ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢᠨ ᠳᠠᠭᠠᠭᠤᠯᠤᠭᠴᠢ ᠨᠢᠭᠡᠴᠢ ᠪᠣᠯᠣᠨ ᠲᠡᠷᠢᠭᠦᠨ ᠲᠤᠰᠬᠠᠢ ᠮᠡᠷᠭᠡᠵᠢᠯᠲᠡᠨ ᠢ ᠰᠢᠯᠢᠨ ᠰᠣᠩᠭᠤᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/5/29
      ︽ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠬᠤᠲᠠ ᠶᠢᠨ ᠲᠠᠨᠢᠯᠴᠠᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠬᠠᠷᠭᠤᠭᠤᠯᠤᠯᠲᠠ᠂ ᠲᠤᠰᠬᠠᠢ ᠮᠡᠷᠭᠡᠵᠢᠯᠲᠡᠨ ᠤ ᠦᠨᠡᠯᠡᠨ ᠬᠢᠨᠠᠯᠲᠠ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢᠨ ᠳᠠᠭᠠᠭᠤᠯᠤᠭᠴᠢ ᠨᠢᠭᠡᠴᠢ ᠪᠣᠯᠣᠨ ᠲᠡᠷᠢᠭᠦᠨ ᠲᠤᠰᠬᠠᠢ ᠮᠡᠷᠭᠡᠵᠢᠯᠲᠡᠨ ᠢ ᠰᠢᠯᠢᠨ ᠰᠣᠩᠭᠤᠭᠰᠠᠨ ᠦᠷ᠎ᠡ ᠳ᠋ᠦᠩ ᠢ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵5 ᠰᠠᠷ᠎ᠠ ᠶᠢᠨ 29 ᠤ ᠡᠳᠦᠷ ᠠᠴᠠ 6 ᠰᠠᠷ᠎ᠠ ᠶᠢᠨ 2 ᠤᠨ ᠡᠳᠦᠷ︶ ᠪᠣᠯᠣᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠠᠶᠢᠪᠠᠯ᠂ ᠦᠨᠡᠨ ᠨᠡᠷ᠎ᠡ ᠪᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠲᠤᠰᠬᠠᠵᠤ᠂ ᠪᠠᠶᠢᠳᠠᠯ ᠢᠶᠠᠨ ᠲᠤᠰᠬᠠᠬᠤ ᠳᠠᠭᠠᠨ ᠦᠨᠡᠨ ᠠᠴᠠ ᠵᠥᠪ ᠢ ᠡᠷᠢᠬᠦ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃      ᠬᠠᠷᠢᠯᠴᠠᠬᠤ ᠤᠲᠠᠰᠤ᠄ 0471-6651841      ᠢᠮᠧᠯ᠄ nmgnmtzyc@163.com      ᠰᠢᠤᠳᠠᠨ ᠢᠶᠠᠷ ᠶᠠᠪᠤᠭᠤᠯᠬᠤ ᠬᠠᠶ᠋ᠢᠭ᠄ ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ       ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢᠨ ᠳᠠᠭᠠᠭᠤᠯᠤᠭᠴᠢ ᠨᠢᠭᠡᠴᠢ ᠪᠣᠯᠣᠨ ᠲᠡᠷᠢᠭᠦᠨ ᠲᠤᠰᠬᠠᠢ ᠮᠡᠷᠭᠡᠵᠢᠯᠲᠡᠨ ᠤ ᠨᠡᠷᠡᠰ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                 2023 ᠣᠨ ᠤ 5 ᠰᠠᠷ᠎ᠠ ᠶᠢᠨ 29 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号