᠣᠶᠣᠯ ᠤᠨ ᠪᠠᠶᠢᠭᠤᠯᠤᠯᠲᠠ ᠶᠢ ᠵᠢᠯᠤᠭᠤᠳᠤᠨ᠎ᠠ᠃      ︵ᠶᠢᠰᠦ︶ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠠᠵᠤ ᠠᠬᠤᠢ ᠶᠢᠨ ᠵᠢᠯᠣᠭᠤᠳᠬᠤ ᠭᠠᠵᠠᠷ ᠄ ᠬᠥᠳᠡᠭᠡ ᠲᠣᠰᠬᠤᠨ ᠤ ᠴᠡᠭᠴᠡᠯᠡᠨ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠮᠠᠯᠴᠢᠨ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠠ ︽ᠨᠢᠭᠡ ᠶᠠᠪᠤᠳᠠᠯ ᠢ ᠨᠢᠭᠡ ᠵᠥᠪᠯᠡᠬᠦ︾ ᠪᠡᠯᠡ ᠴᠤᠭᠯᠠᠭᠤᠯᠵᠤ ᠬᠥᠳᠡᠯᠮᠦᠷᠢ ᠬᠦᠴᠦ ᠴᠤᠭᠯᠠᠭᠤᠯᠬᠤ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠪᠣᠯᠤᠨ ᠮᠠᠯᠴᠢᠨ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠭᠠᠵᠠᠷ ᠢ ᠬᠤᠪᠢᠶᠠᠷᠢᠯᠠᠬᠤ᠂ ᠬᠡᠷᠡᠭᠯᠡᠬᠦ᠂ ᠰᠢᠯᠵᠢᠭᠦᠯᠬᠦ᠂ ᠵᠢᠭᠤᠷᠠᠯᠳᠤᠭᠠᠨ ᠢ ᠬᠥᠨᠳᠡᠯᠡᠨ  ᠠᠴᠠ ᠲᠠᠰᠤᠯᠬᠤ ᠬᠠᠮᠢᠶᠠᠷᠤᠯᠲᠠ ᠪᠣᠯᠤᠨ ᠣᠷᠣᠨ ᠰᠠᠭᠤᠴᠠ ᠶᠢᠨ ᠭᠠᠵᠠᠷ ᠢ ᠵᠦᠶ ᠵᠣᠬᠢᠰᠲᠠᠶ ᠪᠠᠶᠢᠷᠢᠰᠢᠭᠤᠯᠬᠤ᠂ ᠭᠠᠵᠠᠷ ᠬᠡᠷᠡᠭᠯᠡᠬᠦ ᠪᠠᠷᠢᠮᠵᠢᠶ᠎ᠠ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠡᠷᠡᠭᠯᠡᠬᠦ ᠦᠭᠡᠢ ᠰᠡᠯᠡᠭᠦᠦ ᠪᠠᠶᠢᠭ᠎ᠠ ᠣᠷᠣᠨ ᠰᠠᠭᠤᠴᠠ ᠶᠢᠨ ᠭᠠᠵᠠᠷ ᠪᠣᠯᠤᠨ ᠬᠡᠷᠡᠭᠯᠡᠬᠦ ᠦᠭᠡᠢ ᠪᠠᠶᠢᠭ᠎ᠠ ᠲᠠᠷᠢᠶᠠᠴᠢᠳ ᠤᠨ ᠭᠡᠷ ᠪᠠᠶᠢᠰᠢᠩ ᠢ ᠠᠰᠢᠭᠯᠠᠬᠤ ᠶᠢ ᠵᠢᠯᠣᠭᠤᠳᠤᠨ᠎ᠠ᠃      ︵ᠠᠷᠪᠠ︶ ᠵᠠᠬ᠎ᠠ ᠳᠡᠯᠭᠡᠭᠦᠷ ᠬᠢᠭᠡᠳ ᠭᠠᠳᠠᠭᠠᠳᠤ ᠬᠠᠮᠲᠤᠷᠠᠯᠴᠠᠭᠠᠨ ᠤ ᠭᠠᠵᠠᠷ ᠄ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢᠨ ᠰᠢᠰᠲ᠋ᠧᠮᠵᠢ᠂ ᠪᠦᠬᠦ ᠣᠷᠣᠨ ᠤ ᠶᠡᠭᠡ ᠬᠡᠮᠵᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠪᠠ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢᠨ ᠠᠵᠢᠯ ᠢ ᠬᠠᠷᠢᠭᠤᠴᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢᠨ ᠵᠠᠳᠠᠯᠤᠯᠲᠠ ᠪᠣᠯᠤᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠪᠣᠯᠤᠨ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃       ︵ᠠᠷᠪᠠᠨ ᠨᠢᠭᠡ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠄ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ  ᠢ ᠲᠤᠭᠤᠷᠪᠢᠬᠤ ᠶᠢ ᠬᠠᠷᠢᠭᠤᠴᠠᠵᠤ᠂ ᠵᠢᠷᠤᠮᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠳᠣᠷᠬᠠᠶ ᠱᠠᠭᠠᠷᠳᠠᠭᠰᠠᠨ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ ᠬᠡᠷᠡᠭᠵᠢᠭᠦᠯᠬᠦ ᠴᠢᠬᠤᠯᠠᠲᠠᠶ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠤᠭᠤᠳᠤᠨ᠎ᠠ︔ ᠪᠦᠬᠦ ᠣᠷᠣᠨ ᠤ ᠴᠢᠨᠠᠷᠲᠠᠶ᠂ ᠣᠷᠣᠨ ᠪᠦᠰᠡ ᠠᠯᠤᠰᠯᠠᠭᠰᠠᠨ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠪᠠ ᠰᠢᠮᠳᠠᠭᠤᠯᠤᠨ ᠰᠢᠢᠳᠪᠦᠷᠢᠯᠡᠭᠦᠯᠦᠨ᠎ᠡ ︔ ᠪᠦᠬᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠲᠤ ᠴᠣᠬᠢᠯᠲᠠ ᠥᠭᠬᠦ᠂ ᠲᠠᠷᠢᠶᠠᠯᠠᠩ ᠮᠠᠯ ᠠᠵᠤ ᠠᠬᠤᠶ ᠳᠠᠬᠢ ᠣᠷᠣᠭᠤᠯᠤᠯᠲᠠ ᠡᠳ᠋ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶ᠎ᠡ ᠴᠠᠷᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠪᠤᠳᠠᠯ ᠳᠤ ᠴᠣᠬᠢᠯᠲᠠ ᠥᠭᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠥᠷᠨᠢᠭᠦᠯᠦᠨ᠎ᠡ︔ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠨ᠎ᠡ᠃      ︵ᠠᠷᠪᠠᠨ ᠬᠤᠶᠠᠷ︶ ᠰᠢᠨᠵᠢᠯᠡᠭᠡ ᠮᠡᠷᠭᠡᠵᠢᠯ ᠰᠤᠷᠭᠠᠨ ᠬᠥᠮᠦᠵᠢᠯ ᠤᠨ ᠭᠠᠵᠠᠷ ᠄ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠵᠢᠴᠢ ᠬᠠᠮᠢᠶ᠎ᠠ ᠪᠦᠬᠦᠢ ᠰᠢᠰᠲ᠋ᠧᠮᠵᠢ ᠶᠢᠨ ᠪᠠᠶᠢᠭᠤᠯᠤᠯᠲᠠ᠂ ᠰᠤᠳᠣᠯᠭᠠᠨ᠂ ᠮᠡᠷᠭᠡᠵᠢᠯ ᠣᠷᠣᠭᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ  ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠪᠠ ᠭᠠᠳᠠᠨ᠎ᠠ ᠠᠴᠠ ᠢᠷᠡᠭᠰᠡᠨ ᠡᠭᠦᠯᠳᠡᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠬᠢᠭᠡᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ᠂ ᠡᠨᠧᠷᠭᠢ ᠠᠷᠪᠢᠯᠠᠨ ᠪᠣᠬᠢᠷᠲᠤᠯ ᠤᠨ ᠭᠠᠳᠠᠭᠰᠢᠯᠠᠯᠲᠠ ᠶᠢ ᠪᠠᠭᠠᠰᠬᠠᠬᠤ᠂ ᠠᠷᠢᠭᠤᠨ ᠴᠡᠪᠡᠷ ᠦᠢᠯᠡᠳᠪᠦᠷᠢᠯᠡᠯ ᠪᠣᠯᠤᠨ ᠠᠮᠢ ᠠᠬᠤᠢ ᠶᠢᠨ ᠡᠷᠭᠢᠯᠳᠡᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠶᠢ ᠵᠢᠯᠣᠭᠤᠳᠤᠨ᠎ᠠ᠃      ︵ᠠᠷᠪᠠᠨ ᠭᠤᠷᠪᠠ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠭᠠᠵᠠᠷ ᠄ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠪᠣᠯᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ᠂ ᠬᠢᠨᠠᠨ ᠬᠡᠮᠵᠢᠬᠦ᠂ ᠮᠦᠷᠳᠡᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠠᠷᠪᠠᠨ ᠳᠦᠷᠪᠡ︶ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠄ ᠪᠦᠬᠦ ᠣᠷᠣᠨ ᠤ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠮᠠᠯ ᠤᠨ ᠦᠢᠯᠡᠰ ᠤᠨ ᠪᠦᠲᠦᠴᠡ ᠪᠣᠯᠤᠨ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ ᠵᠢᠴᠢ ᠪᠠᠷᠢᠮᠵᠢᠶᠠᠵᠢᠭᠰᠠᠨ ᠦᠢᠯᠡᠳᠪᠦᠷᠢᠯᠡᠯ ᠢ ᠵᠢᠯᠣᠭᠤᠳᠴᠤ᠂ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢ ᠲᠣᠬᠢᠷᠠᠭᠤᠯᠤᠨ᠎ᠠ᠃ ᠪᠣᠷᠳᠣᠭᠤᠷ ᠤᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠵᠢᠴᠢ ᠲᠠᠷᠢᠶᠠᠨ ᠡᠮ ᠦᠢᠯᠡᠳᠪᠦᠷᠢᠯᠡᠬᠦ ᠂ ᠡᠵᠡᠩᠨᠡᠬᠦ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠨ ᠡᠮ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠡᠷᠡᠭᠯᠡᠬᠦ ᠶᠢ ᠵᠢᠯᠣᠭᠤᠳᠤᠨ᠎ᠠ᠃ ᠤᠯᠤᠰ ᠤᠨ ᠳᠣᠲᠣᠭᠠᠳᠤ ᠶᠢᠨ ᠪᠠ ᠬᠢᠯᠢ ᠪᠠᠷ ᠣᠷᠣᠵᠤ ᠭᠠᠷᠬᠤ ᠤᠷᠭᠤᠮᠠᠯ ᠤᠨ ᠬᠢᠵᠢᠭ ᠪᠠᠶᠢᠴᠠᠭᠠᠯᠲᠠ᠂ ᠲᠠᠷᠢᠮᠠᠯ ᠤᠨ ᠴᠢᠬᠤᠯᠠ ᠶᠡᠭᠡ ᠭᠡᠮ ᠬᠢᠵᠢᠭ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠮᠠᠯ ᠠᠵᠤ ᠠᠬᠤᠢ ᠶᠢᠨ ᠲᠣᠪᠴᠢᠶ᠎ᠠ ᠄ ᠮᠠᠯ ᠠᠵᠤ ᠠᠬᠤᠶ ᠪᠠ ᠮᠠᠯ ᠵᠢᠭᠦᠷᠲᠡᠨ ᠢ ᠨᠢᠲᠤᠯᠠᠬᠤ ᠠᠵᠢᠯ ᠲᠥᠷᠥᠯ ᠤᠨ ᠬᠠᠮᠢᠶ᠎ᠠ ᠪᠦᠬᠦᠢ ᠳᠦᠷᠢᠮ ᠬᠢᠭᠡᠳ ᠳᠦᠷᠢᠮᠵᠢᠯ ᠢ ᠲᠤᠭᠤᠷᠪᠢᠨ᠎ᠡ᠃ ᠮᠠᠯ ᠠᠵᠤ ᠠᠬᠤᠶ᠂ ᠰᠦ ᠰᠠᠭᠠᠯᠢ ᠶᠢᠨ ᠦᠢᠯᠡᠰ᠂ ᠮᠠᠯ ᠵᠢᠭᠦᠷᠲᠡᠨ ᠢ ᠨᠢᠲᠤᠯᠠᠬᠤ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠣᠭᠲᠠᠭᠠᠨ᠎ᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠢᠯᠣᠭᠤᠳᠤᠨ᠎ᠠ᠃ ᠮᠠᠯ ᠵᠢᠭᠦᠷᠲᠡᠨ ᠢ ᠨᠢᠲᠤᠯᠠᠬᠤ᠂ ᠲᠦᠭᠦᠬᠡᠶ ᠰᠦ ᠶᠢᠨ ᠦᠢᠯᠡᠳᠪᠦᠷᠢᠯᠡᠯ ᠬᠢᠭᠡᠳ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠶᠤᠯᠭᠦᠢ ᠶᠢ ᠬᠢᠨᠠᠨ ᠬᠠᠮᠢᠶᠠᠷᠤᠨ᠎ᠠ᠃ ᠮᠠᠯ ᠠᠵᠤ ᠠᠬᠤᠶ᠂ ᠰᠦ ᠰᠠᠭᠠᠯᠢ ᠶᠢᠨ ᠦᠢᠯᠡᠰ᠂ ᠮᠠᠯ ᠵᠢᠭᠦᠷᠲᠡᠨ ᠢ ᠨᠢᠲᠤᠯᠠᠬᠤ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠮᠠᠯ ᠡᠮᠨᠡᠯᠭᠡ ᠶᠢᠨ ᠲᠣᠪᠴᠢᠶ᠎ᠠ ᠄ ᠮᠠᠯ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠮᠠᠯ ᠡᠮᠨᠡᠯᠭᠡ ᠶᠢᠨ ᠡᠮᠨᠡᠯᠭᠡ ᠶᠢᠨ ᠶᠠᠪᠤᠳᠠᠯ᠂ ᠮᠠᠯ ᠤᠨ ᠡᠮ ᠤᠨ ᠶᠠᠪᠤᠳᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠮᠠᠯ ᠤᠨ ᠡᠮ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠢ ᠵᠢᠯᠣᠭᠤᠳᠤᠨ᠎ᠠ᠃ ᠠᠮᠢᠲᠠᠨ ᠤ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ᠂ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠠᠮᠤᠷ ᠲᠦᠪᠰᠢᠨ᠂ ᠠᠮᠢᠲᠠᠨ ᠤ ᠡᠷᠡᠭᠦᠯ ᠬᠠᠮᠠᠭᠠᠯᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠠᠯᠪᠠᠨ ᠤ ᠮᠠᠯ ᠤᠨ ᠡᠮᠴᠢ᠂ ᠲᠤᠬᠠᠶᠢᠯᠠᠭᠰᠠᠨ ᠠᠵᠢᠯ ᠤᠨ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠤᠨ ᠡᠮᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠳᠣᠯᠤᠭ᠎ᠠ︶ ᠲᠡᠵᠢᠭᠡᠯ ᠡᠪᠡᠰᠦ ᠪᠣᠷᠳᠤᠭ᠎ᠠ ᠶᠢᠨ ᠭᠠᠵᠠᠷ ᠄ ᠲᠡᠵᠢᠭᠡᠯ ᠡᠪᠡᠰᠦ ᠪᠣᠷᠳᠤᠭ᠎ᠠ ᠶᠢᠨ ᠡᠬᠢ ᠪᠠᠶᠠᠯᠢᠭ ᠢ ᠬᠠᠮᠠᠭᠠᠯᠠᠬᠤ ᠵᠢᠴᠢ ᠵᠦᠶ ᠵᠣᠬᠢᠰᠲᠠᠶ ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠲᠡᠵᠢᠭᠡᠯ ᠡᠪᠡᠰᠦ ᠪᠣᠷᠳᠤᠭ᠎ᠠ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠡᠵᠢᠭᠡᠯ ᠪᠣᠷᠳᠤᠭ᠎ᠠ ᠪᠣᠯᠤᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠪᠠ ᠠᠶᠤᠯᠬᠦᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠬᠢᠨᠠᠨ ᠬᠠᠮᠢᠶᠠᠷᠤᠨ᠎ᠠ᠃ ᠲᠡᠵᠢᠭᠡᠯ ᠪᠣᠷᠳᠤᠭ᠎ᠠ ᠪᠣᠯᠤᠨ ᠠᠮᠢᠳᠤ ᠮᠠᠯ ᠤᠨ ᠲᠡᠵᠢᠭᠡᠯᠭᠡ ᠶᠢᠨ ᠶᠠᠪᠤᠴᠠ ᠳᠠᠬᠢ ᠬᠠᠤᠯᠢ ᠪᠤᠰᠤ ᠨᠡᠮᠡᠯᠲᠡ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠡᠵᠢᠭᠡᠯ ᠡᠪᠡᠰᠦ ᠪᠣᠷᠳᠤᠭ᠎ᠠ ᠶᠢᠨ ᠰᠣᠳᠤᠯᠭᠠᠨ ᠪᠣᠯᠤᠨ ᠮᠡᠷᠭᠡᠵᠢᠯ ᠳᠡᠯᠭᠡᠷᠡᠭᠦᠯᠬᠦ ᠲᠥᠷᠥᠯ ᠵᠦᠢᠯ ᠢ ᠰᠤᠩᠭᠤᠬᠤ ᠵᠢᠴᠢ ᠬᠡᠷᠡᠭᠵᠢᠭᠦᠯᠦᠯᠲᠡ ᠶᠢ ᠵᠤᠬᠢᠶᠠᠨ ᠪᠠᠶᠢᠭᠤᠯᠤᠨ᠎ᠠ᠃ ᠲᠡᠵᠢᠭᠡᠯ ᠡᠪᠡᠰᠦ ᠪᠣᠷᠳᠤᠭ᠎ᠠ ᠶᠢᠨ ᠠᠵᠢᠯ ᠲᠥᠷᠥᠯ ᠤᠨ ᠠᠵᠤ ᠠᠬᠤᠶ᠂ ᠮᠡᠷᠭᠡᠵᠢᠯ ᠤᠨ ᠮᠡᠳᠡᠭᠡ ᠵᠠᠩᠭᠢ ᠶᠢᠨ ᠠᠵᠢᠯ ᠢ ᠬᠠᠮᠢᠶᠠᠷᠤᠨ᠎ᠠ᠃ ᠲᠡᠵᠢᠭᠡᠯ ᠡᠪᠡᠰᠦ ᠶᠢᠨ ᠰᠢᠯᠢᠳᠡᠭ ᠡᠭᠦᠯᠳᠡᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠪᠠᠷᠢᠮᠵᠢᠶᠠᠵᠢᠭᠰᠠᠨ ᠬᠡᠪᠴᠢᠶᠡᠵᠢᠭᠰᠡᠨ ᠦᠢᠯᠡᠳᠪᠦᠷᠢᠯᠡᠯ᠂ ᠡᠳ᠋ᠰᠢᠭᠦᠯᠬᠦ ᠬᠦᠢᠯᠭᠡᠭᠡᠯᠬᠦ ᠪᠤᠯᠤᠨ ᠨᠦᠭᠡᠴᠡᠯᠡᠬᠦ ᠶᠢ ᠵᠢᠯᠣᠭᠤᠳᠤᠨ᠎ᠠ᠃      ︵ᠠᠷᠪᠠᠨ ᠨᠠᠢᠮᠠ︶ ᠵᠢᠭᠠᠰᠤᠨ ᠠᠵᠤ ᠦᠢᠯᠡᠰ ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠄ ᠵᠢᠭᠠᠰᠤᠨ ᠠᠵᠤ ᠦᠢᠯᠡᠰ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠪᠢᠴᠢᠨ᠎ᠡ᠃ ᠵᠢᠭᠠᠰᠤᠨ ᠠᠵᠤ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠬᠠᠷᠢᠭᠤᠴᠠᠨ ᠬᠡᠷᠡᠭᠵᠢᠭᠦᠯᠦᠨ᠎ᠡ᠃ ᠵᠢᠭᠠᠰᠤᠨ ᠠᠵᠤ ᠦᠢᠯᠡᠰ ᠤᠨ ᠡᠬᠢ ᠪᠠᠶᠠᠯᠢᠭ ᠢ ᠬᠠᠮᠠᠭᠠᠯᠠᠵᠤ᠂ ᠵᠦᠶ ᠵᠣᠬᠢᠰᠲᠠᠶ ᠪᠠᠷ ᠨᠡᠭᠡᠭᠡᠨ ᠠᠰᠢᠭᠯᠠᠨ᠎ᠠ᠃ ᠤᠰᠤᠨ ᠤ ᠠᠮᠢᠲᠠᠨ ᠤᠷᠭᠤᠮᠠᠯ ᠤᠨ ᠬᠢᠵᠢᠭ ᠭᠡᠮ ᠬᠤᠷᠤᠬᠠᠢ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠵᠣᠬᠢᠶᠠᠨ ᠪᠠᠶᠢᠭᠤᠯᠵᠤ᠂ ᠤᠰᠤᠨ ᠭᠠᠷᠤᠯᠲᠠ ᠶᠢᠨ ᠡᠷᠡᠭᠦᠯ ᠲᠡᠵᠢᠭᠡᠯᠭᠡ ᠪᠠ ᠤᠰᠤᠨ ᠭᠠᠷᠤᠯᠲᠠ ᠶᠢᠨ ᠪᠦᠲᠦᠭᠡᠭᠳᠡᠬᠦᠨ ᠢ ᠡᠳ᠋ᠰᠢᠭᠦᠯᠦᠨ ᠬᠦᠢᠯᠭᠡᠯᠭᠡᠭᠡᠯᠡᠬᠦ ᠶᠢ ᠵᠢᠯᠣᠭᠤᠳᠤᠨ᠎ᠠ᠃ ᠵᠢᠭᠠᠰᠤᠨ ᠤ ᠶᠠᠪᠤᠳᠠᠯ ᠵᠢᠭᠠᠰᠤᠨ ᠤ ᠭᠠᠷᠠᠮ ᠢ ᠬᠢᠨᠠᠯᠲᠠ ᠲᠠᠯᠪᠢᠵᠤ ᠬᠠᠮᠢᠶᠠᠷᠤᠨ᠎ᠠ᠃ ᠵᠢᠭᠠᠰᠤᠨ ᠠᠵᠤ ᠦᠢᠯᠡᠰ ᠤᠨ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠵᠢᠴᠢ ᠵᠡᠷᠯᠢᠭ ᠤᠰᠤᠨ ᠤ ᠠᠮᠢᠲᠠᠨ ᠤᠷᠭᠤᠮᠠᠯ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ᠎ᠠ᠃ ᠵᠢᠭᠠᠰᠤᠨ ᠠᠵᠤ ᠦᠢᠯᠡᠰ ᠤᠨ ᠠᠶᠤᠯᠭᠦᠢ ᠦᠢᠯᠡᠳᠪᠦᠷᠢᠯᠡᠯ ᠢ ᠵᠢᠯᠣᠭᠤᠳᠤᠨ᠎ᠠ᠃      ︵ᠠᠷᠪᠠᠨ ᠶᠢᠰᠦ︶ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠄ ᠠᠲᠠᠷ ᠬᠠᠭᠠᠯᠪᠤᠷᠢᠯᠠᠯᠲᠠ ᠶᠢᠨ ᠣᠷᠣᠨ ᠤ ᠠᠵᠤ ᠠᠬᠤᠶ ᠳᠤ ᠬᠤᠷᠸ᠎ᠠ ᠵᠢᠯᠣᠭᠤᠳᠤᠯᠭ᠎ᠠ ᠶᠠᠪᠤᠭᠤᠯᠵᠤ᠂ ᠠᠲᠠᠷ ᠬᠠᠭᠠᠯᠪᠤᠷᠢᠯᠠᠯᠲᠠ ᠶᠢᠨ ᠣᠷᠣᠨ ᠤ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠪᠡ᠂ ᠣᠨ ᠤ ᠲᠥᠯᠥᠪᠯᠡᠭᠡ ᠶᠢ ᠲᠥᠯᠥᠪᠯᠡᠨ ᠲᠣᠭᠲᠠᠭᠠᠨ᠎ᠠ᠃ ᠤᠯᠤᠰ ᠤᠨ ᠦᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠠᠲᠠᠷ ᠬᠠᠭᠠᠯᠪᠤᠷᠢᠯᠠᠯᠲᠠ ᠶᠢᠨ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠬᠤ ᠲᠥᠯᠥᠪᠯᠡᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠵᠢᠯᠣᠭᠤᠳᠤᠨ᠎ᠠ᠃      ︵ᠬᠤᠷᠢ︶ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠄ ᠲᠠᠷᠢᠮᠠᠯ ᠤᠨ ᠵᠦᠢᠯᠡᠰ᠂ ᠲᠡᠵᠢᠭᠡᠯ ᠡᠪᠡᠰᠦ ᠪᠠ ᠮᠠᠯ ᠵᠢᠭᠦᠷᠲᠡᠨ ᠤᠰᠤᠨ ᠭᠠᠷᠤᠯᠲᠠ ᠶᠢᠨ ᠦᠷ᠎ᠡ ᠶᠢᠨ ᠦᠢᠯᠡᠰ ᠤᠨ ᠬᠦᠭᠵᠢᠯᠲᠡ ᠶᠢᠨ ᠲᠥᠷᠦ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠲᠠᠷᠢᠮᠠᠯ ᠤᠨ ᠵᠦᠢᠯᠡᠰ᠂ ᠲᠡᠵᠢᠭᠡᠯ ᠡᠪᠡᠰᠦᠨ ᠤ ᠦᠷ᠎ᠡ ᠪᠣᠯᠤᠨ ᠮᠠᠯ ᠵᠢᠭᠦᠷᠲᠡᠨ ᠤ ᠰᠢᠯᠢᠳᠡᠭ ᠡᠭᠦᠯᠳᠡᠷ᠂ ᠢᠴᠡᠭᠡᠯ ᠦᠷ᠎ᠡ᠂ ᠬᠦᠪᠦᠷᠡᠯ ᠤᠨ ᠬᠠᠮᠢᠶᠠᠷᠤᠯᠲᠠ ᠪᠣᠯᠤᠨ ᠬᠠᠤᠯᠢ ᠬᠡᠷᠡᠭᠵᠢᠭᠦᠯᠦᠡ ᠳᠤ ᠬᠢᠨᠠᠯᠲᠠ ᠲᠠᠯᠪᠢᠬᠤ ᠠᠵᠢᠯ ᠢ ᠬᠠᠤᠯᠢ ᠶᠣᠰᠣᠭᠠᠷ ᠦᠷᠨᠢᠭᠦᠯᠦᠨ᠎ᠡ᠃ ᠲᠠᠷᠢᠮᠠᠯ ᠤᠨ ᠵᠦᠢᠯᠡᠰ᠂ ᠡᠪᠡᠰᠦ ᠪᠣᠷᠳᠤᠭ᠎ᠠ ᠶᠢᠨ ᠡᠬᠢ ᠪᠠᠶᠠᠯᠢᠭ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ᠂ ᠠᠮᠢᠲᠠᠨ ᠤᠷᠭᠤᠮᠠᠯ ᠰᠢᠨ᠎ᠡ ᠡᠭᠦᠯᠳᠡᠷ ᠤᠨ ᠬᠠᠮᠠᠭᠠᠯᠠᠯᠲᠠ᠂ ᠬᠠᠮᠢᠶᠠᠷᠤᠯᠲᠠ ᠪᠠ ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠨ ᠦᠷ᠎ᠡ ᠶᠢᠨ ᠨᠦᠬᠡᠴᠡᠯᠡᠯᠲᠡ᠂ ᠲᠣᠬᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠬᠠᠶᠢᠨᠠᠨ ᠳᠠᠬᠢ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠠᠵᠢᠯ ᠢ ᠲᠦᠯᠦᠪᠵᠢᠭᠦᠯᠬᠦ ᠪᠠ ᠬᠠᠮᠢᠶᠠᠷᠤᠨ᠎ᠠ᠃      ︵ᠬᠤᠷᠢᠨ ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠄ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠪᠡ᠂ ᠲᠠᠷᠢᠶᠠᠯᠠᠩ ᠤᠨ ᠮᠠᠰᠢᠨ ᠤ ᠠᠵᠢᠯᠯᠠᠭᠠᠨ ᠤ ᠳᠦᠷᠢᠮᠵᠢᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ ᠪᠢᠴᠢᠨ᠎ᠡ᠃ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠤᠨ ᠮᠠᠰᠢᠨ ᠤ ᠠᠶᠤᠯᠭᠦᠢ  ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃ ᠣᠳᠣᠬᠠᠨ ᠬᠡᠷᠡᠭᠯᠡᠵᠦ ᠪᠠᠶᠢᠭ᠎ᠠ ᠣᠨᠴᠠ ᠲᠣᠭᠲᠠᠭᠰᠠᠨ ᠲᠥᠷᠥᠯ ᠵᠦᠢᠯ ᠤᠨ ᠲᠠᠷᠢᠶᠠᠯᠠᠩ ᠤᠨ ᠮᠧᠬᠠᠨᠢᠭ ᠤᠨ ᠪᠦᠲᠦᠭᠡᠭᠳᠡᠭᠦᠨ ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ᠂ ᠲᠠᠷᠢᠶᠠᠯᠠᠩ ᠤᠨ ᠮᠠᠰᠢᠨ ᠤ ᠠᠵᠢᠯᠯᠠᠬᠤ ᠠᠮᠤᠷ ᠲᠦᠪᠰᠢᠨ ᠢ ᠵᠢᠯᠣᠭᠤᠳᠤᠨ᠎ᠠ᠃ ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠠᠮᠢᠶᠠᠷᠤᠯᠲᠠ ᠪᠣᠯᠤᠨ ᠲᠤᠷᠰᠢᠯᠲᠠ ᠪᠠᠷ ᠬᠢᠨᠠᠨ ᠲᠣᠭᠲᠠᠭᠠᠬᠤ ᠵᠡᠷᠭᠡ ᠠᠵᠢᠯ ᠢ ᠬᠠᠤᠯᠢ ᠶᠣᠰᠣᠭᠠᠷ ᠬᠡᠷᠡᠭᠵᠢᠭᠦᠯᠦᠨ᠎ᠡ᠃      ︵ᠬᠤᠷᠢᠨ ᠬᠤᠶᠠᠷ︶ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠄ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠰᠠᠨᠠᠯ ᠰᠠᠨᠠᠭᠤᠯᠤᠮᠵᠢ ᠳᠤᠷᠠᠳᠤᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠦᠨ ᠣᠷᠣᠯᠴᠠᠨ᠎ᠠ᠃ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠂ ᠪᠡᠯᠡ ᠮᠥᠩᠭᠦ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠤᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃      ︵ᠬᠤᠷᠢᠨ ᠭᠤᠷᠪᠠ︶ ᠪᠠᠶᠢᠭᠤᠯᠭ᠎ᠠ ᠶᠢᠨ ᠨᠠᠮ ᠤᠨ ᠬᠤᠷᠢᠶ᠎ᠠ ᠄ ᠪᠠᠶᠢᠭᠤᠯᠭ᠎ᠠ ᠬᠢᠭᠡᠳ ᠲᠢᠩᠬᠢᠮ ᠤᠨ ᠬᠠᠷᠢᠶ᠎ᠠ ᠪᠠᠶᠢᠭᠤᠯᠭ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢᠬᠠᠷᠢᠭᠤᠴᠠᠨ᠎ᠠ᠃      ︵ᠬᠤᠷᠢᠨ ᠳᠦᠷᠪᠡ︶ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ ᠄ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠬᠠᠷᠢᠭᠤᠴᠠᠵᠤ᠂ ᠲᠢᠩᠬᠢᠮ ᠤᠨ ᠬᠠᠷᠢᠶ᠎ᠠ ᠪᠠᠶᠢᠭᠤᠯᠭ᠎ᠠ ᠨᠢᠭᠡᠴᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠵᠢᠯᠣᠭᠤᠳᠤᠨ᠎ᠠ᠃      ᠬᠠᠷᠢᠭᠤᠴᠠᠯᠭᠠᠲᠠᠨ᠄ ᠭᠦᠸᠧ ᠵᠠᠨ ᠵᠢᠶᠠᠩ      ᠬᠠᠷᠢᠯᠴᠠᠬᠤ ᠤᠲᠠᠰᠤ᠄ 0471-6652060      ᠠᠵᠢᠯᠯᠠᠬᠤ ᠭᠠᠵᠠᠷ᠄ ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷᠲᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠠᠯᠪᠠᠨ ᠠᠰᠠᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 ︱ 12᠄ 00᠂14᠄ 30 ︱ 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ       ᠬᠠᠷᠢᠶ᠎ᠠ ᠨᠢᠭᠡᠴᠢ᠄      ︵ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ       ᠭᠤᠣᠯ ᠡᠭᠦᠷᠭᠡ ᠴᠢᠳᠠᠪᠬᠢ᠄      ᠨᠢᠭᠡ ᠳᠤ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠲᠤᠬᠠᠶ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠲᠣᠭᠲᠠᠭᠠᠬᠤ ᠳᠤ ᠳᠡᠮᠵᠢᠯᠭᠡ ᠶᠢᠨ ᠪᠠᠲᠤᠯᠠᠭ᠎ᠠ ᠬᠠᠩᠭᠠᠨ᠎ᠠ᠃      ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢ ᠬᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ᠲᠠᠷᠢᠮᠠᠯ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠲᠡᠵᠢᠭᠡᠯ ᠡᠪᠡᠰᠦ ᠪᠣᠷᠳᠤᠭ᠎ᠠ᠂ ᠦᠷ᠎ᠡ ᠶᠢᠨ ᠦᠢᠯᠡᠰ ᠂ ᠲᠠᠷᠢᠶᠠᠯᠠᠩ ᠤᠨ ᠮᠠᠰᠢᠨ᠂ ᠠᠲᠠᠷ ᠬᠠᠭᠠᠯᠪᠤᠷᠢᠯᠠᠯᠲᠠ᠂ ᠬᠥᠳᠡᠭᠡ ᠲᠣᠰᠬᠤᠨ ᠤ ᠠᠵᠤ ᠦᠢᠯᠡᠰ ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠬᠠᠪᠰᠤᠷᠤᠮᠵᠢ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠪᠠᠷᠢᠮᠵᠢᠶ᠎ᠠ᠂ ᠮᠡᠷᠭᠡᠵᠢᠯ ᠤᠨ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠵᠡᠷᠭᠡ ᠶᠢ ᠲᠤᠭᠤᠷᠪᠢᠨ ᠲᠣᠭᠲᠠᠭᠠᠬᠤ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃      ᠭᠤᠷᠪᠠ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠮᠡᠷᠭᠡᠵᠢᠯ ᠳᠡᠯᠭᠡᠷᠡᠭᠦᠯᠬᠦ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠲᠤᠭ᠎ᠠ ᠪᠠᠷᠢᠮᠲᠠ ᠶᠢ ᠬᠢᠨᠠᠨ ᠬᠡᠮᠵᠢᠬᠦ᠂ ᠵᠠᠳᠠᠯᠬᠤ᠂ ᠬᠡᠷᠡᠭᠯᠡᠬᠦ ᠵᠡᠷᠭᠡ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠳᠤ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃      ᠳᠥᠷᠪᠡ ᠳᠤ ᠤᠷᠭᠤᠮᠠᠯ ᠤᠨ ᠬᠢᠵᠢᠭ ᠪᠠᠶᠢᠴᠠᠭᠠᠬᠤ᠂ ᠲᠠᠷᠢᠮᠠᠯ ᠤᠨ ᠡᠪᠡᠳᠴᠢᠨ ᠬᠤᠷᠣᠬᠠᠶ ᠡᠪᠡᠰᠦ ᠬᠤᠯᠤᠭᠠᠨ᠎ᠠ ᠶᠢᠨ ᠬᠥᠨᠥᠭᠡᠯ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ᠂ ᠤᠰᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠡᠭᠦᠷᠭᠡᠯᠡᠨ᠎ᠡ︔ ᠡᠭᠦᠯᠳᠡᠷ ᠤᠨ ᠲᠤᠷᠰᠢᠯᠲᠡ ᠬᠢᠬᠦ᠂ ᠡᠭᠦᠯᠳᠡᠷ ᠰᠣᠩᠭᠤᠨ ᠪᠤᠶᠢᠵᠢᠭᠤᠯᠬᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠥᠷᠨᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠳᠤ ᠣᠷᠣᠯᠴᠠᠨ᠎ᠠ︔ ᠭᠧᠨ ᠰᠢᠯᠵᠢᠭᠦᠯᠬᠦ ᠶᠢ ᠬᠢᠨᠠᠨ ᠬᠠᠮᠢᠶᠠᠷᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ︔ ᠨᠠᠨ ᠹᠠᠨ ᠰᠠᠭᠤᠷᠢᠨ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ᠲᠠᠪᠤ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠯᠲᠠ ᠪᠣᠯᠤᠨ ᠠᠵᠢᠯ ᠲᠥᠷᠥᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ︔ ᠪᠡᠯᠡᠳᠬᠡᠮᠵᠢᠲᠦ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤᠰᠤᠨ ᠭᠠᠷᠤᠯᠲᠠ ᠶᠢ ᠡᠳ᠋ᠰᠢᠯᠡᠭᠦᠯᠦᠨ ᠪᠣᠯᠪᠠᠰᠤᠷᠠᠭᠤᠯᠬᠤ ᠪᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠭᠡ ᠬᠠᠩᠭᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ  ᠤᠨ ᠣᠷᠣᠨ ᠤ ᠬᠤᠪᠢᠶᠠᠷᠢᠯᠠᠯ ᠪᠠ ᠠᠯᠤᠰ ᠰᠡᠷᠡᠯ ᠤᠨ ᠬᠢᠨᠠᠨ ᠬᠡᠮᠵᠢᠯᠲᠡ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠮᠠᠯᠵᠢᠬᠤ ᠣᠷᠣᠨ ᠤ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ᠂ ᠲᠠᠷᠢᠶᠠᠯᠠᠩ ᠮᠠᠯ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃      ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠢᠴᠡᠳᠭᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠠᠷᠢᠶ᠎ᠠ ᠪᠦᠬᠦᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠂ ᠪᠠᠶᠢᠭᠤᠯᠤᠮᠵᠢ  ᠶᠢᠨ ᠬᠡᠪᠴᠢᠶ᠎ᠡ ᠨᠢ ᠳᠡᠳ᠋ ᠲᠢᠩᠬᠢᠮ ᠤᠨ ᠳᠡᠰ ᠲᠠᠢ ᠲᠡᠩᠴᠡᠨ᠎ᠡ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠠᠵᠢᠯᠲᠠᠨ ᠤ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠨᠠᠮ  ᠤᠨ ᠪᠠᠶᠢᠭᠤᠯᠤᠯᠲᠠ ᠶᠢᠨ ᠠᠵᠢᠯ ᠤᠨ ᠭᠠᠵᠠᠷ᠂ ᠠᠮᠤ ᠪᠤᠳᠠᠭ᠎ᠠ ᠲᠣᠰᠣᠨ ᠤ ᠲᠠᠷᠢᠮᠠᠯ ᠤᠨ ᠮᠡᠷᠭᠡᠵᠢᠯ ᠤᠨ ᠭᠠᠵᠠᠷ᠂ ᠤᠷᠭᠤᠮᠠᠯ ᠬᠠᠮᠠᠭᠠᠯᠠᠬᠤ ᠤᠷᠭᠤᠮᠠᠯ ᠪᠠᠶᠢᠴᠠᠭᠠᠬᠤ ᠭᠠᠵᠠᠷ᠂ ᠬᠥᠷᠥᠰᠥ ᠰᠢᠷᠣᠶ ᠪᠣᠷᠳᠣᠭᠤᠷ ᠪᠣᠯᠤᠨ ᠤᠰᠤ ᠠᠷᠪᠢᠯᠠᠬᠤ ᠲᠠᠷᠢᠶᠠᠯᠠᠩ ᠤᠨ ᠮᠡᠷᠭᠡᠵᠢᠯ ᠤᠨ ᠭᠠᠵᠠᠷ᠂ ᠠᠵᠤ ᠠᠬᠤᠶ ᠶᠢᠨ ᠲᠠᠷᠢᠮᠠᠯ ᠤᠨ ᠮᠡᠷᠭᠡᠵᠢᠯ ᠤᠨ ᠭᠠᠵᠠᠷ᠂ ᠮᠠᠯ ᠠᠵᠤ ᠠᠬᠤᠶ ᠶᠢᠨ ᠮᠡᠷᠭᠡᠵᠢᠯ ᠤᠨ ᠭᠠᠵᠠᠷ᠂ ᠰᠦ ᠶᠢᠨ ᠦᠢᠯᠡᠰ ᠤᠨ ᠮᠡᠷᠭᠡᠵᠢᠯ ᠤᠨ ᠭᠠᠵᠠᠷ᠂ ᠲᠡᠵᠢᠭᠡᠯ ᠪᠣᠷᠳᠤᠭ᠎ᠠ ᠲᠡᠵᠢᠭᠡᠯ ᠡᠪᠡᠰᠦᠨ ᠤ ᠮᠡᠷᠭᠡᠵᠢᠯ ᠤᠨ ᠭᠠᠵᠠᠷ᠂ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠠᠵᠤ ᠠᠬᠤᠶ ᠶᠢᠨ ᠬᠥᠭᠵᠢᠯᠲᠡ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠭᠠᠵᠠᠷ᠂ ᠰᠢᠶᠠᠩ ᠲᠣᠰᠬᠤᠨ ᠤ ᠠᠵᠤ ᠦᠢᠯᠡᠰ ᠢ ᠲᠦᠯᠬᠢᠨ ᠠᠬᠢᠭᠤᠯᠬᠤ ᠭᠠᠵᠠᠷ᠂ ᠡᠬᠢ ᠪᠠᠶᠠᠯᠢᠭ ᠤᠨ ᠣᠷᠣᠨ ᠤ ᠬᠤᠪᠢᠶᠠᠷᠢᠯᠠᠯ ᠤᠨ ᠭᠠᠵᠠᠷ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠭᠠᠵᠠᠷ᠂ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ᠃      ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ ᠠᠵᠢᠯ ᠦᠢᠯᠡᠰ ᠤᠨ ᠣᠷᠣᠨ ᠲᠤᠭ᠎ᠠ ᠶᠢ 392 ᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 56 ᠨᠡᠷᠡᠰ ︵19 ᠵᠢᠩᠭᠢᠨᠢ 37 ᠳᠡᠳ᠋ ᠳᠡᠰ︶ ᠬᠢᠨᠠᠨ ᠲᠣᠭᠲᠠᠭᠠᠵᠤ᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 95 ᠨᠡᠷᠡᠰ ︵48 ᠵᠢᠩᠭᠢᠨᠢ 47 ᠳᠡᠳ᠋ ᠳᠡᠰ︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠬᠤ᠋ ᠶᠢᠤ ᠯᠢᠨ      ᠤᠲᠠᠰᠤ᠄ 0471 - 5163285      ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠳᠣᠰ ᠵᠡᠭᠦᠨ ᠵᠡᠭᠡᠯᠢ ᠶᠢᠨ ᠱᠠᠩ ᠳ᠋ᠦᠩ ᠣᠯᠠᠨ ᠤᠯᠤᠰ ᠤᠨ 2 ᠳ᠋ᠤᠭᠠᠷ ᠨᠣᠮᠧᠷᠲᠦ ᠠᠰᠠᠷ ᠤᠨ 1212 ᠲᠠᠰᠤᠭ      ᠠᠵᠢᠯᠯᠠᠬᠤ ᠴᠠᠭ᠄ 08᠄ 30 - 12᠄ 00 14᠄ 30 - 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ      ︵ᠬᠤᠶᠠᠷ︶ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ       ᠭᠤᠣᠯ ᠡᠭᠦᠷᠭᠡ ᠴᠢᠳᠠᠪᠬᠢ᠄      ᠨᠢᠭᠡ ᠳᠤ ᠲᠢᠩᠬᠢᠮ ᠤᠨ ᠰᠢᠰᠲ᠋ᠧᠮ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠡᠳ᠋ ᠤᠨ ᠶᠠᠪᠤᠳᠠᠯ ᠵᠢᠴᠢ ᠲᠥᠷᠥᠯ ᠵᠦᠶ᠋ᠯ ᠤᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠪᠠᠲᠤᠯᠠᠭ᠎ᠠ ᠶᠢᠨ ᠠᠵᠢᠯ ᠢ ᠬᠠᠮᠵᠢᠨ ᠥᠷᠨᠢᠭᠦᠯᠦᠨ᠎ᠡ᠃      ᠬᠤᠶᠠᠷ ᠲᠤ ᠲᠢᠩᠬᠢᠮ ᠤᠨ ᠪᠠᠶᠢᠭᠤᠯᠭ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠡᠳᠦᠷ ᠲᠤᠲᠤᠮ ᠤᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃      ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠫᠤᠷᠲ᠋ᠧᠯ ᠰᠦᠯᠵᠢᠶᠡᠨ ᠤ ᠮᠡᠳᠡᠭᠡ ᠵᠠᠩᠭᠢ ᠴᠤᠭᠯᠠᠭᠤᠯᠬᠤ᠂ ᠵᠠᠳᠠᠯᠬᠤ᠂ ᠨᠡᠶᠢᠲᠡᠯᠡᠬᠦ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠡᠳᠦᠷ ᠲᠤᠲᠤᠮ ᠤᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃      ᠳᠥᠷᠪᠡ ᠳᠤ ᠲᠢᠩᠬᠢᠮ ᠤᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ  ᠤ ᠪᠠᠲᠤᠯᠠᠭ᠎ᠠ᠂ ᠠᠮᠤᠷ ᠲᠦᠪᠰᠢᠨ ᠤ ᠬᠠᠮᠠᠭᠠᠯᠠᠯᠲᠠ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠶᠡᠷᠦᠩᠬᠡᠶᠢᠯᠡᠨ ᠵᠠᠰᠠᠬᠤ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃      ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠢᠴᠡᠳᠭᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ  ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠤᠬᠠᠭᠤᠯᠬᠤ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠡᠳ᠋ ᠬᠥᠷᠥᠩᠭᠡ ᠶᠢᠨ ᠰᠠᠯᠠᠭ᠎ᠠ᠂ ᠮᠡᠳᠡᠭᠡ ᠵᠠᠩᠭᠢ ᠶᠢᠨ ᠰᠠᠯᠠᠭ᠎ᠠ᠂ ᠵᠠᠰᠠᠭ ᠤᠨ ᠶᠠᠪᠤᠳᠠᠯ ᠤᠨ ᠪᠠᠲᠤᠯᠠᠭ᠎ᠠ ᠶᠢᠨ ᠰᠠᠯᠠᠭ᠎ᠠ᠂ ᠳᠠᠩᠰᠠ ᠡᠪᠬᠡᠮᠡᠯ ᠤᠨ ᠰᠠᠯᠠᠭ᠎ᠠ᠂ ᠠᠷᠤ ᠲᠠᠯ᠎ᠠ ᠶᠢᠨ ᠠᠵᠢᠯ ᠤᠨ ᠰᠠᠯᠠᠭ᠎ᠠ᠂ ︽12316︾ ᠦᠢᠯᠡᠴᠢᠯᠡᠭᠡᠨ ᠤ ᠰᠠᠯᠠᠭ᠎ᠠ᠃      ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ ᠠᠵᠢᠯ ᠦᠢᠯᠡᠰ ᠤᠨ ᠣᠷᠣᠨ ᠲᠤᠭ᠎ᠠ ᠶᠢ 78 ᠨᠡᠷᠡᠰ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 4 ᠨᠡᠷᠡᠰ ︵1 ᠵᠢᠩᠬᠢᠨᠢ 3 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 17 ᠨᠡᠷᠡᠰ ︵9 ᠵᠢᠩᠬᠢᠨᠢ 8 ᠳᠡᠳ᠋︶ ᠢ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠶᠠᠩ ᠶᠦᠩ ᠬᠠᠶ      ᠤᠲᠠᠰᠤ᠄ 0471 - 6652118      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ  ᠤᠨ ᠠᠯᠪᠠᠨ ᠠᠰᠠᠷ ᠤᠨ 309 ᠲᠠᠰᠤᠭ      ᠠᠵᠢᠯᠯᠠᠬᠤ ᠴᠠᠭ᠄ 08᠄ 30 - 12᠄ 00 14᠄ 30 - 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ      ᠭᠤᠣᠯ ᠡᠭᠦᠷᠭᠡ ᠴᠢᠳᠠᠪᠬᠢ᠄      ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠤᠭ᠎ᠠ ᠪᠠᠷᠢᠮᠲᠠ  ᠶᠢ ᠵᠠᠳᠠᠯᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠡᠷᠭᠡ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠢᠴᠢ ︽ᠵᠣᠷᠯᠣᠩ ᠤᠨ ᠬᠤᠪᠢᠰᠬᠠᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠬᠠᠮᠢᠶ᠎ᠠ ᠪᠥᠬᠦᠶ ᠮᠡᠷᠭᠡᠵᠢᠯ ᠢ ᠳᠡᠯᠭᠡᠷᠡᠭᠦᠯᠬᠦ᠂ ᠪᠠᠶᠢᠴᠠᠭᠠᠨ ᠰᠤᠳᠤᠯᠬᠤ ᠠᠵᠢᠯ ᠢ ᠡᠭᠦᠷᠭᠡᠯᠡᠨ᠎ᠡ᠃      ᠭᠤᠷᠪᠠ ᠳᠤ ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠦᠢᠯᠡᠰ ᠤᠨ ᠤᠬᠠᠭᠤᠯᠭ᠎ᠠ ᠪᠣᠯᠪᠠᠰᠤᠷᠠᠭᠤᠯᠤᠯ  ᠤᠨ ᠠᠵᠢᠯ ᠢ ᠡᠭᠦᠷᠭᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠣᠯᠤᠨ ᠲᠠᠷᠢᠶᠠᠯᠠᠬᠤ ᠰᠢᠯᠢᠳᠡᠭ ᠰᠣᠶᠣᠯ᠂ ᠨᠤᠲᠤᠭ ᠪᠡᠯᠴᠢᠭᠡᠷ ᠤᠨ ᠰᠣᠶᠣᠯ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠤᠨ᠎ᠠ᠃      ᠳᠥᠷᠪᠡ ᠳᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠬᠤ ᠴᠡᠭ ᠤᠨ ᠪᠠᠶᠢᠴᠠᠭᠠᠬᠤ ᠡᠭᠦᠷᠭᠡ ᠶᠢ ᠡᠭᠦᠷᠭᠡᠯᠡᠨ᠎ᠡ᠃      ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠢᠴᠡᠳᠭᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠶᠡᠷᠦᠩᠬᠡᠶᠢᠯᠡᠭᠰᠡᠨ ᠰᠠᠯᠠᠭ᠎ᠠ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ  ᠤ ᠰᠠᠯᠠᠭ᠎ᠠ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠰᠠᠯᠠᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠯᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠬᠤ ᠴᠡᠭ  ᠤᠨ ᠠᠵᠢᠯ ᠤᠨ ᠰᠠᠯᠠᠭ᠎ᠠ᠂ ᠨᠤᠲᠤᠭ ᠤᠨ ᠰᠤᠷᠲᠠᠯ ᠤᠨ ᠪᠣᠯᠪᠠᠰᠤᠨ ᠤ ᠰᠠᠯᠠᠭ᠎ᠠ᠂ ᠮᠡᠳᠡᠭᠡ ᠵᠠᠩᠭᠢᠵᠢᠯᠲᠠ ᠶᠢᠨ ᠰᠠᠯᠠᠭ᠎ᠠ᠃      ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ 43 ᠬᠦᠮᠦᠨ ᠤ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 3 ᠬᠦᠮᠦᠨ ︵1 ᠵᠢᠩᠬᠢᠨᠢ 2 ᠳᠡᠳ᠋︶᠂ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 11 ᠬᠦᠮᠦᠨ ︵7 ᠵᠢᠩᠬᠢᠨᠢ᠄ 4 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠳ᠋ᠦ᠋ ᠫᠸᠢ ᠢᠦᠢ      ᠤᠲᠠᠰᠤ᠄ 0471 - 6651476      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠤᠨ ᠠᠯᠪᠠᠨ ᠠᠰᠠᠷ ᠤᠨ 1320 ᠲᠠᠰᠤᠭ      ᠠᠵᠢᠯᠯᠠᠬᠤ ᠴᠠᠭ᠄ 08᠄ 30 - 12᠄ 00 14᠄ 30 - 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ      ︵ᠳᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ      ᠭᠤᠣᠯ ᠡᠭᠦᠷᠭᠡ ᠴᠢᠳᠠᠪᠬᠢ᠄      ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠭᠤᠤᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠠᠵᠢᠯ ᠢ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠠᠮᠵᠢᠨ ᠠᠬᠢᠭᠤᠯᠤᠨ᠎ᠠ᠃      ᠬᠤᠶᠠᠷ ᠲᠤ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠰᠤᠳᠤᠯᠤᠯ ᠤᠨ ᠠᠵᠢᠯ ᠢ ᠡᠭᠦᠷᠭᠡᠯᠡᠨ᠎ᠡ᠃      ᠭᠤᠷᠪᠠ ᠳᠤ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠢ ᠡᠭᠦᠷᠭᠡᠯᠡᠨ᠎ᠡ᠃      ᠳᠥᠷᠪᠡ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠥᠭᠵᠢᠯᠲᠡ ᠪᠣᠯᠤᠨ ᠠᠵᠤ ᠦᠢᠯᠡᠰ  ᠤᠨ ᠠᠵᠤ ᠠᠬᠤᠶ ᠶᠢᠨ ᠰᠤᠳᠤᠯᠤᠯ ᠤᠨ ᠠᠵᠢᠯ ᠢ ᠡᠭᠦᠷᠭᠡᠯᠡᠨ᠎ᠡ᠃      ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶ᠋ᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠬᠥᠳᠡᠭᠡ ᠲᠣᠰᠬᠤᠨ ᠤ ᠵᠠᠰᠠᠯᠲᠠ ᠰᠤᠳᠤᠯᠬᠤ ᠲᠠᠰᠤᠭ᠂ ᠶᠡᠷᠦᠩᠬᠡᠶᠢᠯᠡᠭᠰᠡᠨ ᠥᠭᠡᠷᠡᠴᠢᠯᠡᠯᠲᠡ ᠰᠤᠳᠤᠯᠬᠤ ᠲᠠᠰᠤᠭ᠂ ᠠᠵᠤ ᠦᠢᠯᠡᠰ ᠤᠨ ᠠᠵᠤ ᠠᠬᠤᠶ ᠰᠤᠳᠤᠯᠬᠤ ᠲᠠᠰᠤᠭ᠂ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢᠨ ᠰᠤᠳᠤᠯᠬᠤ ᠲᠠᠰᠤᠭ᠃      ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ 30 ᠬᠦᠮᠦᠨ ᠤ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 3 ᠬᠥᠮᠦᠨ ︵1 ᠵᠢᠩᠬᠢᠨᠢ 2 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ 8 ᠬᠥᠮᠦᠨ ︵5 ᠵᠢᠩᠬᠢᠨᠢ 3 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠯᠢ ᠶᠠᠨ      ᠤᠲᠠᠰᠤ᠄ 0471 - 6652328      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠠᠯᠪᠠᠨ ᠠᠰᠠᠷ ᠤᠨ 718 ᠲᠠᠰᠤᠭ      ᠠᠵᠢᠯᠯᠠᠬᠤ ᠴᠠᠭ᠄ 08᠄ 30 - 12᠄ 00 14᠄ 30 - 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ      ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ      ᠭᠤᠣᠯ ᠡᠭᠦᠷᠭᠡ ᠴᠢᠳᠠᠪᠬᠢ᠄      ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ᠂ ᠡᠬᠢ ᠪᠠᠶᠠᠯᠢᠭ᠂ ᠪᠠᠯᠠ ᠮᠥᠩᠭᠦ ᠶᠢᠨ ᠬᠠᠮᠢᠶᠠᠷᠤᠯᠲᠠ᠂ ᠬᠠᠮᠲᠤ ᠶᠢᠨ ᠠᠵᠤ ᠠᠬᠤᠶ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠬᠥᠭᠵᠢᠭᠦᠯᠬᠦ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ᠬᠤᠶᠠᠷ ᠲᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠮᠢᠶᠠᠷᠤᠯᠲᠠ᠂ ᠭᠠᠵᠠᠷ ᠰᠢᠷᠣᠶ ᠶᠢᠨ ᠡᠷᠭᠢᠯᠲᠡ᠂ ᠵᠣᠬᠢᠬᠤ ᠬᠡᠪᠴᠢᠶᠡᠲᠦ ᠡᠵᠡᠩᠨᠡᠯᠲᠡ ᠵᠡᠷᠭᠡ ᠪᠠᠶᠢᠴᠠᠭᠠᠨ ᠰᠤᠳᠤᠯᠤᠯᠲᠠ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ᠃      ᠭᠤᠷᠪᠠ ᠳᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ᠂ ᠡᠷᠭᠢᠯᠲᠡ ᠳᠤ ᠣᠷᠣᠭᠤᠯᠬᠤ᠂ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠪᠠ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢ ᠠᠮᠢᠳᠤᠯᠢᠭ ᠢᠶᠠᠷ ᠠᠰᠢᠭᠯᠠᠬᠤ ᠵᠡᠷᠭᠡ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠣᠷᠣᠨ ᠰᠠᠭᠤᠴᠠ ᠶᠢᠨ ᠭᠠᠵᠠᠷ ᠤᠨ ᠦᠨᠳᠦᠰᠦᠨ ᠪᠠᠶᠢᠳᠠᠯ ᠪᠠ ᠠᠰᠢᠭᠯᠠᠵᠤ ᠪᠠᠶᠢᠭ᠎ᠠ ᠪᠠᠶᠢᠳᠠᠯ ᠢ ᠪᠦᠷᠢᠳᠬᠡᠨ ᠵᠠᠳᠠᠯᠬᠤ ᠠᠵᠢᠯ ᠢ ᠥᠷᠨᠢᠭᠦᠯᠦᠨ᠎ᠡ᠃      ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠢᠴᠡᠳᠭᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠴᠢᠯᠡᠭᠡᠨ ᠤ ᠰᠠᠯᠠᠭ᠎ᠠ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠦᠢᠯᠡᠴᠢᠯᠡᠭᠡᠨ ᠤ ᠰᠠᠯᠠᠭ᠎ᠠ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠠᠯᠠᠭ᠎ᠠ᠂ ᠣᠷᠣᠨ ᠰᠠᠭᠤᠴᠠ ᠶᠢᠨ ᠭᠠᠵᠠᠷ ᠢ ᠠᠰᠢᠭᠯᠠᠬᠤ ᠦᠢᠯᠡᠴᠢᠯᠡᠭᠡᠨ ᠤ ᠰᠠᠯᠠᠭ᠎ᠠ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠰᠠᠯᠠᠭ᠎ᠠ᠂ ᠡᠳ᠋ ᠤᠨ ᠶᠠᠪᠤᠳᠠᠯ ᠨᠢᠭᠲᠠᠯᠠᠨ ᠪᠣᠳᠣᠬᠤ ᠦᠢᠯᠡᠴᠢᠯᠡᠭᠡᠨ ᠤ ᠰᠠᠯᠠᠭ᠎ᠠ᠃      ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ 43 ᠬᠦᠮᠦᠨ ᠤ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃ ᠡᠭᠦᠨ ᠳᠤ᠂ ᠲᠤᠰᠬᠠᠶ ᠮᠡᠷᠭᠡᠵᠢᠯ ᠤᠨ ᠠᠵᠢᠯᠲᠠᠨ 41 ᠬᠥᠮᠦᠨ ᠪᠣᠶ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 3 ᠬᠦᠮᠦᠨ ︵1 ᠵᠢᠩᠬᠢᠨᠢ 2 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 11 ᠬᠦᠮᠦᠨ ︵7 ᠵᠢᠩᠬᠢᠨᠢ 4 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠶᠠᠩ ᠶᠢᠨ ᠴᠧᠩ      ᠤᠲᠠᠰᠤ᠄ 0471 - 6652320      ᠬᠠᠶ᠋ᠢᠭ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠠᠰᠠᠷ ᠤᠨ 1111 ᠲᠠᠰᠤᠭ      ᠠᠵᠢᠯᠯᠠᠬᠤ ᠴᠠᠭ᠄ 08᠄ 30 - 12᠄ 00 14᠄ 30 - 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ      ︵ᠵᠢᠷᠭᠤᠭ᠎ᠠ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ      ᠭᠤᠣᠯ ᠡᠭᠦᠷᠭᠡ ᠴᠢᠳᠠᠪᠬᠢ᠄      ᠨᠢᠭᠡ ᠳᠤ ᠠᠮᠤᠷ ᠲᠦᠪᠰᠢᠨ ᠪᠣᠬᠢᠷᠲᠤᠯ ᠥᠬᠡᠶ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠶᠢᠨ ᠮᠡᠷᠭᠡᠵᠢᠯ ᠳᠡᠯᠭᠡᠷᠡᠭᠦᠯᠬᠦ᠂ ᠬᠡᠷᠡᠭᠯᠡᠬᠦ᠂ ᠦᠨᠡᠯᠡᠨ ᠵᠢᠱᠢᠬᠦ᠂ ᠬᠢᠨᠠᠨ ᠲᠣᠭᠲᠠᠭᠠᠬᠤ ᠵᠡᠷᠭᠡ ᠠᠵᠢᠯ ᠢ ᠡᠭᠦᠷᠭᠡᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶ᠎ᠠ ᠪᠥᠬᠦᠶ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠡᠭᠦᠷᠭᠡᠯᠡᠨ᠎ᠡ᠃      ᠬᠤᠶᠠᠷ ᠲᠤ ᠪᠦᠲᠦᠭᠡᠭᠳᠡᠬᠦᠨ ᠵᠢᠴᠢ ᠦᠢᠯᠡᠳᠪᠦᠷᠢᠯᠡᠯ ᠤᠨ ᠶᠠᠪᠤᠴᠠ ᠶᠢ ᠮᠥᠷᠳᠡᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ  ᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠵᠡᠷᠭᠡ ᠠᠵᠢᠯ ᠢ ᠡᠭᠦᠷᠭᠡᠯᠡᠨ᠎ᠡ︔ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠬᠢᠬᠦ ᠵᠡᠷᠭᠡ ᠠᠵᠢᠯ ᠢ ᠡᠭᠦᠷᠭᠡᠯᠡᠨ᠎ᠡ᠃      ᠭᠤᠷᠪᠠ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤᠰᠤᠨ ᠭᠠᠷᠤᠯᠲᠠ᠂ ᠣᠷᠣᠭᠤᠯᠤᠯᠲᠠ ᠡᠳ᠋ ᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠ ᠭᠠᠷᠤᠯᠲᠠ ᠶᠢᠨ ᠣᠷᠣᠨ᠂ ᠵᠢᠭᠠᠰᠤᠨ ᠠᠵᠤ ᠠᠬᠤᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠡᠭᠦᠷᠭᠡᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠮᠡᠷᠭᠡᠵᠢᠯ ᠤᠨ ᠪᠣᠯᠪᠠᠰᠤᠷᠠᠭᠤᠯᠤᠯ᠂ ᠴᠢᠳᠠᠪᠤᠷᠢ ᠶᠢ ᠰᠢᠯᠭᠠᠨ ᠪᠠᠲᠤᠯᠠᠬᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠵᠡᠷᠭᠡ ᠠᠵᠢᠯ ᠢ ᠡᠭᠦᠷᠭᠡᠯᠡᠵᠦ᠂ ᠡᠯ᠎ᠡ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠢᠨᠠᠨ ᠰᠢᠯᠭᠠᠵᠤ ᠦᠨᠡᠯᠡᠬᠦ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃      ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠢᠴᠡᠳᠭᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠯᠠᠭ᠎ᠠ᠂ ᠨᠠᠷᠡᠲᠦ ᠲᠦᠷᠦᠯ ᠲᠡᠮᠳᠡᠭᠲᠦ ᠶᠢᠨ ᠬᠥᠭᠵᠢᠭᠦᠯᠦᠯᠲᠡ ᠶᠢᠨ ᠰᠠᠯᠠᠭ᠎ᠠ᠂ ᠶᠠᠰᠤ ᠴᠢᠨᠠᠷ ᠮᠡᠷᠭᠡᠵᠢᠯ ᠤᠨ ᠰᠠᠯᠠᠭ᠎ᠠ᠂ ᠣᠷᠣᠭᠤᠯᠤᠯᠲᠠ ᠶᠢᠨ ᠡᠳ᠋ ᠢ ᠪᠠᠶᠢᠴᠠᠭᠠᠨ ᠬᠡᠮᠵᠢᠬᠦ ᠰᠠᠯᠠᠭ᠎ᠠ᠂ ᠦᠯᠡᠳᠡᠭᠳᠡᠯ ᠢ ᠪᠠᠶᠢᠴᠠᠭᠠᠨ ᠬᠡᠮᠵᠢᠬᠦ ᠰᠠᠯᠠᠭ᠎ᠠ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭ᠎ᠠ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠯᠠᠭ᠎ᠠ᠃      ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ 70 ᠨᠡᠷᠡᠰ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 4 ᠨᠡᠷᠡᠰ ︵1 ᠵᠢᠩᠬᠢᠨᠢ 3 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 15 ᠨᠡᠷᠡᠰ ︵8 ᠵᠢᠩᠬᠢᠨᠢ 7 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠶᠠᠩ ᠬᠤᠩ ᠳ᠋ᠦᠩ      ᠤᠲᠠᠰᠤ᠄ 0471 - 2336959      ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ 32 ᠳ᠋ᠤᠭᠠᠷ ᠨᠣᠮᠧᠷ      ᠠᠵᠢᠯᠯᠠᠬᠤ ᠴᠠᠭ᠄ 08᠄ 30 - 12᠄ 00 14᠄ 30 - 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ      ︵ᠳᠣᠯᠤᠭ᠎ᠠ︶ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ      ᠭᠤᠣᠯ ᠡᠭᠦᠷᠭᠡ ᠴᠢᠳᠠᠪᠬᠢ᠄      ᠨᠢᠭᠡ ᠳᠤ ᠪᠦᠬᠦ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠬᠢᠵᠠᠭᠠᠷᠯᠠᠨ ᠤᠰᠠᠳᠬᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠮᠡᠷᠭᠡᠵᠢᠯ ᠤᠨ ᠲᠤᠯᠭᠠᠭᠤᠷᠢᠯᠠᠯ ᠵᠢᠴᠢ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡ᠂ ᠠᠮᠢᠲᠠᠨ ᠤ ᠬᠢᠵᠢᠭ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠣᠨᠣᠰᠢᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠬᠡᠮᠵᠢᠵᠦ ᠴᠡᠪᠡᠷᠰᠢᠭᠦᠯᠬᠦ᠂ ᠲᠦᠭᠰᠢᠭᠦᠷᠢ ᠶᠢ ᠦᠨᠡᠯᠡᠨ ᠵᠢᠱᠢᠬᠦ᠂ ᠬᠢᠵᠢᠭ ᠤᠨ ᠪᠠᠶᠢᠳᠠᠯ ᠢ ᠮᠡᠳᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠬᠤᠶᠠᠷ ᠲᠤ ᠪᠦᠬᠦ ᠣᠷᠣᠨ ᠤ ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ ᠬᠢᠵᠢᠭ ᠪᠠᠶᠢᠴᠠᠭᠠᠬᠤ᠂ ᠠᠮᠢᠲᠠᠨ ᠤ ᠢᠯᠭᠠᠬᠤ ᠲᠡᠮᠳᠡᠭ ᠵᠢᠴᠢ ᠬᠢᠵᠢᠭ ᠡᠪᠡᠳᠴᠢᠨ ᠢ ᠮᠥᠷᠳᠡᠵᠦ ᠪᠣᠯᠬᠤᠶᠢᠴᠠ ᠮᠡᠷᠭᠡᠵᠢᠯ ᠤᠨ ᠲᠤᠯᠭᠠᠭᠤᠷᠢᠯᠠᠯ᠂ ᠭᠦᠢᠯᠭᠡᠭᠡᠨ ᠤ ᠭᠤᠭᠴᠤᠭ᠎ᠠ ᠪᠠ ᠬᠢᠯᠢ ᠶᠢᠨ ᠵᠠᠭᠠᠭ ᠤᠨ ᠭᠠᠵᠠᠷ ᠣᠷᠣᠨ ᠤ ᠭᠠᠳᠠᠨ᠎ᠠ ᠠᠴᠠ ᠢᠷᠡᠭᠰᠡᠨ ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠦᠨᠡᠯᠡᠨ ᠵᠢᠱᠢᠵᠦ ᠰᠡᠷᠭᠡᠶᠢᠯᠡᠬᠦ᠂ ᠣᠷᠣᠨ ᠪᠦᠰᠡᠵᠢᠭᠦᠯᠦᠨ ᠬᠠᠮᠢᠶᠠᠷᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ᠃      ᠭᠤᠷᠪᠠ ᠳᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠵᠢᠴᠢ ᠠᠮᠢᠲᠠᠨ ᠢ ᠲᠡᠵᠢᠭᠡᠨ ᠦᠷᠡᠵᠢᠭᠦᠯᠬᠦ᠂ ᠮᠠᠯ  ᠳᠤ ᠬᠡᠷᠡᠭᠯᠡᠬᠦ ᠠᠮᠢᠳᠤ ᠪᠣᠳᠠᠰ ᠤᠨ ᠦᠢᠯᠡᠳᠭᠦᠨ ᠢ ᠦᠢᠯᠡᠳᠪᠦᠷᠢᠯᠡᠬᠦ᠂ ᠠᠮᠢᠲᠠᠨ ᠢ ᠣᠨᠣᠰᠢᠯᠠᠨ ᠡᠮᠨᠡᠬᠦ᠂ ᠬᠤᠣᠷ ᠦᠭᠡᠶ ᠪᠣᠯᠭᠠᠨ ᠰᠢᠶ᠋ᠳᠪᠦᠷᠢᠯᠡᠬᠦ ᠵᠡᠷᠭᠡ ᠭᠠᠵᠠᠷ ᠲᠠᠯᠠᠪᠤᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠳᠡᠮᠵᠢᠯᠭᠡ ᠪᠣᠯᠤᠨ ᠮᠡᠷᠭᠡᠵᠢᠯ ᠤᠨ ᠪᠣᠯᠪᠠᠰᠤᠷᠠᠭᠤᠯᠤᠯ ᠢ ᠡᠭᠦᠷᠭᠡᠯᠡᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠵᠢᠴᠢ ᠣᠨᠣᠰᠢᠯᠠᠬᠤ ᠮᠡᠷᠭᠡᠵᠢᠯ ᠤᠨ ᠰᠤᠳᠤᠯᠤᠯ ᠢ ᠥᠷᠨᠢᠭᠦᠯᠦᠨ᠎ᠡ᠃      ᠳᠥᠷᠪᠡ ᠳᠤ ᠮᠠᠯ ᠵᠢᠭᠦᠷᠲᠡᠨ ᠨᠢᠲᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠮᠠᠯ ᠵᠢᠭᠦᠷᠲᠡᠨ ᠨᠢᠲᠤᠯᠬᠤ ᠶᠢ ᠪᠦᠷᠢᠳᠬᠡᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠲᠤᠯᠬᠤ ᠶᠢ ᠬᠠᠮᠢᠶᠠᠷᠬᠤ ᠪᠠ ᠬᠠᠮᠢᠶ᠎ᠠ ᠪᠦᠬᠦᠢ ᠮᠡᠳᠡᠭᠡ ᠵᠠᠩᠭᠢ ᠶᠢᠨ ᠳ᠋ᠠᠶᠢᠲ᠋ᠠ ᠶᠢᠨ ᠰᠢᠰᠲ᠋ᠧᠮ ᠵᠢᠴᠢ ᠲᠣᠣᠷ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠲᠠᠪᠤ ᠳᠤ ᠪᠦᠬᠦ ᠣᠷᠣᠨ ᠤ ᠮᠠᠯ ᠤᠨ ᠡᠮ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠪᠠ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ᠂ ᠮᠠᠯ ᠤᠨ ᠡᠮ ᠤᠨ ᠶᠠᠰᠤ ᠴᠢᠨᠠᠷ ᠢ ᠵᠠᠳᠠᠯᠤᠨ ᠦᠨᠡᠯᠡᠨ ᠵᠢᠱᠢᠬᠦ᠂ ᠠᠮᠢᠳᠤ ᠪᠣᠳᠠᠰ ᠤᠨ ᠦᠢᠯᠡᠳᠭᠦᠨ ᠤ ᠠᠵᠤ ᠠᠬᠤᠶᠢᠯᠠᠯ ᠤᠨ ᠠᠮᠢᠳᠤ ᠪᠣᠳᠠᠰ  ᠤᠨ ᠠᠮᠤᠷ ᠲᠦᠪᠰᠢᠨ ᠤ ᠮᠡᠷᠭᠡᠵᠢᠯ ᠤᠨ ᠳᠡᠮᠵᠢᠯᠭᠡ᠂ ᠪᠠᠺᠠᠲ᠋ᠧᠷᠢ ᠪᠠ ᠬᠤᠣᠷ ᠤᠨ ᠲᠥᠷᠥᠯ ᠭᠤᠷᠪᠠᠨ ᠱᠠᠲᠤᠨ ᠤ ᠰᠡᠷᠭᠡᠶᠢᠯᠡᠨ ᠬᠠᠮᠠᠭᠠᠯᠠᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠵᠦ᠂ ᠮᠠᠯ ᠤᠨ ᠡᠮ ᠤᠨ ᠰᠢᠨ᠎ᠡ ᠨᠠᠶᠢᠷᠠᠭᠰᠠᠨ ᠡᠮ ᠤᠨ ᠶᠠᠰᠤ ᠴᠢᠨᠠᠷ ᠤᠨ ᠪᠠᠷᠢᠮᠵᠢᠶ᠎ᠠ ᠶᠢ ᠳᠠᠬᠢᠨ ᠬᠢᠨᠠᠬᠤ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠮᠠᠯ ᠤᠨ ᠡᠮ  ᠢ ᠰᠢᠯᠭᠠᠨ ᠪᠠᠶᠢᠴᠠᠭᠠᠬᠤ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠰᠤᠳᠤᠯᠤᠨ ᠳᠡᠯᠭᠡᠷᠡᠭᠦᠯᠬᠦ ᠠᠵᠢᠯ ᠢᠥᠷᠨᠢᠭᠦᠯᠦᠨ᠎ᠡ᠃      ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠢᠴᠡᠳᠭᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ  ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ᠂ ᠲᠠᠬᠤᠯ ᠡᠪᠡᠳᠴᠢᠨ ᠤ ᠰᠤᠳᠤᠯᠤᠯ ᠤᠨ ᠬᠢᠨᠠᠨ ᠬᠡᠮᠵᠢᠬᠦ ᠰᠠᠯᠠᠭ᠎ᠠ᠂ ᠬᠢᠵᠢᠭ ᠪᠠᠶᠢᠴᠠᠭᠠᠬᠤ ᠰᠠᠯᠠᠭ᠎ᠠ᠂ ᠲᠦᠭᠰᠢᠭᠦᠷᠢ ᠶᠢ ᠦᠨᠡᠯᠡᠨ ᠵᠢᠱᠢᠬᠦ ᠰᠠᠯᠠᠭ᠎ᠠ᠂ ᠡᠳ᠋ ᠪᠠᠷᠠᠭ᠎ᠠ ᠶᠢᠨ ᠪᠠᠲᠤᠯᠠᠭ᠎ᠠ ᠶᠢᠨ ᠰᠠᠯᠠᠭ᠎ᠠ᠂ ᠣᠨᠣᠰᠢᠯᠠᠬᠤ ᠲᠤᠷᠰᠢᠯᠲᠠ ᠶᠢᠨ ᠲᠠᠰᠤᠭ᠂ ᠮᠠᠯ ᠵᠢᠭᠦᠷᠲᠡᠨ ᠨᠢᠳᠦᠯᠦᠯᠲᠡ ᠶᠢᠨ ᠰᠠᠯᠠᠭ᠎ᠠ᠂ ᠪᠠᠶᠢᠴᠠᠭᠠᠨ ᠬᠡᠮᠵᠢᠬᠦ ᠰᠠᠯᠠᠭ᠎ᠠ᠃      ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ 92 ᠨᠡᠷᠡᠰ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 5 ᠨᠡᠷᠡᠰ ︵1 ᠵᠢᠩᠬᠢᠨᠢ 4 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 19 ᠨᠡᠷᠡᠰ ︵10 ᠵᠢᠩᠬᠢᠨᠢ 9 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠸᠠᠩ ᠵᠢᠶᠠᠨ ᠯᠦᠩ      ᠤᠲᠠᠰᠤ᠄ 0471 - 3360299      ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠣᠣ ᠤᠳᠠ ᠵᠠᠮ ᠤᠨ 412 ᠳ᠋ᠤᠭᠠᠷ ᠨᠤᠮᠧᠷ      ᠠᠵᠢᠯᠯᠠᠬᠤ ᠴᠠᠭ᠄ 08᠄ 30 - 12᠄ 00 14᠄ 30 - 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ      ︵ᠨᠠᠢᠮᠠ︶ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ      ᠭᠤᠣᠯ ᠡᠭᠦᠷᠭᠡ ᠴᠢᠳᠠᠪᠬᠢ᠄      ᠨᠢᠭᠡ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ᠂ ᠠᠮᠢ ᠠᠬᠤᠶ ᠶᠢᠨ ᠣᠷᠴᠢᠯ ᠲᠠᠷᠢᠶᠠᠯᠠᠩ ᠤᠨ ᠮᠡᠷᠭᠡᠵᠢᠯ ᠤᠨ ᠲᠤᠯᠭᠠᠭᠤᠷᠢᠯᠠᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠵᠦ᠂ ᠪᠦᠬᠦ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ᠂ ᠬᠥᠳᠡᠭᠡ ᠲᠣᠰᠬᠤᠨ ᠤ ᠡᠨᠧᠷᠭᠢ ᠪᠠ ᠲᠠᠷᠢᠶᠠᠯᠠᠩ ᠤᠨ ᠡᠬᠢ ᠪᠠᠶᠠᠯᠢᠭ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠦᠷᠢᠳᠬᠡᠯ ᠤᠨ ᠠᠵᠢᠯ ᠢ ᠡᠭᠦᠷᠭᠡᠯᠡᠨ᠎ᠡ᠃      ᠬᠤᠶᠠᠷ ᠲᠤ ᠪᠦᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠪᠠᠶᠢᠴᠠᠭᠠᠬᠤ᠂ ᠬᠢᠨᠠᠨ ᠬᠡᠮᠵᠢᠬᠦ ᠪᠠ ᠦᠨᠡᠯᠡᠬᠦ ᠠᠵᠢᠯ ᠢ ᠡᠭᠦᠷᠭᠡᠯᠡᠵᠦ᠂ ᠬᠢᠨᠠᠨ ᠬᠡᠮᠵᠢᠬᠦ ᠲᠣᠣᠷ ᠰᠦᠯᠵᠢᠶ᠎ᠡ ᠶᠢ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠣᠷᠴᠢᠨ ᠲᠣᠭᠤᠷᠢᠨ ᠤ ᠪᠣᠬᠢᠷᠲᠤᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠬᠢᠨᠠᠨ ᠬᠡᠮᠵᠢᠬᠦ ᠶᠢ ᠡᠭᠦᠷᠭᠡᠯᠡᠵᠦ᠂ ᠪᠦᠬᠦ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠬᠤ᠂ ᠬᠢᠨᠠᠨ ᠬᠡᠮᠵᠢᠬᠦ ᠲᠣᠣᠷ ᠰᠦᠯᠵᠢᠶᠡᠨ ᠤ ᠪᠠᠶᠢᠭᠤᠯᠤᠯᠲᠠ ᠶᠢᠨ ᠮᠡᠷᠭᠡᠵᠢᠯ  ᠤᠨ ᠳᠡᠮᠵᠢᠯᠭᠡ ᠶᠢ ᠡᠭᠦᠷᠭᠡᠯᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠬᠤ᠂ ᠬᠢᠨᠠᠨ ᠬᠡᠮᠵᠢᠬᠦ᠂ ᠦᠨᠡᠯᠡᠬᠦ᠂ ᠬᠠᠮᠠᠭᠠᠯᠠᠬᠤ᠂ ᠲᠠᠷᠢᠶᠠᠨ ᠭᠠᠵᠠᠷ ᠤᠨ ᠶᠠᠰᠤ ᠴᠢᠨᠠᠷ ᠪᠣᠯᠤᠨ ᠬᠥᠷᠥᠰᠥ ᠰᠢᠷᠣᠶ ᠶᠢ ᠪᠠᠶᠢᠴᠠᠭᠠᠨ ᠬᠡᠮᠵᠢᠬᠦ ᠮᠡᠷᠭᠡᠵᠢᠯ  ᠤᠨ ᠲᠤᠯᠭᠠᠭᠤᠷᠢᠯᠠᠯ ᠢ ᠡᠭᠦᠷᠭᠡᠯᠡᠨ᠎ᠡ᠃      ᠭᠤᠷᠪᠠ ᠳᠤ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ᠂ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠭᠰᠠᠨ ᠲᠠᠷᠢᠶᠠᠨ ᠭᠠᠵᠠᠷ ᠢ ᠠᠶᠤᠯ ᠦᠭᠡᠶ ᠠᠰᠢᠭᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠵᠡᠷᠭᠡ ᠠᠵᠢᠯ ᠢ ᠡᠭᠦᠷᠭᠡᠯᠡᠨ᠎ᠡ᠃      ᠳᠥᠷᠪᠡ ᠳᠤ ᠪᠦᠬᠦ ᠣᠷᠣᠨ ᠤ ᠲᠠᠷᠢᠶᠠᠯᠠᠩ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠴᠤᠭᠯᠠᠭᠤᠯᠬᠤ᠂ ᠬᠠᠮᠠᠭᠠᠯᠠᠬᠤ ᠪᠠ ᠨᠡᠭᠡᠭᠡᠨ ᠠᠰᠢᠭᠯᠠᠬᠤ ᠵᠡᠷᠭᠡ ᠠᠵᠢᠯ ᠢ ᠡᠭᠦᠷᠭᠡᠯᠡᠵᠦ᠂ ᠭᠠᠳᠠᠨ᠎ᠠ  ᠠᠴᠠ ᠣᠷᠣᠵᠤ ᠢᠷᠡᠭᠰᠡᠨ ᠤᠷᠭᠤᠮᠠᠯ ᠢ ᠪᠠᠶᠢᠴᠠᠭᠠᠬᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠨ᠎ᠡ᠃      ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠢᠴᠡᠳᠭᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠰᠠᠯᠠᠭ᠎ᠠ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠠᠯᠠᠭ᠎ᠠ᠂ ᠠᠮᠢ ᠠᠬᠤᠶ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠰᠠᠯᠠᠭ᠎ᠠ᠂ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ᠃      ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ 40 ᠨᠡᠷᠡᠰ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 3 ᠨᠡᠷᠡᠰ ︵1 ᠵᠢᠩᠬᠢᠨᠢ 2 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 9 ᠨᠡᠷᠡᠰ ︵6 ᠵᠢᠩᠬᠢᠨᠢ 3 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠸᠠᠩ ᠶᠤᠸᠠᠢ ᠹᠸᠢ      ᠤᠲᠠᠰᠤ᠄ 0471 - 6652223      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠠᠰᠠᠷ ᠤᠨ 1412 ᠲᠠᠰᠤᠭ      ᠠᠵᠢᠯᠯᠠᠬᠤ ᠴᠠᠭ᠄ 08᠄ 30 - 12᠄ 00 14᠄ 30 - 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号