2023 ᠣᠨ ᠤ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/5/8
      ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠪᠡ᠃ ᠡᠯ᠎ᠡ ᠭᠠᠵᠠᠷ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠭᠦᠢᠴᠡᠳ ᠪᠠᠶᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠪᠠ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠰᠠᠶᠢᠵᠢᠷᠠᠵᠤ᠂ ᠵᠤᠭᠰᠤᠭ᠎ᠠ ᠮᠠᠯ ᠤᠨ ᠬᠡᠪᠴᠢᠶ᠎ᠡ ᠦᠷᠭᠦᠯᠵᠢᠯᠡᠨ ᠦᠷᠭᠡᠳᠪᠡ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠮᠢᠳᠤ ᠭᠠᠭ᠋ᠠᠢ ᠶᠢᠨ ᠲᠤᠭ᠎ᠠ 577.6 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠨᠡᠮᠡᠭᠳᠡᠪᠡ︔  ᠲᠡᠵᠢᠭᠡᠵᠦ ᠪᠠᠶᠢᠭ᠎ᠠ ᠦᠬᠡᠷ ᠤᠨ ᠲᠤᠭ᠎ᠠ 880.6 ᠲᠦᠮᠡ ᠳᠤ ᠬᠦᠷᠴᠦ᠂ 9.3% ᠪᠠᠷ ᠨᠡᠮᠡᠭᠳᠡᠪᠡ︔ ᠲᠡᠵᠢᠭᠡᠵᠦ ᠪᠠᠶᠢᠭ᠎ᠠ ᠬᠤᠨᠢᠨ ᠤ ᠲᠤᠭ᠎ᠠ 6887.0 ᠲᠦᠮᠡ ᠳᠤ ᠬᠦᠷᠴᠦ᠂ 2.7% ᠪᠠᠷ ᠨᠡᠮᠡᠭᠳᠡᠪᠡ︔ ᠭᠡᠷ ᠤᠨ ᠵᠢᠭᠦᠷᠲᠡᠨ ᠤ ᠲᠤᠭ᠎ᠠ 6100.5 ᠲᠦᠮᠡ ᠪᠠᠶᠢᠵᠤ᠂ 2.5% ᠪᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 40.7 ᠲᠦᠮᠡᠨ ᠲᠣᠨ ᠳᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠃ ᠦᠨᠢᠶᠡᠨ ᠰᠦ ᠶᠢᠨ ᠭᠠᠷᠤᠯᠲᠠ 147.9 ᠲᠦᠮᠡᠨ ᠲᠣᠨ ᠳᠤ ᠬᠦᠷᠴᠦ ᠂ 7.6 % ᠪᠠᠷ ᠨᠡᠮᠡᠭᠳᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号