ᠰᠢᠭᠡᠰᠦᠯᠢᠭ ᠡᠳ᠋ ᠲᠤ ᠦᠨᠳᠦᠰᠦ ᠭᠡᠮᠳᠦᠬᠦ ᠶᠢ ᠬᠡᠷᠬᠢᠨ ᠰᠡᠷᠭᠡᠶᠢᠯᠡᠬᠦ ᠪᠤᠢ
ᠨᠡᠶᠢᠲᠡᠯᠡᠭᠰᠡᠨ ᠴᠠᠭ᠄
2023/5/4
      ᠶᠠᠮᠠᠷᠪᠠ ᠨᠢᠭᠡ ᠵᠦᠢᠯ ᠤᠨ ᠪᠣᠷᠳᠣᠭᠤᠷ ᠨᠢ ᠴᠥᠮ ᠲᠠᠷᠢᠮᠠᠯ ᠤᠨ ᠦᠨᠳᠦᠰᠦ ᠶᠢᠨ ᠰᠢᠰᠲ᠋ᠧᠮ ᠳᠤ ᠮᠠᠭᠤ ᠨᠥᠯᠥᠭᠡ ᠦᠵᠡᠭᠦᠯᠵᠦ ᠮᠡᠳᠡᠨ᠎ᠠ ᠭᠡᠵᠦ ᠬᠡᠯᠡᠵᠦ ᠪᠣᠯᠣᠨ᠎ᠠ᠂ ᠡᠨᠡ ᠨᠢ ᠭᠤᠣᠯᠳᠠᠭᠤ ᠣᠷᠣᠭᠤᠯᠬᠤ ᠬᠡᠮᠵᠢᠶᠡᠨ ᠤ ᠤᠯᠠᠨ ᠴᠥᠭᠡᠨ ᠢ ᠦᠵᠡᠨ᠎ᠡ᠃ ᠬᠡᠲᠦᠷᠬᠡᠢ ᠠᠷᠪᠢᠨ ᠪᠣᠷᠳᠣᠭᠤᠷ ᠲᠠᠷᠢᠮᠠᠯ ᠤᠨ ᠦᠨᠳᠦᠰᠦ ᠶᠢᠨ ᠬᠡᠰᠡᠭ ᠲᠤ ᠲᠥᠪᠯᠡᠷᠡᠵᠦ᠂ ᠲᠠᠷᠢᠮᠠᠯ ᠤᠨ ᠦᠨᠳᠦᠰᠦ ᠨᠢ ᠪᠣᠷᠳᠣᠭᠤᠷ  ᠲᠠᠢ ᠬᠦᠷᠦᠯᠴᠡᠬᠦ ᠦᠶᠡᠰ ᠤᠰᠤ ᠳᠤᠲᠠᠭᠳᠠᠨ᠎ᠠ᠂ ᠢᠩᠭᠢᠪᠡᠯ ᠲᠠᠷᠢᠮᠠᠯ ᠤᠨ ᠦᠨᠳᠦᠰᠦ ᠶᠢᠨ ᠰᠢᠰᠲ᠋ᠧᠮ ᠳᠤ ᠮᠠᠭᠤ ᠨᠥᠯᠥᠭᠡ ᠦᠵᠡᠭᠦᠯᠬᠦ ᠪᠣᠯᠣᠨ᠎ᠠ᠃      ᠰᠢᠭᠡᠰᠦᠯᠢᠭ ᠡᠳ᠋ ᠢ ᠬᠥᠷᠥᠰᠥᠨ ᠳᠤ ᠣᠷᠣᠭᠤᠯᠤᠭᠰᠠᠨ ᠤ ᠳᠠᠷᠠᠭ᠎ᠠ ᠦᠨᠳᠦᠰᠦ ᠢ ᠰᠢᠲᠠᠭᠠᠬᠤ ᠠᠴᠠ ᠵᠠᠶᠢᠯᠠᠰᠬᠢᠵᠦ᠂ ᠬᠥᠷᠥᠰᠥᠨ ᠳᠤ ᠭᠦᠢᠴᠡᠳ ᠬᠡᠮᠵᠢᠶᠡᠨ ᠤ ᠤᠰᠤᠨ ᠤ ᠠᠭᠤᠯᠤᠭᠳᠠᠴᠠ ︵ᠶᠡᠷᠦ ᠳᠡᠭᠡᠨ 70%-80% ᠣᠷᠴᠢᠮ︶ ᠪᠠᠶᠢᠯᠭᠠᠬᠤ ᠬᠡᠷᠡᠭᠲᠡᠢ᠂ ᠡᠰᠡ ᠲᠡᠭᠡᠪᠡᠯ ᠰᠢᠭᠡᠰᠦᠯᠢᠭ ᠡᠳ᠋ ᠤᠨ ᠤᠰᠤᠨ ᠤ ᠵᠠᠳᠠᠷᠠᠯᠲᠠ ᠶᠢᠨ ᠬᠤᠷᠳᠤᠴᠠ ᠶᠢ ᠨᠥᠯᠥᠭᠡᠯᠡᠵᠦ᠂ ᠪᠣᠷᠳᠣᠭᠤᠷ ᠤᠨ ᠦᠢᠯᠡᠳᠦᠯ ᠢ ᠪᠠᠳᠠᠷᠠᠭᠤᠯᠬᠤ ᠶᠢ ᠨᠥᠯᠥᠭᠡᠯᠡᠨ᠎ᠡ᠃ ᠡᠶᠢᠮᠦ ᠠᠴᠠ ᠬᠥᠷᠥᠰᠥ ᠰᠢᠷᠣᠢ ᠨᠡᠯᠢᠶᠡᠳ ᠭᠠᠩ ᠬᠠᠭᠤᠷᠠᠢ ᠪᠣᠯ ᠰᠢᠭᠡᠰᠦᠯᠢᠭ ᠡᠳ᠋ ᠣᠷᠣᠭᠤᠯᠤᠭᠰᠠᠨ ᠤ ᠳᠠᠷᠠᠭ᠎ᠠ ᠬᠥᠷᠥᠰᠥᠨ ᠳᠤ ᠵᠣᠬᠢᠬᠤ ᠬᠡᠮᠵᠢᠶᠡᠨ ᠤ ᠤᠰᠤ ᠣᠷᠣᠭᠤᠯᠵᠤ ᠪᠣᠷᠳᠣᠭᠤᠷ ᠤᠨ ᠦᠢᠯᠡᠳᠦᠯ ᠢ ᠪᠠᠳᠠᠷᠠᠭᠤᠯᠬᠤ ᠳᠤ ᠠᠰᠢᠭᠲᠠᠢ ᠪᠣᠯᠭᠠᠨ᠎ᠠ᠃ ᠰᠢᠭᠡᠰᠦᠯᠢᠭ ᠡᠳ᠋ ᠤᠨ ᠳᠣᠲᠣᠷᠠᠬᠢ ᠠᠽᠣᠲ ᠡᠳ᠋ ᠨᠢ ᠠᠮᠠᠷᠬᠠᠨ ᠢᠯᠭᠠᠷᠠᠨ ᠳᠡᠭᠳᠡᠳᠡᠭ᠂ ᠡᠶᠢᠮᠦ ᠠᠴᠠ ᠰᠢᠭᠡᠰᠦᠯᠢᠭ ᠡᠳ᠋ ᠢ ᠬᠡᠷᠡᠭᠯᠡᠪᠡᠯ ᠭᠤᠤ ᠰᠤᠪᠠᠭ ᠲᠤ ᠣᠷᠣᠭᠤᠯᠵᠤ ᠬᠥᠷᠥᠰᠥ ᠶᠢ ᠨᠢ ᠬᠥᠷᠪᠡᠭᠦᠯᠦᠨ᠎ᠡ᠃ ᠡᠭᠦᠨ ᠠᠴᠠ ᠭᠠᠳᠠᠨ᠎ᠠ᠂ ᠰᠢᠭᠡᠰᠦᠯᠢᠭ ᠡᠳ᠋ ᠲᠤ ᠵᠥᠪᠬᠡᠨ ᠠᠽᠣᠲ ᠡᠳ᠋ ︵ᠴᠡᠪᠡᠷ ᠠᠽᠣᠲ ᠠᠭᠤᠯᠤᠭᠳᠠᠬᠤ ᠳᠤ ᠶᠡᠷᠦ ᠳᠡᠭᠡᠨ 46% ᠪᠠᠶᠢᠳᠠᠭ︶ ᠠᠭᠤᠯᠳᠠᠭ ᠪᠣᠯᠬᠤᠷ᠂ ᠬᠡᠳᠦ ᠹᠣᠰᠹᠣᠷ ᠬᠦᠴᠢᠯ ᠤᠨ ᠺᠠᠯᠼ᠂ ᠾᠯᠣᠷᠲᠤ ᠺᠠᠯᠢ ᠪᠤᠶᠤ ᠬᠦᠬᠦᠷ ᠬᠦᠴᠢᠯ ᠤᠨ ᠺᠠᠯᠢ ᠪᠤᠶᠤ ᠢᠯᠵᠢᠷᠡᠵᠦ ᠪᠣᠯᠪᠠᠰᠤᠷᠠᠭᠰᠠᠨ ᠵᠢᠭᠦᠷᠲᠡᠨ ᠮᠠᠯ ᠤᠨ ᠢᠯᠭᠠᠳᠠᠰᠤᠨ ᠪᠣᠷᠳᠣᠭᠤᠷ ᠲᠠᠢ ᠬᠤᠯᠢᠵᠤ ᠬᠡᠷᠡᠭᠯᠡᠵᠦ ᠪᠣᠯᠣᠨ᠎ᠠ᠃      ᠰᠢᠭᠡᠰᠦᠯᠢᠭ ᠡᠳ᠋ ᠢ ᠬᠠᠭᠤᠷᠠᠢ ᠪᠠᠷ ᠣᠷᠣᠭᠤᠯᠪᠠᠯ ᠦᠨᠳᠦᠰᠦ ᠶᠢ ᠰᠢᠲᠠᠭᠠᠬᠤ ᠠᠰᠠᠭᠤᠳᠠᠯ ᠳᠤ ᠴᠢᠭᠯᠡᠭᠦᠯᠦᠨ᠂ ᠲᠡᠭᠦᠨ ᠤ ᠠᠭᠤᠯᠵᠤ ᠪᠠᠶᠢᠭ᠎ᠠ ᠠᠽᠣᠲ ᠡᠯᠧᠮᠧᠨ᠋ᠲ ᠨᠢ ᠤᠷᠭᠤᠮᠠᠯ ᠳᠤ ᠤᠰᠤ ᠲᠤᠳᠠᠬᠳᠠᠭᠤᠯᠵᠤ ᠦᠬᠦᠭᠦᠯᠳᠡᠭ᠂ ᠪᠠᠰᠠ ᠬᠡᠷᠡᠭᠯᠡᠬᠦ ᠦᠶ᠎ᠡ ᠳᠤ ᠬᠠᠮᠤᠭ ᠰᠠᠶᠢᠨ ᠨᠢ ᠤᠰᠤᠯᠠᠯᠲᠠ ᠲᠠᠢ ᠤᠶᠠᠯᠳᠤᠭᠤᠯᠵᠤ ᠬᠢᠬᠦ ᠮᠥᠷᠲᠡᠭᠡᠨ ᠦᠨᠳᠦᠰᠦ ᠶᠢᠨ ᠬᠡᠰᠡᠭ ᠠᠴᠠ ᠬᠤᠶᠠᠷ ᠠᠴᠠ ᠭᠤᠷᠪᠠᠨ ᠢᠮᠠᠬᠤ ᠵᠠᠶᠢᠲᠠᠢ ᠭᠠᠵᠠᠷ ᠲᠤ ᠪᠣᠷᠳᠣᠭᠤᠷ ᠣᠷᠣᠭᠤᠯᠬᠤ ᠴᠢᠬᠤᠯᠠ ᠲᠠᠢ︔ ᠬᠡᠷᠪᠡ ᠵᠠᠪᠠᠯ ᠬᠠᠭᠤᠷᠠᠢ ᠪᠠᠷ ᠣᠷᠣᠭᠤᠯᠪᠠᠯ ᠬᠠᠮᠤᠭ ᠰᠠᠶᠢᠨ ᠨᠢ ᠦᠳᠡ ᠶᠢᠨ ᠬᠤᠶᠢᠨ᠎ᠠ ᠪᠣᠷᠳᠣᠭᠤᠷ ᠣᠷᠣᠭᠤᠯᠤᠨ᠎ᠠ᠂ ᠢᠩᠭᠢᠪᠡᠯ ᠰᠥᠨᠢ ᠶᠢᠨ ᠰᠢᠭᠦᠳᠡᠷᠢ ᠶᠢᠨ ᠤᠰᠤᠨ ᠳᠤ ᠰᠢᠭᠡᠰᠦᠯᠢᠭ ᠡᠳ᠋ ᠳᠠᠷᠤᠢ ᠠᠭᠤᠰᠴᠤ᠂ ᠬᠥᠷᠥᠰᠥᠨ ᠳᠤ ᠰᠢᠩᠭᠡᠭᠡᠭᠳᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号