ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠳᠦᠴᠢᠳᠦᠭᠡᠷ ᠬᠤᠭᠤᠴᠠᠭᠠᠨ ᠤ ᠢᠲ᠋ᠠᠯᠢ ᠶᠢᠨ ᠣᠯᠠᠨ ᠤᠯᠤᠰ ᠤᠨ ᠵᠢᠮᠢᠰ ᠢᠳᠡᠰᠢᠨ ᠨᠣᠭᠤᠭ᠎ᠠ ᠶᠢᠨ ᠦᠵᠡᠭᠦᠯᠭᠡ ᠳᠤ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2023/5/8
      ᠪᠡᠭᠡᠵᠢᠩ ᠤᠨ ᠴᠠᠭ ᠢᠶᠠᠷ 5 ᠰᠠᠷ᠎ᠠ ᠶᠢᠨ 5 ᠤ ᠡᠳᠦᠷ᠂ ᠳᠦᠴᠢᠳᠦᠭᠡᠷ ᠬᠤᠭᠤᠴᠠᠭᠠᠨ ᠤ ᠢᠲ᠋ᠠᠯᠢ ᠶᠢᠨ ᠣᠯᠠᠨ ᠤᠯᠤᠰ ᠤᠨ ᠵᠢᠮᠢᠰ ᠢᠳᠡᠰᠢᠨ ᠨᠣᠭᠤᠭ᠎ᠠ ᠶᠢᠨ ᠦᠵᠡᠭᠦᠯᠭᠡ ᠤᠷᠤᠭᠰᠢᠲᠠᠶ ᠲᠡᠭᠦᠰᠪᠡ᠂ ᠤᠯᠠᠭᠠᠨᠬᠠᠳᠠ ᠬᠤᠲᠠ ᠶᠢᠨ ᠦᠵᠡᠭᠦᠯᠭᠡ ᠳᠤ ᠣᠷᠣᠯᠴᠠᠭᠰᠠᠨ ᠠᠵᠤ ᠠᠬᠤᠶᠢᠯᠠᠯ ᠤᠨ ᠡᠨᠡ ᠤᠳᠠᠭᠠᠨ ᠤ ᠭᠠᠳᠠᠭᠠᠳᠤ ᠶᠢᠨ ᠠᠶᠠᠯᠠᠯ ᠤᠨ ᠠᠮᠵᠢᠯᠳᠠ ᠦᠨᠳᠦᠷ᠂ ᠬᠤᠷᠢᠶᠠᠯᠳᠠ ᠡᠯᠪᠡᠭ᠃ ᠰᠦᠩᠱᠠᠨ ᠲᠣᠭᠤᠷᠢᠭ ᠤᠨ ᠹᠧᠩ ᠾᠧ ᠿᠢ ᠯᠢ ᠦᠵᠡᠭᠦᠯᠭᠡ ᠶᠢᠨ ᠡᠳ᠋ ᠤᠨ ᠠᠮᠲᠠᠲᠤ ᠲᠥᠪᠡᠳ ᠬᠠᠰᠢ ᠬᠥᠮᠦᠰ ᠤᠨ ᠠᠩᠬᠠᠷᠤᠯ ᠢ ᠲᠠᠲᠠᠵᠤ᠂ ᠢᠰᠫᠠᠨᠢ ᠶᠢᠨ ᠨᠢᠭᠡᠨ ᠲᠠᠷᠢᠮᠠᠯ ᠤᠨ ᠠᠵᠤ ᠠᠬᠤᠶᠢᠯᠠᠯ ᠠᠮᠲᠠᠲᠤ ᠲᠥᠪᠡᠳ ᠬᠠᠰᠢ ᠶᠢᠨ ᠦᠷ᠎ᠡ ᠶᠢ ᠣᠷᠣᠭᠤᠯᠤᠨ ᠠᠪᠴᠢᠷᠠᠵᠤ ᠲᠠᠷᠢᠬᠤ ᠲᠤᠷᠰᠢᠯᠲᠠ ᠬᠢᠬᠦ ᠶᠢᠨ ᠬᠠᠮᠲᠤ ᠦᠷᠭᠦᠯᠵᠢᠯᠡᠨ ᠬᠠᠮᠲᠤᠷᠠᠯᠴᠠᠬᠤ ᠤᠴᠢᠷ ᠶᠠᠪᠤᠳᠠᠯ ᠢ ᠥᠷᠨᠢᠭᠦᠯᠪᠡ᠃ ᠹᠧᠩ ᠡᠾᠧ ᠿᠢ ᠯᠢ ᠪᠠᠰᠠ ᠠᠷᠠᠪ ᠤᠨ ᠬᠤᠯᠪᠣᠭᠠᠲᠤ ᠠᠬᠠᠮᠠᠳᠳᠤ ᠤᠯᠤᠰ᠂ ᠶᠤᠷᠳᠠᠨ ᠤᠯᠤᠰ ᠤᠨ ᠭᠤᠷᠪᠠᠨ ᠺᠣᠮᠫᠠᠨᠢ ᠲᠠᠢ ᠬᠤᠯᠤᠤᠪᠠᠩ ᠤᠨ ᠪᠦᠲᠦᠭᠡᠭᠳᠡᠬᠦᠨ ᠤ ᠲᠤᠬᠠᠶ ᠵᠢᠯ ᠲᠤᠷᠰᠢ ᠵᠠᠬᠢᠶᠠᠯᠠᠨ ᠬᠤᠳᠠᠯᠳᠤᠵᠤ ᠠᠪᠬᠤ ᠬᠡᠯᠡᠯᠴᠡᠭᠡᠷ ᠲᠣᠭᠲᠠᠪᠠ᠃ ᠨᠢᠩᠴᠧᠩ ᠤᠨ ᠯᠢᠦᠢ ᠹᠠ ᠪᠠᠭ᠎ᠠ ᠬᠤᠲᠠ ᠲᠠᠨᠽᠠᠨᠢᠶ᠎ᠠ ᠶᠢᠨ ᠲᠠᠷᠢᠶᠠᠯᠠᠩ ᠤᠨ ᠺᠣᠮᠫᠠᠨᠢ ᠲᠠᠢ ᠢᠰᠭᠡᠭᠦᠷ ᠪᠠ ᠠᠮᠢᠳᠤ ᠪᠣᠳᠠᠰ ᠤᠨ ᠪᠠᠺᠲ᠋ᠧᠷᠢ ᠡᠮ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠣᠷᠣᠭᠤᠯᠬᠤ ᠰᠠᠨᠠᠮᠵᠢ ᠲᠣᠭᠲᠠᠪᠠ᠃      ᠲᠣᠰ ᠤᠳᠠᠭᠠᠨ ᠤ ᠦᠵᠡᠭᠦᠯᠭᠡ ᠳᠤ ᠤᠯᠠᠭᠠᠨᠬᠠᠳᠠ ᠬᠤᠲᠠ ᠶᠢᠨ 4 ᠠᠵᠤ ᠠᠬᠤᠶᠢᠯᠠᠯ ᠪᠠ ᠤᠯᠤᠰ ᠤᠨ ᠳᠣᠲᠣᠭᠠᠳᠤ ᠶᠢᠨ ᠡᠯ᠎ᠡ ᠠᠵᠤ ᠠᠬᠤᠶᠢᠯᠠᠯ ᠤᠨ ᠬᠤᠭᠤᠷᠣᠨᠳᠣ ᠪᠠᠰᠠ ᠰᠠᠶᠢᠨ ᠰᠠᠶᠢᠬᠠᠨ ᠬᠠᠷᠢᠯᠴᠠᠭ᠎ᠠ ᠪᠠᠶᠢᠭᠤᠯᠵᠤ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ᠂ ᠬᠠᠷᠢᠯᠴᠠᠨ ᠠᠰᠢᠭ ᠣᠯᠭᠤᠵᠤ ᠬᠠᠷᠢᠯᠴᠠᠨ ᠬᠠᠷᠠᠭᠠᠯᠵᠠᠯ ᠦᠵᠡᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠣᠯᠠᠨ ᠠᠷᠭ᠎ᠠ ᠵᠠᠮ ᠢᠶᠠᠷ ᠬᠥᠭᠵᠢᠬᠦ ᠬᠠᠮᠲᠤ ᠶᠢᠨ ᠬᠦᠰᠡᠯ ᠡᠷᠡᠮᠡᠯᠵᠡᠯ ᠢᠶᠠᠨ ᠬᠠᠮᠲᠤ ᠪᠠᠷ ᠢᠯᠡᠳᠬᠡᠭᠰᠡᠨ ᠪᠥᠭᠡᠳ ᠪᠠᠰᠠ ᠤᠯᠠᠭᠠᠨᠬᠠᠳᠠ ᠶᠢᠨ ᠲᠠᠷᠢᠶᠠᠯᠠᠩ ᠤᠨ ᠠᠵᠤ ᠠᠬᠤᠶᠢᠯᠠᠯ ᠳᠤ ᠳᠡᠯᠡᠬᠡᠶ ᠶᠢᠨ ᠶᠡᠭᠡ ᠡᠭᠦᠳᠡ ᠶᠢ ᠨᠡᠭᠡᠭᠡᠨ ᠥᠭᠴᠦ᠂ ᠤᠯᠠᠭᠠᠨᠬᠠᠳᠠ ᠬᠤᠲᠠ ᠶᠢᠨ ᠦᠵᠡᠭᠦᠯᠭᠡ ᠳᠤ ᠣᠷᠣᠯᠴᠠᠭᠰᠠᠨ ᠠᠵᠤ ᠠᠬᠤᠶᠢᠯᠠᠯ ᠴᠥᠮ ᠺᠠᠮᠧᠷᠣᠨ ᠤ 6 ᠰᠠᠷ᠎ᠠ ᠶᠢᠨ ᠳᠤᠮᠳᠠᠴᠢ ᠪᠠᠷ ᠡᠷᠭᠢᠯᠡᠬᠦ ᠦᠵᠡᠭᠦᠯᠭᠡ ᠶᠢᠨ ᠴᠤᠭᠯᠠᠭᠠᠨ ᠤ ᠤᠷᠢᠯᠭ᠎ᠠ ᠶᠢ ᠣᠯᠤᠭᠰᠠᠨ ᠪᠠᠶᠢᠨ᠎ᠠ᠃
1.jpg
 
2.jpg
3.jpg
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号