5 ᠰᠠᠷ᠎ᠠ ᠶᠢᠨ 29 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ | ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠵᠤᠷᠭᠠᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠭᠠᠵᠠᠷ ᠤᠨ ᠳᠡᠳ᠋ | ᠳᠠᠷᠤᠭ᠎ᠠ ᠸᠠᠩ ᠯᠦᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠤᠨ 5 | ᠬᠥᠮᠥᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠠᠮᠲᠤᠷᠠᠯᠴᠠᠭᠠᠨ ᠤ ᠠᠵᠤ ᠠᠬᠤᠢ ᠶᠢᠨ ᠵᠢᠯᠤᠭᠤᠳᠬᠤ ᠭᠠᠵᠠᠷ ᠤᠨ ᠳᠠᠷᠤᠭ᠎ᠠ ᠵᠦ ᠰᠢᠶᠣᠣ | ᠹᠠᠩ᠂ ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠤᠪᠴᠢᠶᠠᠨ ᠳᠡᠳ᠋ ᠳᠠᠷᠤᠭ᠎ᠠ ᠶᠠᠩ ᠢᠦᠢ᠂ ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠤᠪᠴᠢᠶᠠᠨ ᠤ ᠬᠠᠮᠢᠶ᠎ᠠ ᠪᠦᠬᠦᠢ ᠰᠠᠯᠠᠭ᠎ᠠ ᠭᠡᠷ ᠵᠢᠴᠢ ᠭᠤᠣᠯᠯᠠᠭᠴᠢ | ᠬᠥᠮᠥᠰ ᠤᠨ ᠪᠠᠷ᠎ᠠ ᠪᠤᠯᠤᠯᠭ᠎ᠠ ᠲᠠᠢ ᠪᠠᠷ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ | ᠵᠠᠯᠠᠨ ᠠᠶᠢᠯ ᠬᠤᠳᠠ ᠳᠤ ᠬᠦᠷᠴᠦ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤᠨ ᠤ ᠰᠢᠨ᠎ᠡ ᠴᠠᠭ ᠦᠶ᠎ᠡ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠰᠬᠠᠢ ᠬᠤᠷᠰᠢᠶ᠎ᠠ᠂ | ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠦ ᠿᠢ ᠲᠠᠷᠢᠶᠠᠯᠠᠩ ᠤᠨ | ᠮᠠᠰᠢᠨ ᠤ ᠦᠢᠯᠡᠴᠢᠯᠡᠭᠡᠨ ᠤ ᠲᠤᠰᠬᠠᠢ ᠬᠤᠷᠰᠢᠶ᠎ᠠ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠯᠦᠩ ᠶᠦᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠰᠬᠠᠢ ᠬᠤᠷᠰᠢᠶ᠎ᠠ ᠵᠡᠷᠭᠡ ᠶᠢ | ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ᠃ ᠡᠯ᠎ᠡ ᠬᠤᠷᠰᠢᠶᠠᠨ ᠤ ᠬᠠᠤᠯᠢ ᠶᠢᠨ ᠡᠷᠬᠡᠲᠡᠨ ᠲᠠᠢ ᠲᠣᠰ ᠲᠣᠰ | ᠶᠠᠷᠢᠯᠴᠠᠬᠤ ᠬᠤᠷᠠᠯ ᠬᠢᠭᠰᠡᠨ ᠪᠥᠭᠡᠳ ᠬᠤᠷᠰᠢᠶᠠᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠢᠶ᠎ᠠ ᠪᠦᠬᠦᠢ | ᠳᠣᠲᠣᠭᠠᠳᠤ ᠠᠵᠢᠯ ᠤᠨ ᠮᠠᠲ᠋ᠧᠷᠢᠶᠠᠯ ᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠦᠵᠡᠪᠡ᠃ ᠳᠠᠷᠠᠭ᠎ᠠ ᠨᠢ ᠵᠠᠯᠠᠨ | ᠠᠶᠢᠯ ᠬᠤᠲᠠ ᠳᠤ ᠵᠠᠯᠠᠨ ᠠᠶᠢᠯ ᠬᠤᠲᠠ ᠶᠢᠨ ᠳᠠᠭᠤᠷ ᠦᠨᠳᠦᠰᠦᠲᠡᠨ ᠤ ᠰᠢᠶᠠᠩ ᠤᠨ ᠵᠦᠩ ᠴᠢ ᠲᠠᠷᠢᠮᠠᠯ ᠤᠨ | ᠲᠠᠷᠢᠶᠠᠴᠢᠨ ᠤ ᠲᠤᠰᠬᠠᠢ ᠬᠤᠷᠰᠢᠶ᠎ᠠ ᠪᠣᠯᠣᠨ ᠶᠢᠨ ᠮᠦ ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠴᠢᠨ ᠤ ᠲᠤᠰᠬᠠᠢ | ᠬᠤᠷᠰᠢᠶᠠᠨ ᠤ ᠬᠤᠯᠪᠣᠭᠠᠲᠤ ᠬᠤᠷᠰᠢᠶ᠎ᠠ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠬᠤᠷᠰᠢᠶ᠎ᠠ ᠪᠣᠯᠣᠨ | ᠬᠤᠯᠪᠣᠭᠠᠲᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ ᠭᠡᠰᠢᠭᠦᠳ ᠲᠠᠢ ᠶᠠᠷᠢᠯᠴᠠᠬᠤ ᠬᠤᠷᠠᠯ | ᠥᠷᠨᠢᠭᠦᠯᠦᠭᠰᠡᠨ ᠪᠥᠭᠡᠳ ᠵᠠᠯᠠᠨ ᠠᠶᠢᠯ ᠬᠤᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠶᠢᠷ᠎ᠠ ᠶᠢᠨ ᠵᠢᠯ ᠤᠨ ᠲᠤᠷᠰᠢᠬᠢ ᠮᠣᠷᠢᠨᠳᠠᠪᠠᠭ᠎ᠠ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯᠣᠨ ᠵᠠᠯᠠᠨ ᠠᠶᠢᠯ ᠬᠤᠳᠠ ᠶᠢᠨ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠭᠦᠢᠴᠡᠳ ᠨᠤᠲᠠᠯᠠᠪᠠ᠃ ᠮᠣᠷᠢᠨᠳᠠᠪᠠᠭ᠎ᠠ ᠳᠠᠭᠤᠷ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡ ᠶᠢ ᠥᠷᠭᠡᠳᠬᠡᠨ ᠤᠷᠲᠤᠳᠬᠠᠬᠤ ᠲᠤᠷᠰᠢᠯᠲᠠ ᠶᠢᠨ ᠬᠤᠰᠢᠭᠤ ᠪᠣᠯᠤᠭᠰᠠᠨ ᠤ ᠬᠤᠪᠢ ᠳᠤ᠂ | ︽ᠦᠢᠯᠡᠳᠪᠦᠷᠢᠯᠡᠯ ᠤᠨ ᠶᠠᠪᠤᠴᠠ︾ ᠶᠢᠨ ᠭᠤᠴᠤᠭ᠎ᠠ ᠶᠢᠨ ᠪᠦᠬᠦ ᠶᠠᠪᠤᠴᠠ ᠳᠤ ᠨᠠᠶᠢᠳᠠᠨ ᠬᠠᠮᠢᠶᠠᠷᠤᠭᠤᠯᠬᠤ ᠶᠢ | ᠭᠤᠣᠯᠳᠠᠯᠭ᠎ᠠ ᠪᠣᠯᠭᠠᠨ ᠰᠠᠶᠢᠲᠤᠷ ᠠᠳᠬᠤᠵᠤ᠂ ᠭᠠᠵᠠᠷ ᠰᠢᠷᠣᠢ ᠶᠢᠨ ᠵᠠᠭᠠᠭ ᠬᠢᠵᠠᠭᠠᠷ ᠢ ᠡᠪᠳᠡᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠦᠢᠯᠡᠴᠢᠯᠡᠭᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠴᠢᠯᠡᠭᠡ ᠵᠡᠷᠭᠡ ᠶᠢ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠭᠰᠡᠨ ᠤ ᠳᠠᠷᠠᠭᠠᠬᠢ ᠭᠤᠭᠴᠤᠭ᠎ᠠ ᠲᠡᠶᠢᠰᠢ | ᠠᠯᠬᠤᠮ ᠠᠯᠬᠤᠮ ᠢᠶᠠᠷ ᠤᠷᠲᠤᠳᠬᠠᠵᠤ᠂ ︽ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ᠂ ᠦᠢᠯᠡᠴᠢᠯᠡᠬᠦ︾ ᠶᠢ ᠨᠢᠭᠡ | ᠴᠣᠭᠴᠠᠵᠢᠭᠤᠯᠤᠭᠰᠠᠨ ᠪᠦᠷᠢᠨ ᠪᠦᠲᠦᠨ ᠪᠢᠲᠡᠭᠦᠦ ᠴᠠᠭᠠᠷᠢᠭ ᠢ ᠪᠤᠢ ᠪᠣᠯᠭᠠᠵᠤ᠂ ᠬᠤᠷᠰᠢᠭᠰᠠᠨ ᠵᠣᠬᠢᠶᠠᠨ | ᠪᠠᠶᠢᠭᠤᠯᠤᠯᠲᠠ ᠪᠣᠯᠣᠨ ᠵᠢᠵᠢᠭ ᠬᠡᠪᠴᠢᠶᠡᠨ ᠤ ᠲᠠᠷᠠᠬᠠᠢ ᠪᠤᠲᠠᠷᠬᠠᠢ ᠡᠵᠡᠩᠨᠡᠯᠲᠡ ᠶᠢᠨ ᠲᠠᠷᠢᠶᠠᠴᠢᠨ ᠡᠷᠦᠬᠡ ᠶᠢᠨ | ᠬᠠᠮᠲᠤᠷᠠᠯᠴᠠᠨ ᠤᠯᠠᠨ ᠲᠠᠯ᠎ᠠ ᠪᠠᠷ ᠠᠰᠢᠭ ᠬᠦᠷᠳᠡᠬᠦ᠂ ᠰᠠᠶᠢᠨ ᠰᠠᠶᠢᠬᠠᠨ ᠬᠥᠭᠵᠢᠬᠦ ᠶᠢ ᠪᠡᠶᠡᠯᠡᠭᠦᠯᠵᠦ᠂ ᠬᠤᠷᠰᠢᠶᠠᠨ ᠤ | ᠵᠢᠵᠢᠭ ᠲᠠᠷᠢᠶᠠᠴᠢᠨ ᠡᠷᠦᠬᠡ ᠪᠣᠯᠣᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠣᠷᠭᠠᠨᠢᠭ ᠢᠶᠠᠷ | ᠵᠣᠯᠭᠠᠭᠤᠯᠬᠤ ᠶᠢ ᠠᠬᠢᠭᠤᠯᠬᠤ ᠳᠤ ᠰᠠᠶᠢᠨ ᠰᠠᠭᠤᠷᠢ ᠶᠢ ᠲᠠᠯᠪᠢᠵᠤ ᠥᠭᠴᠡᠢ᠃ ᠵᠠᠯᠠᠨ ᠠᠶᠢᠯ ᠬᠤᠲᠠ ᠨᠢ ᠠᠳᠠᠯᠢ | ᠠᠵᠢᠯ ᠲᠥᠷᠥᠯ ᠪᠤᠶᠤ ᠠᠵᠤ ᠦᠢᠯᠡᠰ ᠲᠠᠢ ᠨᠢᠭᠲᠠ ᠬᠤᠯᠪᠣᠭ᠎ᠠ ᠲᠠᠢ ᠬᠤᠷᠰᠢᠶ᠎ᠠ ᠶᠢ ᠳᠠᠬᠢᠨ ᠵᠣᠬᠢᠶᠠᠨ ᠪᠠᠶᠢᠭᠤᠯᠬᠤ᠂ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠤᠯᠪᠣᠭᠠᠲᠤ ᠬᠤᠷᠰᠢᠶ᠎ᠠ ᠶᠢ ᠵᠣᠬᠢᠶᠠᠨ ᠪᠠᠶᠢᠭᠤᠯᠬᠤ᠂ ᠬᠠᠮᠲᠤᠷᠠᠯᠴᠠᠭᠠᠨ ᠤ | ᠬᠡᠪᠴᠢᠶ᠎ᠡ ᠶᠢ ᠥᠷᠭᠡᠳᠬᠡᠬᠦ᠂ ᠬᠠᠮᠲᠤᠷᠠᠯᠴᠠᠭᠠᠨ ᠤ ᠲᠠᠰ ᠳᠠᠪᠬᠤᠷᠭ᠎ᠠ ᠶᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠪᠠᠷ ᠳᠠᠮᠵᠢᠭᠤᠯᠤᠨ | ᠠᠰᠢᠭᠲᠠᠢ ᠲᠤᠷᠰᠢᠯᠲᠠ ᠬᠢᠵᠡᠢ᠃ ᠬᠤᠷᠰᠢᠶᠠᠨ ᠤ ᠬᠤᠯᠪᠣᠭᠠᠯᠠᠯ ᠪᠠ ᠬᠥᠭᠵᠢᠯᠲᠡ᠂ ᠬᠤᠷᠰᠢᠶ᠎ᠠ ᠶᠢ ᠬᠥᠲᠥᠯᠥᠨ | ᠵᠢᠯᠤᠭᠤᠳᠴᠤ ᠪᠠᠶᠢᠭᠠᠳ ᠪᠦᠷᠢᠯᠳᠦᠭᠦᠨ ᠤ ᠬᠠᠮᠲᠤᠷᠠᠯᠴᠠᠭᠠᠨ ᠤ ᠬᠡᠪᠴᠢᠶ᠎ᠡ ᠶᠢ ᠥᠷᠭᠡᠳᠬᠡᠵᠦ᠂ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠵᠣᠬᠢᠬᠤ ᠦᠷ᠎ᠡ ᠪᠦᠲᠦᠮᠵᠢ ᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠬᠦᠯᠦᠨ ᠪᠣᠶᠢᠷ ᠬᠤᠲᠠ ᠶᠢᠨ ᠳᠠᠷᠠᠭᠠᠴᠢ ᠶᠢᠨ | ᠠᠯᠬᠤᠮ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠢ ᠡᠷᠬᠢᠮ ᠨᠠᠨᠳᠢᠨ ᠰᠠᠨᠠᠭᠤᠯᠭ᠎ᠠ | ᠳᠤᠷᠠᠳᠤᠭᠰᠠᠨ ᠪᠠᠶᠢᠨ᠎ᠠ᠃ |