ᠮᠠᠯ ᠤᠨ ᠡᠮ ᠤᠨ GMP ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢ ᠵᠥᠪᠰᠢᠶᠡᠷᠡᠬᠦ ᠪᠠᠷ ᠪᠠᠶᠢᠭ᠎ᠠ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/5/8
      ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ︵2020 ᠣᠨ ᠳᠤ ᠵᠠᠰᠠᠪᠤᠷᠢ ᠣᠷᠣᠭᠤᠯᠤᠭᠰᠠᠨ︶︾ ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠴᠠᠭᠠᠵᠤ ᠰᠢᠯᠭᠠᠨ ᠠᠪᠬᠤ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GMP ᠪᠠᠶᠢᠴᠠᠭᠠᠵᠤ ᠰᠢᠯᠭᠠᠨ ᠠᠪᠬᠤ ᠠᠵᠢᠯ ᠤᠨ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠷᠦᠢ ᠫᠦ᠋ ᠳ᠋ᠠ ᠳ᠋ᠢ ᠠᠮᠢᠳᠤ ᠪᠣᠳᠠᠰ ᠤᠨ ᠡᠮ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠮᠠᠯ ᠤᠨ ᠡᠮ ᠤᠨ GMP ᠲᠤᠬᠠᠶ ᠶᠢᠨ ᠲᠠᠯᠠᠪᠤᠷ ᠤᠨ ᠪᠠᠶᠢᠴᠠᠭᠠᠨ ᠰᠢᠯᠭᠠᠯᠲᠠ ᠳᠤ ᠬᠢᠷᠢ ᠲᠡᠩᠴᠡᠵᠦ᠂ GMP ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢᠶᠠᠷ ᠵᠥᠪᠰᠢᠶᠡᠷᠡᠬᠦ ᠪᠠᠷ ᠪᠠᠶᠢᠨ᠎ᠠ᠂ ᠡᠳᠦᠭᠡ ᠢᠯᠡ ᠨᠡᠶᠢᠲᠡᠯᠡᠪᠡ᠃      ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 5 ᠰᠠᠷ᠎ᠠ ᠶᠢᠨ 8 ᠤ ᠡᠳᠦᠷ ᠠᠴᠠ 5 ᠰᠠᠷ᠎ᠠ ᠶᠢᠨ 12 ᠤᠨ ᠡᠳᠦᠷ ᠪᠣᠯᠲᠠᠯ᠎ᠠ᠃ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠳᠤᠰᠬᠠᠭᠠᠷᠠᠢ᠃      ᠬᠠᠷᠢᠯᠴᠠᠬᠤ ᠬᠦᠮᠦᠨ᠄ ᠴᠧᠨ ᠬᠠᠶ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ 70 ᠳ᠋ᠤᠭᠠᠷ ᠨᠣᠮᠧᠷ      ᠳᠠᠭᠠᠯᠳᠤᠭᠤᠯᠤᠯ᠄ ᠮᠠᠯ ᠤᠨ ᠡᠮ ᠤᠨ GMP ᠲᠤᠬᠠᠶ ᠶᠢᠨ ᠲᠠᠯᠠᠪᠤᠷ ᠤᠨ ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠢᠯᠡ ᠨᠡᠶᠢᠲᠡᠯᠡᠯ ᠤᠨ ᠬᠦᠰᠦᠨᠦᠭᠲᠦ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                              2023 ᠣᠨ ᠤ 5 ᠰᠠᠷ᠎ᠠ ᠶᠢᠨ 7 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号