︵2005 ᠣᠨ ᠤ 12 ᠰᠠᠷ᠎ᠠ ᠶᠢᠨ 29 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠪᠠᠲᠤᠯᠠᠪᠠ | 2015 ᠣᠨ ᠤ 4 ᠰᠠᠷ᠎ᠠ ᠶᠢᠨ 24 ᠤ ᠡᠳᠦᠷ ᠬᠤᠷᠠᠯᠳᠤᠭᠰᠠᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠦᠷᠪᠡᠳᠦᠭᠡᠷ ᠬᠤᠷᠠᠯᠳᠤᠭᠠᠨ | ᠲᠡᠭᠡᠷ᠎ᠡ ︽︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ﹀ ᠵᠡᠷᠭᠡ ᠲᠠᠪᠤᠨ ᠬᠠᠤᠯᠢ ᠳᠤ | ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠳᠤ ᠵᠠᠰᠠᠪᠤᠷᠢ ᠤᠷᠤᠭᠤᠯᠤᠨ 2022 ᠣᠨ ᠤ 10 ᠰᠠᠷ᠎ᠠ ᠶᠢᠨ 30 ᠤ | ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯᠳᠤᠭᠠᠨ ᠠᠴᠠ ᠵᠠᠰᠠᠪᠤᠷᠢ ᠤᠷᠤᠭᠤᠯᠤᠨ ᠳᠤᠭᠳᠠᠭᠠᠪᠠ︶ | ᠭᠠᠷᠴᠠᠭ | ᠨᠢᠭᠡᠳᠦᠭᠡᠷ ᠪᠦᠯᠦᠭ ᠶᠡᠷᠦᠩᠬᠡᠢ ᠳᠦᠷᠢᠮ | ᠬᠤᠶᠠᠳᠤᠭᠠᠷ ᠪᠦᠯᠦᠭ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ | ᠭᠤᠷᠪᠠᠳᠤᠭᠠᠷ ᠪᠦᠯᠦᠭ ᠦᠷ᠎ᠡ ᠶᠢᠨ ᠮᠠᠯ ᠵᠢᠭᠦᠷᠲᠡᠨ ᠤ ᠡᠭᠦᠯᠳᠡᠷ ᠢ ᠰᠣᠩᠭᠤᠨ ᠪᠣᠶᠢᠵᠢᠭᠤᠯᠬᠤ ᠪᠠ | ᠦᠢᠯᠡᠳᠪᠦᠷᠢᠯᠡᠵᠦ ᠡᠵᠡᠩᠨᠡᠬᠦ | ᠳᠥᠷᠪᠡᠳᠦᠭᠡᠷ ᠪᠦᠯᠦᠭ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ | ᠲᠠᠪᠤᠳᠤᠭᠠᠷ ᠪᠦᠯᠦᠭ ᠪᠡᠯᠴᠢᠭᠡᠷ ᠤᠨ ᠮᠠᠯ ᠠᠵᠤ ᠠᠬᠤᠢ | ᠵᠢᠷᠭᠤᠳᠤᠭᠠᠷ ᠪᠦᠯᠦᠭ ᠮᠠᠯ ᠵᠢᠭᠦᠷᠲᠡᠨ ᠢ ᠠᠷᠠᠯᠵᠢᠶᠠᠯᠠᠬᠤ ᠪᠠ ᠲᠡᠭᠡᠭᠡᠪᠦᠷᠢᠯᠡᠬᠦ | ᠳᠣᠯᠣᠳᠤᠭᠠᠷ ᠪᠦᠯᠦᠭ ᠮᠠᠯ ᠵᠢᠭᠦᠷᠲᠡᠨ ᠢ ᠨᠢᠲᠤᠯᠬᠤ | ᠨᠠᠢᠮᠠᠳᠤᠭᠠᠷ ᠪᠦᠯᠦᠭ ᠪᠠᠳᠤᠯᠠᠭ᠎ᠠ ᠪᠠ ᠬᠢᠨᠠᠯᠳᠠ | ᠶᠢᠰᠦᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ | ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ | ᠮᠠᠯ ᠵᠢᠭᠦᠷᠲᠡᠨ ᠤ ᠪᠦᠲᠦᠭᠡᠭᠳᠡᠭᠦᠨ ᠤ ᠬᠠᠩᠭᠠᠯᠭ᠎ᠠ ᠪᠠ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ ᠂ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠨ᠂ ᠮᠠᠯ ᠵᠢᠭᠦᠷᠲᠡᠨ ᠤ ᠰᠢᠯᠢᠳᠡᠭ | ᠡᠭᠦᠯᠳᠡᠷ ᠢ ᠪᠣᠶᠢᠵᠢᠭᠤᠯᠤᠨ ᠳᠡᠯᠭᠡᠷᠡᠭᠦᠯᠵᠦ ᠂ ᠮᠠᠯ ᠵᠢᠭᠦᠷᠲᠡᠨ ᠤ ᠦᠷ᠎ᠡ ᠶᠢᠨ ᠦᠢᠯᠡᠰ ᠢ ᠬᠥᠭᠵᠢᠭᠦᠯᠦᠨ ᠂ ᠮᠠᠯ ᠠᠵᠤ ᠠᠬᠤᠢ | ᠦᠢᠯᠡᠳᠪᠦᠷᠢᠯᠡᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠂ ᠦᠷᠡᠵᠢᠭᠦᠯᠦᠨ ᠪᠣᠶᠢᠵᠢᠭᠤᠯᠬᠤ ᠂ ᠲᠡᠵᠢᠭᠡᠬᠦ ᠂ | ᠡᠵᠡᠩᠨᠡᠬᠦ ᠂ ᠵᠥᠭᠡᠭᠡᠪᠦᠷᠢᠯᠡᠬᠦ ᠂ ᠨᠢᠲᠤᠯᠬᠤ ᠵᠡᠷᠭᠡ ᠠᠵᠢᠯᠯᠠᠭ᠎ᠠ ᠬᠢᠬᠦ ᠳᠤ ᠲᠤᠰ ᠬᠠᠤᠯᠢ ᠶᠢ ᠬᠡᠷᠡᠭᠯᠡᠨ᠎ᠡ᠃ | ᠲᠤᠰ ᠬᠠᠤᠯᠢ ᠳᠤ ᠬᠡᠯᠡᠵᠦ ᠪᠠᠶᠢᠭ᠎ᠠ ᠮᠠᠯ ᠵᠢᠭᠦᠷᠲᠡᠨ ᠭᠡᠳᠡᠭ ᠨᠢ ᠲᠤᠰ ᠬᠠᠤᠯᠢ ᠶᠢᠨ ᠠᠷᠪᠠᠨ ᠬᠤᠶᠠᠳᠤᠭᠠᠷ | ᠵᠦᠢᠯ ᠤᠨ ᠲᠣᠭᠲᠠᠭᠠᠯ ᠶᠣᠰᠣᠭᠠᠷ ᠨᠡᠶᠢᠲᠡᠯᠡᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ | ᠵᠢᠭᠰᠠᠭᠠᠭᠰᠠᠨ ᠮᠠᠯ ᠵᠢᠭᠦᠷᠲᠡᠨ ᠢ ᠵᠢᠭᠠᠵᠤ ᠪᠠᠶᠢᠨ᠎ᠠ᠃ | ᠵᠥᠭᠡᠢ ᠂ ᠬᠦᠷᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠ ᠦᠢᠯᠡᠳᠪᠦᠷᠢᠯᠡᠵᠦ ᠡᠵᠡᠩᠨᠡᠬᠦ ᠳᠤ ᠲᠤᠰ ᠬᠠᠤᠯᠢ ᠶᠢᠨ | ᠬᠤᠯᠪᠣᠭᠳᠠᠯ ᠪᠦᠬᠦᠢ ᠲᠣᠭᠲᠠᠭᠠᠯ ᠢ ᠬᠡᠷᠡᠭᠯᠡᠨ᠎ᠡ᠃ | ᠭᠤᠷᠪᠠᠳᠤᠭᠠᠷ ᠵᠦᠢᠯ ᠤᠯᠤᠰ ᠠᠴᠠ ᠮᠠᠯ ᠠᠵᠤ ᠠᠬᠤᠢ ᠶᠢᠨ ᠬᠥᠭᠵᠢᠯᠲᠡ ᠶᠢ ᠲᠡᠮᠵᠢᠵᠤ ᠂ ᠮᠠᠯ ᠠᠵᠤ | ᠠᠬᠤᠢ ᠶᠢᠨ ᠲᠠᠷᠢᠶᠠᠯᠠᠩ ᠂ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠦᠯᠬᠦ ᠪᠠ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠳᠤ ᠦᠵᠡᠭᠦᠯᠬᠦ ᠦᠢᠯᠡᠳᠦᠯ ᠢ ᠪᠠᠳᠠᠷᠠᠭᠤᠯᠬᠤ ᠭᠡᠷᠡᠭᠳᠡᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠮᠠᠯ ᠠᠵᠤ ᠠᠬᠤᠢ ᠶᠢᠨ ᠬᠥᠭᠵᠢᠯᠲᠡ ᠶᠢ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠤᠷᠤᠭᠤᠯᠵᠤ᠂ ᠮᠠᠯ ᠠᠵᠤ | ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠡᠪᠴᠢᠶᠡᠵᠢᠭᠰᠡᠨ ᠂ | ᠪᠠᠷᠢᠮᠵᠢᠶᠠᠵᠢᠭᠰᠠᠨ ᠪᠠ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠲᠡᠳᠬᠦᠵᠦ ᠂ | ᠳᠠᠷᠢᠵᠤ ᠲᠡᠵᠢᠭᠡᠬᠦ ᠶᠢ ᠤᠶᠠᠯᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠤᠷᠴᠢᠯ ᠲᠠᠢ ᠪᠣᠬᠢᠷᠲᠤᠯ ᠦᠭᠡᠢ | ᠬᠦᠭᠵᠢᠯᠳᠡ ᠶᠢ ᠠᠬᠢᠭᠤᠯᠵᠤ ᠂ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠶᠢ ᠲᠦᠯᠬᠢᠨ ᠠᠬᠢᠭᠤᠯᠵᠤ ᠂ | ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠂ ᠠᠮᠤᠷ ᠲᠦᠪᠰᠢᠨ ᠂ | ᠴᠢᠨᠠᠷ ᠰᠠᠶᠢᠲᠠᠢ ᠂ ᠥᠨᠳᠥᠷ ᠦᠷ᠎ᠡ ᠠᠰᠢᠭᠲᠠᠢ ᠂ ᠠᠮᠢ ᠠᠬᠤᠢ ᠶᠢᠨ ᠮᠠᠯ ᠠᠵᠤ ᠠᠬᠤᠢ ᠶᠢ ᠬᠦᠭᠵᠢᠬᠦᠯᠬᠦ ᠭᠡᠷᠡᠭᠳᠡᠢ᠃ | ᠤᠯᠤᠰ ᠠᠴᠠ ᠦᠨᠳᠦᠰᠦᠲᠡᠨ ᠤ ᠭᠠᠵᠠᠷ ᠣᠷᠣᠨ ᠂ ᠬᠥᠭᠵᠢᠭᠡᠳᠦᠢ ᠭᠠᠵᠠᠷ ᠣᠷᠣᠨ ᠤ ᠮᠠᠯ ᠠᠵᠤ ᠠᠬᠤᠢ ᠶᠢᠨ | ᠬᠥᠭᠵᠢᠯᠲᠡ ᠶᠢ ᠬᠠᠪᠰᠤᠷᠤᠨ ᠲᠡᠳᠬᠦᠵᠦ ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠵᠤ ᠂ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠤᠨ᠎ᠠ ᠃ | ᠳᠥᠷᠪᠡᠳᠦᠭᠡᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠂ ᠮᠠᠯ ᠠᠵᠤ ᠠᠬᠤᠢ ᠮᠠᠯ ᠡᠮᠨᠡᠯᠭᠡ ᠶᠢᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ ᠂ ᠮᠠᠯ ᠵᠢᠭᠦᠷᠲᠡᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠂ ᠮᠠᠯ | ᠵᠢᠭᠦᠷᠲᠡᠨ ᠤ ᠸᠠᠺᠼᠢᠨ ᠢ ᠰᠤᠳᠤᠯᠤᠨ ᠦᠢᠯᠡᠳᠬᠦ ᠠᠵᠢᠯ ᠢ ᠴᠢᠩᠭᠠᠳᠬᠠᠵᠤ ᠂ ᠦᠨᠳᠦᠰᠦᠨ ᠱᠠᠲᠤᠨ ᠤ ᠮᠠᠯ ᠠᠵᠤ ᠠᠬᠤᠢ | ᠮᠠᠯ ᠡᠮᠨᠡᠯᠭᠡ ᠶᠢᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ ᠂ ᠮᠠᠯ ᠠᠵᠤ ᠠᠬᠤᠢ ᠮᠠᠯ ᠡᠮᠨᠡᠯᠭᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠳᠡᠯᠭᠡᠷᠡᠭᠦᠯᠦᠯᠲᠡ ᠶᠢᠨ ᠦᠢᠯᠡᠰ ᠢ ᠬᠥᠭᠵᠢᠭᠦᠯᠵᠦ ᠂ ᠮᠠᠯ ᠠᠵᠤ | ᠠᠬᠤᠢ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ ᠂ ᠮᠠᠯ ᠠᠵᠤ ᠠᠬᠤᠢ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠮᠡᠳᠡᠯᠭᠡ ᠶᠢᠨ ᠬᠥᠮᠦᠵᠢᠯ ᠤᠬᠠᠭᠤᠯᠭ᠎ᠠ ᠶᠢᠨ ᠠᠵᠢᠯ ᠪᠠ ᠮᠠᠯ ᠠᠵᠤ ᠠᠬᠤᠢ ᠮᠠᠯ ᠡᠮᠨᠡᠯᠭᠡ ᠶᠢᠨ ᠮᠡᠳᠡᠭᠡ ᠵᠠᠩᠭᠢ ᠶᠢᠨ | ᠦᠢᠯᠡᠴᠢᠯᠡᠭᠡ ᠶᠢ ᠥᠷᠨᠢᠭᠦᠯᠵᠦ ᠂ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠪᠠ ᠰᠢᠨ᠎ᠡ | ᠡᠭᠦᠳᠦᠯᠲᠡ ᠶᠢ ᠲᠦᠯᠬᠢᠨ ᠠᠬᠢᠭᠤᠯᠤᠨ᠎ᠠ᠃ | ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠮᠠᠯ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠮᠠᠯ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠮᠠᠯ | ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠬᠤ ᠭᠡᠷᠡᠭᠳᠡᠢ᠃ | ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠠᠵᠤ ᠠᠬᠤᠢ ᠶᠢᠨ ᠦᠢᠯᠡᠳᠪᠦᠷᠢᠯᠡᠨ ᠡᠵᠡᠩᠨᠡᠭᠴᠢ ᠶᠢ ᠵᠢᠭᠠᠨ ᠵᠢᠯᠤᠭᠤᠳᠴᠤ | ᠪᠠᠶᠢᠭᠠᠳ ᠮᠠᠯ ᠵᠢᠭᠦᠷᠲᠡᠨ ᠢ ᠦᠷᠡᠵᠢᠭᠦᠯᠦᠨ ᠪᠣᠶᠢᠵᠢᠭᠤᠯᠬᠤ ᠂ ᠲᠡᠵᠢᠭᠡᠬᠦ ᠂ ᠵᠥᠭᠡᠭᠡᠪᠦᠷᠢᠯᠡᠬᠦ ᠂ ᠨᠢᠲᠤᠯᠬᠤ ᠨᠥᠬᠦᠴᠡᠯ ᠪᠠ | ᠣᠷᠴᠢᠨ ᠲᠣᠭᠤᠷᠢᠨ ᠢ ᠨᠢ ᠰᠠᠶᠢᠵᠢᠷᠠᠭᠤᠯᠬᠤ ᠬᠡᠷᠡᠭᠲᠡᠢ ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ | ᠮᠠᠯ ᠠᠵᠤ ᠠᠬᠤᠢ ᠶᠢᠨ ᠬᠥᠭᠵᠢᠯᠲᠡ ᠶᠢᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ | ᠬᠤᠪᠢ ᠬᠥᠮᠥᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | ᠨᠠᠢᠮᠠᠳᠤᠭᠠᠷ ᠵᠦᠢᠯ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠭᠴᠢ ᠬᠠᠤᠯᠢ ᠶᠣᠰᠣᠭᠠᠷ ᠰᠠᠶᠢᠨ | ᠳᠤᠷ᠎ᠠ ᠠᠴᠠ ᠪᠠᠨ ᠠᠵᠢᠯ ᠲᠦᠷᠦᠯ ᠤᠨ ᠨᠡᠶᠢᠭᠡᠮᠯᠢᠭ ᠪᠠᠶᠢᠭᠤᠯᠵᠤ᠂ ᠪᠦᠷᠢᠯᠳᠦᠭᠦᠨ ᠳᠡᠭᠡᠨ ᠮᠡᠳᠡᠭᠡ ᠵᠠᠩᠭᠢ᠂ ᠮᠡᠷᠭᠡᠵᠢᠯ᠂ | ᠡᠵᠡᠩᠨᠡᠨ ᠪᠣᠷᠣᠯᠠᠭᠤᠯᠤᠯᠲᠠ᠂ ᠪᠤᠯᠪᠠᠰᠤᠷᠠᠯ ᠵᠡᠷᠭᠡ ᠦᠢᠯᠡᠴᠢᠯᠡᠭᠡ ᠬᠠᠩᠭᠠᠵᠤ᠂ ᠠᠵᠢᠯ ᠲᠦᠷᠦᠯ ᠤᠨ ᠥᠪᠡᠷ ᠢ ᠪᠠᠨ | ᠱᠠᠭᠠᠷᠳᠠᠬᠤ ᠶᠢ ᠴᠢᠩᠭᠠᠳᠬᠠᠵᠤ᠂ ᠪᠦᠷᠢᠯᠳᠦᠭᠦᠨ ᠪᠠ ᠠᠵᠢᠯ ᠲᠦᠷᠦᠯ ᠤᠨ ᠠᠰᠢᠭ ᠲᠤᠰᠠ ᠶᠢ ᠬᠠᠮᠠᠭᠠᠯᠠᠬᠤ | ᠬᠡᠷᠡᠭᠲᠡᠢ᠃ | ᠶᠢᠰᠦᠳᠦᠭᠡᠷ ᠵᠦᠢᠯ ᠮᠠᠯ ᠠᠵᠤ ᠠᠬᠤᠢ ᠶᠢᠨ ᠦᠢᠯᠡᠳᠪᠦᠷᠢᠯᠡᠨ ᠡᠵᠡᠩᠨᠡᠭᠴᠢ ᠠᠮᠢᠲᠠᠨ ᠤ ᠬᠢᠵᠢᠭ ᠢ ᠰᠡᠷᠭᠡᠶᠢᠯᠡᠬᠦ | ᠪᠠ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠵᠦ ᠂ ᠬᠤᠯᠪᠣᠭᠳᠠᠯ | ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠶᠠᠪᠤᠭᠤᠯᠬᠤ ᠬᠢᠨᠠᠯᠲᠠ ᠪᠠᠶᠢᠴᠠᠭᠠᠯᠲᠠ ᠶᠢ | ᠬᠦᠯᠢᠶᠡᠬᠦ ᠬᠡᠷᠡᠭᠲᠡᠢ᠃ | ᠬᠤᠶᠠᠳᠤᠭᠠᠷ ᠪᠦᠯᠦᠭ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ | ᠠᠷᠪᠠᠳᠤᠭᠠᠷ ᠵᠦᠢᠯ ᠤᠯᠤᠰ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠳᠦᠷᠢᠮ ᠢ | ᠪᠠᠶᠢᠭᠤᠯᠵᠤ ᠂ ᠡᠬᠢ ᠪᠠᠶᠠᠯᠢᠭ ᠢ ᠪᠠᠶᠢᠴᠠᠭᠠᠬᠤ ᠂ ᠬᠠᠮᠠᠭᠠᠯᠠᠬᠤ ᠂ ᠬᠢᠨᠠᠨ ᠲᠣᠭᠲᠠᠭᠠᠬᠤ ᠂ ᠳᠠᠩᠰᠠᠯᠠᠬᠤ ᠂ ᠬᠢᠨᠠᠨ ᠬᠡᠮᠵᠢᠬᠦ ᠪᠠ | ᠠᠰᠢᠭᠯᠠᠬᠤ ᠵᠡᠷᠭᠡ ᠠᠵᠢᠯ ᠢ ᠥᠷᠨᠢᠭᠦᠯᠦᠨ᠎ᠡ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ | ᠠᠪᠴᠤ ᠪᠠᠶᠢᠭᠠᠳ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ ᠂ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠵᠠᠷᠤᠳᠠᠯ ᠢ ᠲᠥᠰᠥᠪ ᠲᠡᠭᠡᠨ ᠣᠷᠣᠭᠤᠯᠬᠤ ᠬᠡᠷᠡᠭᠲᠡᠢ᠃ | ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠳᠤ ᠤᠯᠤᠰ ᠢᠶᠠᠷ ᠭᠤᠣᠯ ᠪᠣᠯᠭᠠᠨ ᠂ ᠤᠯᠠᠨ | ᠡᠰᠢᠴᠢᠯᠡᠨ ᠣᠷᠣᠯᠴᠠᠵᠤ ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠂ ᠥᠨᠳᠥᠷ ᠪᠦᠲᠦᠮᠵᠢᠲᠡᠢ ᠪᠠᠷ ᠠᠰᠢᠭᠯᠠᠬᠤ ᠵᠠᠷᠴᠢᠮ ᠢ | ᠪᠠᠷᠢᠮᠲᠠᠯᠠᠨ ᠂ ᠲᠦᠷᠦᠯ ᠬᠤᠪᠢᠶᠠᠨ ᠱᠠᠲᠤ ᠬᠤᠪᠢᠶᠠᠨ ᠬᠠᠮᠠᠭᠠᠯᠠᠬᠤ ᠭᠡᠷᠡᠭᠳᠡᠢ᠃ | ᠤᠯᠤᠰ ᠠᠴᠠ ᠬᠤᠯᠪᠣᠭᠳᠠᠯ ᠪᠦᠬᠦᠢ ᠨᠢᠭᠡᠴᠢ ᠂ ᠬᠤᠪᠢ ᠬᠥᠮᠥᠨ ᠤ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠬᠤ ᠦᠢᠯᠡᠰ ᠢ ᠬᠠᠤᠯᠢ ᠶᠣᠰᠣᠭᠠᠷ ᠬᠥᠭᠵᠢᠭᠦᠯᠬᠦ ᠶᠢ ᠵᠣᠷᠢᠭᠵᠢᠭᠤᠯᠤᠨ ᠲᠡᠮᠵᠢᠵᠤ ᠂ ᠳᠡᠭᠡᠳᠦ ᠵᠡᠷᠭᠡ ᠶᠢᠨ | ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠂ ᠠᠵᠤ ᠠᠬᠤᠶᠢᠯᠠᠯ ᠤᠨ ᠮᠠᠯ ᠵᠢᠭᠦᠷᠲᠡᠨ ᠤ | ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠂ ᠠᠰᠢᠭᠯᠠᠬᠤ ᠰᠠᠭᠤᠷᠢ ᠰᠤᠳᠤᠯᠭᠠᠨ ᠢᠶᠠᠨ ᠴᠢᠩᠭᠠᠳᠬᠠᠵᠤ ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ ᠲᠡᠮᠵᠢᠨ᠎ᠠ᠃ | ᠠᠷᠪᠠᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠬᠠᠢ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠭᠰᠡᠨ ᠤᠯᠤᠰ ᠤᠨ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠢ ᠪᠠᠶᠢᠭᠤᠯᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠢ ᠬᠢᠨᠠᠨ ᠲᠣᠭᠲᠠᠭᠠᠬᠤ ᠂ ᠦᠨᠡᠯᠡᠨ ᠵᠢᠱᠢᠬᠦ ᠪᠠ ᠮᠠᠯ ᠵᠢᠭᠦᠷᠲᠡᠨ ᠤ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ | ᠬᠢᠨᠠᠨ ᠲᠣᠭᠲᠠᠭᠠᠬᠤ ᠠᠵᠢᠯ ᠢ ᠬᠠᠷᠢᠭᠤᠴᠠᠭᠤᠯᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ | ᠠᠰᠢᠭᠯᠠᠬᠤ ᠲᠥᠯᠦᠪᠵᠢᠭᠦᠯᠭᠡ ᠶᠢ ᠨᠤᠲᠠᠯᠠᠬᠤ ᠵᠢᠴᠢ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠳᠤ | ᠬᠤᠯᠪᠣᠭᠳᠠᠬᠤ ᠵᠥᠪᠯᠡᠯᠭᠡ ᠥᠭᠬᠦ ᠠᠵᠢᠯ ᠢ ᠡᠭᠦᠷᠭᠡᠯᠡᠭᠦᠯᠦᠨ᠎ᠡ᠃ | ᠠᠷᠪᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠪᠠᠶᠢᠴᠠᠭᠠᠬᠤ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠤᠨ ᠪᠠᠶᠢᠳᠠᠯ ᠤᠨ ᠮᠡᠳᠡᠭᠦᠯᠦᠯᠲᠡ ᠶᠢ ᠨᠡᠶᠢᠲᠡᠯᠡᠬᠦ ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ | ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ᠳᠠᠰᠬᠠᠬᠤ ᠪᠠ ᠰᠣᠩᠭᠤᠨ ᠪᠣᠶᠢᠵᠢᠭᠤᠯᠬᠤ ᠪᠠᠷ ᠳᠡᠮᠵᠢᠨ᠂ ᠤᠳᠤᠮᠰᠢᠯ ᠤᠨ ᠰᠢᠨᠵᠢ ᠪᠠᠶᠢᠳᠠᠯ ᠨᠢ ᠲᠣᠭᠲᠠᠪᠤᠷᠢᠲᠠᠢ᠂ | ᠪᠣᠯᠪᠠᠰᠤᠷᠠᠭᠰᠠᠨ ᠡᠭᠦᠯᠳᠡᠷ ᠪᠠ ᠵᠣᠬᠢᠬᠤ ᠳᠦᠷᠰᠦ ᠶᠢᠨ ᠰᠦᠷᠦᠭ ᠤᠨ ᠬᠡᠪᠴᠢᠶ᠎ᠡ ᠲᠠᠢ᠂ ᠬᠡᠭᠡᠷ᠎ᠡ ᠶᠢᠨ ᠳᠦᠷᠰᠦ ᠶᠢᠨ | ᠰᠦᠷᠦᠭ ᠲᠤ ᠲᠦᠰᠢᠭᠯᠡᠬᠦ ᠦᠭᠡᠢ ᠪᠠᠷ ᠪᠡᠶ᠎ᠡ ᠪᠠᠨ ᠳᠠᠭᠠᠭᠠᠨ ᠦᠷᠡᠵᠢᠵᠦ ᠴᠢᠳᠠᠳᠠᠭ ᠲᠡᠵᠢᠭᠡᠪᠦᠷᠢ ᠠᠮᠢᠲᠠᠨ ᠢ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ ᠣᠷᠣᠭᠤᠯᠵᠤ ᠪᠣᠯᠣᠨ᠎ᠠ᠃ | ᠠᠷᠪᠠᠨ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠲᠠᠷᠬᠠᠯᠲᠠ ᠶᠢᠨ | ᠪᠠᠶᠢᠳᠠᠯ ᠢ ᠦᠨᠳᠦᠰᠦᠯᠡᠨ ᠂ ᠪᠦᠬᠦ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ | ᠠᠰᠢᠭᠯᠠᠬᠤ ᠲᠥᠯᠦᠪᠵᠢᠭᠦᠯᠭᠡ ᠶᠢ ᠲᠣᠭᠲᠠᠭᠠᠵᠤ ᠂ ᠤᠯᠤᠰ ᠤᠨ ᠳᠡᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢ ᠲᠣᠭᠲᠠᠭᠠᠵᠤ ᠂ ᠲᠣᠬᠢᠷᠠᠭᠤᠯᠬᠤ ᠪᠥᠭᠡᠳ ᠨᠡᠶᠢᠲᠡᠯᠡᠵᠦ ᠂ ᠮᠠᠨ ᠤ | ᠤᠯᠤᠰ ᠠᠴᠠ ᠭᠠᠷᠤᠯᠳᠠ ᠲᠠᠢ ᠬᠤᠪᠣᠷ ᠨᠠᠨᠳᠢᠨ ᠂ ᠬᠤᠪᠣᠷ ᠴᠤᠬᠠᠭ ᠂ ᠮᠥᠬᠦᠬᠦ ᠰᠢᠬᠠᠭᠰᠠᠨ ᠮᠠᠯ ᠵᠢᠭᠦᠷᠲᠡᠨ ᠤ | ᠤᠳᠤᠮᠯᠠᠯ ᠤᠨ ᠡᠬᠢ ᠪᠠᠶᠠᠯᠢᠭ ᠢ ᠭᠤᠣᠯᠳᠠᠯᠭ᠎ᠠ ᠲᠠᠢ ᠪᠠᠷ ᠬᠠᠮᠠᠭᠠᠯᠠᠨ᠎ᠠ᠃ | ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠮᠠᠯ ᠵᠢᠭᠦᠷᠲᠡᠨ ᠤ | ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠵᠢᠴᠢ ᠲᠤᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠳᠠᠯ ᠢ ᠦᠨᠳᠦᠰᠦᠯᠡᠵᠦ ᠂ ᠮᠤᠵᠢ ᠶᠢᠨ | ᠱᠠᠲᠤᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ | ᠲᠣᠭᠲᠠᠭᠠᠵᠤ ᠂ ᠲᠣᠬᠢᠷᠠᠭᠤᠯᠬᠤ ᠪᠥᠭᠡᠳ ᠨᠡᠶᠢᠲᠡᠯᠡᠬᠦ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ | ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ ᠂ ᠣᠷᠣᠨ ᠨᠤᠲᠤᠭ ᠤᠨ | ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ ᠭᠡᠷᠡᠭᠳᠡᠢ᠃ | ᠠᠷᠪᠠᠨ ᠳᠥᠷᠪᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ | ᠬᠠᠮᠠᠭᠠᠯᠠᠬᠤ ᠪᠠ ᠠᠰᠢᠭᠯᠠᠬᠤ ᠲᠥᠯᠦᠪᠵᠢᠭᠦᠯᠭᠡ ᠵᠢᠴᠢ ᠤᠯᠤᠰ ᠤᠨ ᠳᠡᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢ ᠦᠨᠳᠦᠰᠦᠯᠡᠵᠦ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠮᠤᠵᠢ ᠶᠢᠨ ᠱᠠᠲᠤᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠨᠡᠷᠡᠰ ᠤᠨ | ᠵᠢᠭᠰᠠᠭᠠᠯᠲᠠ ᠶᠢ ᠦᠨᠳᠦᠰᠦᠯᠡᠨ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠡ ᠶᠢᠨ ᠬᠠᠮᠠᠭᠠᠯᠠᠯᠲᠠ ᠶᠢᠨ | ᠲᠠᠯᠠᠪᠠᠢ ᠂ ᠬᠠᠮᠠᠭᠠᠯᠠᠯᠲᠠ ᠶᠢᠨ ᠣᠷᠣᠨ ᠪᠠ ᠭᠧᠨ ᠤ ᠬᠥᠮᠥᠷᠭᠡ ᠶᠢ ᠲᠤᠰ ᠲᠤᠰ ᠪᠠᠶᠢᠭᠤᠯᠬᠤ ᠪᠤᠶᠤ ᠲᠣᠭᠲᠠᠭᠠᠵᠤ ᠂ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠡᠭᠦᠷᠭᠡ ᠶᠢ ᠡᠬᠦᠷᠭᠡᠯᠡᠬᠦ ᠭᠡᠷᠡᠭᠳᠡᠢ᠃ | ᠲᠥᠪ ᠤᠨ ᠪᠠ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢ ᠡᠳ᠋ᠯᠡᠬᠦ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠡ ᠶᠢᠨ ᠬᠠᠮᠠᠭᠠᠯᠠᠯᠲᠠ ᠶᠢᠨ ᠲᠠᠯᠠᠪᠠᠢ ᠂ ᠬᠠᠮᠠᠭᠠᠯᠠᠯᠲᠠ ᠶᠢᠨ ᠣᠷᠣᠨ ᠪᠠ | ᠭᠧᠨ ᠤ ᠬᠥᠮᠥᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ | ᠬᠠᠮᠠᠭᠠᠯᠠᠭᠳᠠᠵᠤ ᠪᠠᠶᠢᠭ᠎ᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ | ᠦᠭᠡᠢ ᠃ | ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠥᠮᠥᠷᠭᠡ ᠨᠢ ᠲᠦᠷᠦ ᠶᠢᠨ ᠶᠠᠪᠤᠳᠠᠯ ᠤᠨ | ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠂ ᠥᠪᠡᠷᠲᠡᠭᠡᠨ | ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠂ ᠮᠠᠯ ᠵᠢᠭᠦᠷᠲᠡᠨ ᠤ ᠤᠳᠤᠮᠯᠠᠯ ᠤᠨ ᠮᠠᠲ᠋ᠧᠷᠢᠶᠠᠯ ᠢ | ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠵᠤ ᠰᠢᠨᠡᠳᠬᠡᠬᠦ ᠬᠡᠷᠡᠭᠲᠡᠢ ᠃ ᠬᠤᠯᠪᠣᠭᠳᠠᠯ ᠪᠦᠬᠦᠢ ᠨᠢᠭᠡᠴᠢ ᠂ ᠬᠤᠪᠢ ᠬᠥᠮᠥᠨ | ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠥᠮᠥᠷᠭᠡ ᠲᠠᠢ ᠬᠠᠮᠵᠢᠯᠴᠠᠨ ᠮᠠᠯ ᠵᠢᠭᠦᠷᠲᠡᠨ ᠤ ᠤᠳᠤᠮᠯᠠᠯ ᠤᠨ | ᠮᠠᠲ᠋ᠧᠷᠢᠶᠠᠯ ᠢ ᠴᠤᠭᠯᠠᠭᠤᠯᠬᠤ ᠬᠡᠷᠡᠭᠲᠡᠢ ᠪᠥᠭᠡᠳ ᠵᠣᠬᠢᠰᠲᠠᠢ ᠠᠵᠤ ᠠᠬᠤᠢ ᠶᠢᠨ ᠨᠥᠬᠦᠪᠦᠷᠢ ᠣᠯᠬᠤ ᠡᠷᠬᠡ ᠲᠠᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠡ ᠶᠢᠨ ᠬᠠᠮᠠᠭᠠᠯᠠᠯᠲᠠ ᠶᠢᠨ ᠲᠠᠯᠠᠪᠠᠢ ᠪᠠ ᠭᠧᠨ ᠤ ᠬᠥᠮᠥᠷᠭᠡ ᠳᠤ | ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ ᠃ ᠦᠨᠡᠬᠡᠷ ᠬᠠᠭᠠᠬᠤ ᠪᠤᠶᠤ ᠨᠡᠭᠦᠯᠭᠡᠬᠦ ᠴᠢᠬᠤᠯᠠ ᠲᠠᠢ ᠪᠣᠯ | ᠤᠤᠯ ᠤᠨ ᠪᠠᠶᠢᠭᠤᠯᠤᠭᠰᠠᠨ ᠪᠤᠶᠤ ᠲᠣᠭᠲᠠᠭᠠᠭᠰᠠᠨ ᠪᠠᠶᠢᠭᠤᠯᠭ᠎ᠠ ᠪᠠᠷ ᠨᠢ ᠵᠥᠪᠰᠢᠶᠡᠷᠡᠭᠦᠯᠬᠦ ᠬᠡᠷᠡᠭᠲᠡᠢ ᠂ ᠨᠡᠭᠦᠯᠭᠡᠭᠰᠡᠨ | ᠪᠠᠶᠢᠪᠠᠯ ᠤᠷᠢᠳᠠᠪᠠᠷ ᠪᠠᠶᠢᠭᠤᠯᠵᠤ ᠳᠠᠷᠠᠭ᠎ᠠ ᠳᠤ ᠨᠢ ᠨᠤᠷᠠᠭᠠᠬᠤ ᠵᠠᠷᠴᠢᠮ ᠶᠣᠰᠣᠭᠠᠷ ᠲᠣᠬᠢᠲᠠᠢ ᠲᠥᠪᠬᠢᠨᠡᠭᠦᠯᠬᠦ ᠬᠡᠷᠡᠭᠲᠡᠢ᠃ | ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠡ ᠶᠢ ᠬᠠᠮᠠᠭᠠᠯᠠᠬᠤ ᠲᠠᠯᠠᠪᠠᠢ ᠂ ᠬᠠᠮᠠᠭᠠᠯᠠᠯᠲᠠ ᠶᠢᠨ ᠣᠷᠣᠨ | ᠪᠠ ᠭᠧᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ | ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠠᠷᠪᠠᠨ ᠲᠠᠪᠤᠳᠤᠭᠠᠷ ᠵᠦᠢᠯ ᠰᠢᠨ᠎ᠡ ᠪᠠᠷ ᠢᠯᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ | ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠺᠣᠮᠢᠰ ᠰᠢᠯᠭᠠᠨ ᠲᠣᠭᠲᠠᠭᠠᠬᠤ ᠠᠴᠠ ᠡᠮᠦᠨ᠎ᠡ ᠂ ᠮᠤᠵᠢ ᠂ | ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ | ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠠᠭᠠᠯᠠᠬᠤ ᠲᠥᠰᠥᠯ ᠲᠣᠭᠲᠠᠭᠠᠵᠤ ᠂ ᠲᠦᠷ ᠴᠠᠭ ᠤᠨ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ | ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠢᠯᠢ ᠶᠢᠨ ᠭᠠᠳᠠᠨ᠎ᠠ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ | ᠣᠷᠣᠭᠤᠯᠬᠤ ᠳᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ | ᠬᠡᠷᠡᠭᠲᠡᠢ ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠦᠨᠡᠯᠡᠨ ᠵᠢᠱᠢᠭᠦᠯᠵᠦ | ᠨᠤᠲᠠᠯᠠᠭᠤᠯᠤᠭᠰᠠᠨ ᠤ ᠳᠠᠷᠠᠭ᠎ᠠ ᠵᠦᠪᠰᠢᠶᠡᠷᠡᠨ᠎ᠡ︔ ᠭᠡᠪᠡᠴᠦ ᠵᠥᠪᠰᠢᠶᠡᠷᠡᠭᠰᠡᠨ ᠪᠠᠶᠢᠭᠤᠯᠭ᠎ᠠ ᠶᠢᠨ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ ᠃ ᠵᠥᠪᠰᠢᠶᠡᠷᠡᠭᠦᠯᠦᠭᠰᠡᠨ | ᠪᠠᠶᠢᠪᠠᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠳᠠᠨ | ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ ︾ ᠶᠢᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠷ ᠭᠦᠢᠴᠡᠳᠬᠡᠯ | ᠬᠢᠬᠦ ᠶᠢᠨ ᠬᠠᠮᠲᠤ ᠬᠢᠵᠢᠭ ᠤᠨ ᠪᠠᠶᠢᠴᠠᠭᠠᠯᠲᠠ ᠬᠢᠨ᠎ᠡ᠃ | ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠨᠢ ᠬᠢᠯᠢ ᠶᠢᠨ | ᠳᠣᠲᠣᠷᠠᠬᠢ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠂ ᠠᠮᠢ ᠠᠬᠤᠢ ᠶᠢᠨ ᠣᠷᠴᠢᠨ ᠲᠣᠭᠤᠷᠢᠨ ᠳᠤ ᠬᠤᠣᠷ | ᠬᠥᠨᠥᠭᠡᠯ ᠲᠠᠢ ᠪᠤᠶᠤ ᠬᠤᠣᠷ ᠬᠥᠨᠥᠭᠡᠯ ᠤᠴᠠᠷᠠᠭᠤᠯᠬᠤ ᠪᠣᠯᠣᠯᠴᠠᠭ᠎ᠠ ᠲᠠᠢ ᠪᠠᠶᠢᠬᠤ ᠶᠢ ᠣᠯᠵᠤ ᠮᠡᠳᠡᠪᠡᠯ ᠂ ᠲᠦᠷᠦ ᠶᠢᠨ | ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠵᠦ ᠂ ᠴᠠᠭ ᠲᠤᠬᠠᠢ ᠳᠤ ᠨᠢ ᠠᠶᠤᠯᠭᠦᠢ ᠶᠢᠨ | ᠬᠢᠵᠠᠭᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠤᠯᠤᠰ ᠠᠴᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠲᠤ ᠭᠤᠣᠯ ᠡᠷᠬᠡ | ᠮᠡᠳᠡᠯ ᠲᠠᠢ ᠃ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠪᠤᠶᠤ ᠬᠢᠯᠢ ᠶᠢᠨ ᠳᠣᠲᠣᠷ᠎ᠠ ᠠᠴᠠ ᠬᠢᠯᠢ ᠶᠢᠨ ᠭᠠᠳᠠᠨᠠᠬᠢ ᠪᠠᠶᠢᠭᠤᠯᠤᠮᠵᠢ ᠂ | ᠬᠤᠪᠢ ᠬᠥᠮᠥᠨ ᠲᠠᠢ ᠬᠠᠮᠲᠤᠷᠠᠨ ᠰᠤᠳᠤᠯᠵᠤ ᠠᠰᠢᠭᠯᠠᠬᠤ ᠳᠤ ᠬᠦᠷᠪᠡᠯ ᠂ ᠮᠤᠵᠢ ᠂ ᠥᠪᠡᠷᠲᠡᠭᠡᠨ ᠵᠠᠰᠠᠬᠤ ᠣᠷᠣᠨ ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠠᠰᠢᠭ ᠲᠤᠰᠠ ᠶᠢ ᠤᠯᠤᠰ ᠲᠠᠢ ᠬᠠᠮᠲᠤ ᠪᠠᠷ | ᠡᠳ᠋ᠯᠡᠬᠦ ᠲᠥᠰᠥᠯ ᠢ ᠳᠤᠭᠳᠠᠭᠠᠬᠤ ᠬᠡᠷᠡᠭᠲᠡᠢ ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠲᠠᠷᠢᠶᠠᠯᠠᠩ | ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠶᠢᠴᠠᠭᠠᠭᠠᠳ ᠲᠦᠷᠦ ᠶᠢᠨ ᠶᠠᠪᠤᠳᠠᠯ ᠤᠨ | ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ | ᠵᠥᠪᠰᠢᠶᠡᠷᠡᠭᠦᠯᠦᠨ᠎ᠡ᠃ | ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠳᠤ ᠬᠦᠷᠪᠡᠯ ᠂ ᠪᠠᠰᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠳᠠᠨ ᠤᠷᠭᠤᠮᠠᠯ ᠤᠨ | ᠬᠢᠵᠢᠭ ᠢ ᠪᠠᠶᠢᠴᠠᠭᠠᠬᠤ ᠬᠠᠤᠯᠢ ︾ ᠶᠢᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠬᠦ ᠶᠢᠨ ᠬᠠᠮᠲᠤ | ᠬᠢᠵᠢᠭ ᠤᠨ ᠪᠠᠶᠢᠴᠠᠭᠠᠯᠲᠠ ᠬᠢᠬᠦ ᠬᠡᠷᠡᠭᠲᠡᠢ᠃ | ᠰᠢᠨ᠎ᠡ ᠪᠠᠷ ᠢᠯᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠤᠯᠤᠰ ᠤᠨ ᠮᠠᠯ ᠵᠢᠭᠦᠷᠲᠡᠨ ᠤ | ᠤᠳᠤᠮᠯᠠᠯ ᠤᠨ ᠡᠬᠢ ᠪᠠᠶᠠᠯᠢᠭ ᠤᠨ ᠺᠣᠮᠢᠰ ᠰᠢᠯᠭᠠᠨ ᠲᠣᠭᠲᠠᠭᠠᠬᠤ ᠠᠴᠠ ᠡᠮᠦᠨ᠎ᠡ ᠂ ᠬᠢᠯᠢ ᠶᠢᠨ ᠭᠠᠳᠠᠨ᠎ᠠ ᠭᠠᠷᠭᠠᠵᠤ ᠪᠣᠯᠬᠤ | ᠦᠭᠡᠢ ᠂ ᠬᠢᠯᠢ ᠶᠢᠨ ᠭᠠᠳᠠᠨᠠᠬᠢ ᠪᠠᠶᠢᠭᠤᠯᠤᠮᠵᠢ ᠂ ᠬᠤᠪᠢ ᠬᠥᠮᠥᠨ ᠲᠠᠢ ᠬᠠᠮᠲᠤᠷᠠᠨ ᠰᠤᠳᠤᠯᠤᠨ ᠠᠰᠢᠭᠯᠠᠵᠤ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠪᠠᠷ ᠣᠷᠣᠭᠤᠯᠵᠤ | ᠭᠠᠷᠭᠠᠬᠤ ᠪᠠ ᠭᠠᠳᠠᠭᠠᠳᠤ ᠲᠠᠢ ᠬᠤᠷᠰᠢᠨ ᠰᠤᠳᠤᠯᠵᠤ ᠠᠰᠢᠭᠯᠠᠬᠤ ᠶᠢ ᠬᠢᠨᠠᠨ ᠵᠥᠪᠰᠢᠶᠡᠷᠡᠬᠦ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃ | ᠭᠤᠷᠪᠠᠳᠤᠭᠠᠷ ᠪᠦᠯᠦᠭ ᠦᠷ᠎ᠡ ᠶᠢᠨ ᠮᠠᠯ ᠵᠢᠭᠦᠷᠲᠡᠨ ᠤ ᠡᠭᠦᠯᠳᠡᠷ ᠢ ᠰᠣᠩᠭᠤᠨ ᠪᠣᠶᠢᠵᠢᠭᠤᠯᠬᠤ ᠪᠠ | ᠦᠢᠯᠡᠳᠪᠦᠷᠢᠯᠡᠵᠦ ᠡᠵᠡᠩᠨᠡᠬᠦ | ᠠᠷᠪᠠ ᠶᠢᠰᠦᠳᠦᠭᠡᠷ ᠵᠦᠢᠯ ᠤᠯᠤᠰ ᠠᠴᠠ ᠮᠠᠯ ᠵᠢᠭᠦᠷᠲᠡᠨ ᠤ ᠡᠭᠦᠯᠳᠡᠷ ᠢ ᠰᠣᠩᠭᠤᠨ ᠪᠣᠶᠢᠵᠢᠭᠤᠯᠬᠤ ᠪᠠ | ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠶᠢ ᠲᠡᠳᠬᠦᠨ ᠳᠡᠮᠵᠢᠵᠦ ᠂ ᠪᠦᠬᠦ ᠤᠯᠤᠰ ᠤᠨ ᠮᠠᠯ ᠵᠢᠭᠦᠷᠲᠡᠨ ᠤ | ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ ︔ ᠠᠵᠤ ᠠᠬᠤᠶᠢᠯᠠᠯ ᠂ ᠳᠡᠭᠡᠳᠦ ᠵᠡᠷᠭᠡ ᠶᠢᠨ ᠰᠤᠷᠭᠠᠭᠤᠯᠢ ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠮᠡᠷᠭᠡᠵᠢᠯ ᠳᠡᠯᠭᠡᠷᠡᠭᠦᠯᠬᠦ ᠨᠢᠭᠡᠴᠢ ᠬᠠᠮᠲᠤᠷᠠᠨ ᠦᠷ᠎ᠡ | ᠪᠣᠶᠢᠵᠢᠭᠤᠯᠬᠤ ᠠᠵᠢᠯ ᠥᠷᠨᠢᠭᠦᠯᠬᠦ ᠶᠢ ᠲᠡᠮᠵᠢᠵᠤ ᠂ ᠮᠠᠯ ᠵᠢᠭᠦᠷᠲᠡᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠮᠠᠯ ᠵᠢᠭᠦᠷᠲᠡᠨ ᠤ ᠤᠳᠤᠮᠯᠠᠯ ᠤᠨ | ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠡᠭᠦᠯᠳᠡᠷ ᠢ ᠨᠡᠭᠡᠭᠡᠨ ᠠᠰᠢᠭᠯᠠᠬᠤ ᠶᠢ | ᠳᠡᠮᠵᠢᠵᠦ ᠂ ᠣᠨᠴᠠᠯᠢᠭᠲᠤ ᠮᠠᠯ ᠵᠢᠭᠦᠷᠲᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠵᠦ ᠂ ᠤᠯᠠᠨ ᠡᠰᠢᠴᠢᠯᠡᠭᠰᠡᠨ | ᠭᠡᠷᠡᠭᠯᠡᠭᠡᠨ ᠤ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠭᠡᠷᠡᠭᠳᠡᠢ᠃ | ᠬᠤᠷᠢᠳᠤᠭᠠᠷ ᠵᠦᠢᠯ ᠤᠯᠤᠰ ᠠᠴᠠ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠲᠡᠮᠵᠢᠵᠤ ᠂ ᠦᠷ᠎ᠡ ᠪᠣᠶᠢᠵᠢᠭᠤᠯᠬᠤ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠶᠢ ᠴᠢᠩᠭᠠᠳᠬᠠᠵᠤ ᠂ ᠰᠣᠩᠭᠤᠨ ᠪᠣᠶᠢᠵᠢᠭᠤᠯᠬᠤ ᠦᠢᠯᠡᠳᠪᠦᠷᠢᠯᠡᠯ ᠡᠵᠡᠩᠨᠡᠯᠲᠡ ᠶᠢ ᠤᠶᠠᠯᠳᠤᠭᠤᠯᠤᠭᠰᠠᠨ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ | ᠲᠡᠮᠵᠢᠨ᠎ᠠ᠃ | ᠬᠤᠷᠢᠨ ᠨᠢᠭᠡᠳᠦᠭᠡᠷ ᠵᠦᠢᠯ ᠪᠣᠶᠢᠵᠢᠭᠤᠯᠤᠭᠰᠠᠨ ᠮᠠᠯ ᠵᠢᠭᠦᠷᠲᠡᠨ ᠤ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ | ᠪᠠ ᠰᠢᠨ᠎ᠡ ᠪᠠᠷ ᠢᠯᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠪᠣᠷᠣᠯᠠᠭᠤᠯᠬᠤ ᠂ ᠳᠡᠯᠭᠡᠷᠡᠭᠦᠯᠬᠦ ᠠᠴᠠ | ᠡᠮᠦᠨ᠎ᠡ ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠢᠶᠠᠷ ᠬᠢᠨᠠᠨ ᠲᠣᠭᠲᠠᠭᠠᠯᠭᠠᠬᠤ | ᠬᠡᠷᠡᠭᠲᠡᠢ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠠᠷᠯᠠᠨ ᠨᠡᠶᠢᠲᠡᠯᠡᠬᠦ ᠬᠡᠷᠡᠭᠲᠡᠢ ᠃ ᠮᠠᠯ ᠵᠢᠭᠦᠷᠲᠡᠨ ᠤ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ | ᠬᠢᠨᠠᠨ ᠲᠣᠭᠲᠠᠭᠠᠬᠤ ᠠᠷᠭ᠎ᠠ ᠪᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠨᠠᠨ ᠲᠣᠭᠲᠠᠭᠠᠬᠤ ᠠᠷᠭ᠎ᠠ ᠶᠢ | ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠣᠭᠲᠠᠭᠠᠨ᠎ᠠ ᠃ ᠬᠢᠨᠠᠨ ᠲᠣᠭᠲᠠᠭᠠᠬᠤ ᠳᠤ ᠬᠡᠷᠡᠭᠰᠡᠬᠦ ᠲᠤᠷᠰᠢᠯᠲᠠ ᠬᠢᠬᠦ ᠂ ᠰᠢᠯᠭᠠᠨ ᠬᠡᠮᠵᠢᠬᠦ ᠵᠡᠷᠭᠡ ᠵᠠᠷᠤᠳᠠᠯ ᠢ | ᠭᠤᠶᠤᠴᠢᠯᠠᠭᠴᠢ ᠡᠭᠦᠷᠭᠡᠯᠡᠨ᠎ᠡ᠃ | ᠮᠠᠯ ᠵᠢᠭᠦᠷᠲᠡᠨ ᠤ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ ᠪᠣᠶᠢᠵᠢᠭᠤᠯᠤᠭᠴᠢ ᠶᠢᠨ ᠬᠠᠤᠯᠢ ᠶᠣᠰᠣᠨ ᠤ ᠡᠷᠬᠡ | ᠠᠰᠢᠭ ᠢ ᠬᠠᠤᠯᠢ ᠪᠠᠷ ᠬᠠᠮᠠᠭᠠᠯᠠᠨ᠎ᠠ᠃ | ᠬᠤᠷᠢᠨ ᠬᠤᠶᠠᠳᠤᠭᠠᠷ ᠵᠦᠢᠯ ᠭᠧᠨ ᠬᠤᠪᠢᠷᠠᠭᠤᠯᠤᠭᠰᠠᠨ ᠮᠠᠯ ᠵᠢᠭᠦᠷᠲᠡᠨ ᠤ ᠡᠭᠦᠯᠳᠡᠷ ᠢ ᠣᠷᠣᠭᠤᠯᠬᠤ ᠂ | ᠪᠣᠶᠢᠵᠢᠭᠤᠯᠬᠤ ᠂ ᠲᠤᠷᠰᠢᠬᠤ ᠂ ᠬᠢᠨᠠᠨ ᠲᠣᠭᠲᠠᠭᠠᠬᠤ ᠪᠠ ᠳᠡᠯᠭᠡᠷᠡᠭᠦᠯᠬᠦ ᠳᠤ ᠤᠯᠤᠰ ᠤᠨ ᠲᠠᠷᠢᠶᠠᠯᠠᠩ ᠤᠨ ᠭᠧᠨ | ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠮᠤᠵᠢ ᠶᠢᠨ ᠱᠠᠲᠤᠨ ᠠᠴᠠ ᠳᠡᠭᠡᠭᠰᠢᠬᠢ ᠮᠠᠯ ᠠᠵᠤ ᠠᠬᠤᠢ ᠮᠠᠯ ᠡᠮᠨᠡᠯᠭᠡ ᠶᠢᠨ | ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠨᠤᠭᠤᠳ ᠦᠷ᠎ᠡ ᠶᠢᠨ ᠮᠠᠯ ᠤᠨ ᠶᠠᠰᠤ ᠴᠢᠨᠠᠷ ᠢ ᠬᠢᠨᠠᠨ ᠬᠡᠮᠵᠢᠬᠦ ᠂ ᠰᠢᠯᠢᠳᠡᠭ ᠰᠠᠶᠢᠨ | ᠪᠣᠳᠠᠭᠠᠯᠢ ᠪᠡᠶ᠎ᠡ ᠶᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠢᠯᠢᠳᠡᠭ ᠰᠠᠶᠢᠨ ᠦᠷ᠎ᠡ ᠶᠢᠨ ᠮᠠᠯ ᠢ | ᠨᠡᠶᠢᠭᠡᠮ ᠳᠤ ᠲᠠᠨᠢᠯᠴᠠᠭᠤᠯᠬᠤ ᠬᠡᠷᠡᠭᠲᠡᠢ ᠃ ᠰᠢᠯᠢᠳᠡᠭ ᠦᠷ᠎ᠡ ᠶᠢᠨ ᠮᠠᠯ ᠢ ᠳᠠᠩᠰᠠᠯᠠᠬᠤ ᠳᠦᠷᠢᠮ ᠢ ᠲᠦᠷᠦ ᠶᠢᠨ ᠶᠠᠪᠤᠳᠠᠯ ᠤᠨ | ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠬᠤᠷᠢᠨ ᠳᠥᠷᠪᠡᠳᠦᠭᠡᠷ ᠵᠦᠢᠯ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠪᠤᠶᠤ ᠲᠠᠸᠠᠷ ᠤᠨ | ᠲᠥᠯ ᠮᠠᠯ ᠂ ᠵᠢᠭᠦᠷᠲᠡᠨ ᠤ ᠴᠤᠷᠪᠠᠭ᠎ᠠ ᠶᠢ ᠦᠢᠯᠡᠳᠪᠦᠷᠢᠯᠡᠵᠦ ᠡᠵᠡᠩᠨᠡᠬᠦ ᠠᠵᠢᠯ ᠢ ᠡᠷᠬᠢᠯᠡᠵᠦ ᠪᠠᠶᠢᠭ᠎ᠠ ᠨᠢᠭᠡᠴᠢ ᠂ ᠬᠤᠪᠢ | ᠬᠥᠮᠥᠨ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠣᠯᠣᠭᠰᠠᠨ ᠪᠠᠶᠢᠬᠤ | ᠬᠡᠷᠡᠭᠲᠡᠢ᠃ | ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠬᠤ ᠪᠠᠷ | ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ ᠄ | ︵ᠨᠢᠭᠡ ︶ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠦᠷ᠎ᠡ ᠶᠢᠨ ᠮᠠᠯ ᠵᠢᠭᠦᠷᠲᠡᠨ ᠨᠢ ᠤᠯᠤᠰ ᠤᠨ ᠮᠠᠯ ᠵᠢᠭᠦᠷᠲᠡᠨ ᠤ | ᠤᠳᠤᠮᠯᠠᠯ ᠤᠨ ᠡᠬᠢ ᠪᠠᠶᠠᠯᠢᠭ ᠤᠨ ᠺᠣᠮᠢᠰ ᠤᠨ ᠬᠢᠨᠠᠨ ᠲᠣᠭᠲᠠᠭᠠᠯᠲᠠ ᠪᠤᠶᠤ ᠬᠢᠨᠠᠨ ᠲᠣᠭᠲᠠᠭᠠᠯᠲᠠ ᠶᠢ ᠳᠠᠮᠵᠢᠭᠰᠠᠨ | ᠡᠭᠦᠯᠳᠡᠷ ᠂ ᠲᠥᠬᠦᠷᠵᠢᠭᠰᠡᠨ ᠤᠳᠤᠮ ᠂ ᠡᠰᠡᠬᠦᠯ᠎ᠡ ᠵᠥᠪᠰᠢᠶᠡᠷᠡᠭᠦᠯᠦᠭᠡᠳ ᠣᠷᠣᠭᠤᠯᠵᠤ ᠠᠪᠴᠢᠷᠠᠭᠰᠠᠨ ᠬᠢᠯᠢ ᠶᠢᠨ | ᠭᠠᠳᠠᠨᠠᠬᠢ ᠡᠭᠦᠯᠳᠡᠷ ᠂ ᠲᠥᠬᠦᠷᠵᠢᠭᠰᠡᠨ ᠤᠳᠤᠮ ᠪᠠᠶᠢᠬᠤ ᠭᠡᠷᠡᠭᠳᠡᠢ︔ | ︵ᠬᠤᠶᠠᠷ ︶ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠲᠠᠢ ᠵᠣᠬᠢᠴᠠᠭᠰᠠᠨ ᠮᠠᠯ ᠠᠵᠤ ᠠᠬᠤᠢ ᠮᠠᠯ ᠡᠮᠨᠡᠯᠭᠡ ᠶᠢᠨ | ᠮᠡᠷᠭᠡᠵᠢᠯ ᠤᠨ ᠠᠵᠢᠯᠲᠠᠨ ᠲᠠᠢ ᠪᠠᠶᠢᠬᠤ ᠬᠡᠷᠡᠭᠲᠡᠢ︔ | ︵ᠭᠤᠷᠪᠠ ︶ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠲᠠᠢ ᠵᠣᠬᠢᠴᠠᠭᠰᠠᠨ ᠦᠷᠡᠵᠢᠭᠦᠯᠦᠨ ᠪᠣᠶᠢᠵᠢᠭᠤᠯᠬᠤ | ᠲᠥᠬᠦᠭᠡᠷᠦᠮᠵᠢ ᠲᠠᠢ ᠪᠠᠶᠢᠬᠤ ᠬᠡᠷᠡᠭᠲᠡᠢ︔ | ︵ᠳᠥᠷᠪᠡ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ | ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ | ᠦᠷ᠎ᠡ ᠶᠢᠨ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ︔ | ︵ᠲᠠᠪᠤ ︶ ᠪᠦᠷᠢᠨ ᠲᠡᠭᠦᠯᠳᠡᠷ ᠶᠠᠰᠤ ᠴᠢᠨᠠᠷ ᠤᠨ ᠬᠠᠮᠢᠶᠠᠷᠤᠯᠲᠠ ᠪᠠ ᠦᠷ᠎ᠡ ᠪᠣᠶᠢᠵᠢᠭᠤᠯᠬᠤ ᠲᠡᠮᠳᠡᠭᠯᠡᠯ ᠤᠨ | ᠳᠦᠷᠢᠮ ᠲᠠᠢ ᠪᠠᠶᠢᠬᠤ ᠬᠡᠷᠭᠡᠲᠡᠢ︔ | ︵ᠵᠢᠷᠭᠤᠭ᠎ᠠ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ᠃ | ᠬᠤᠷᠢᠨ ᠲᠠᠪᠤᠳᠤᠭᠠᠷ ᠵᠦᠢᠯ ᠭᠡᠷ ᠤᠨ ᠲᠡᠵᠢᠭᠡᠪᠦᠷᠢ ᠶᠢᠨ ᠥᠨᠳᠡᠭᠡᠨ ᠡᠰ ᠂ ᠦᠷ᠎ᠡ ᠶᠢᠨ ᠰᠢᠩᠭᠡᠨ ᠂ ᠬᠦᠪᠦᠷᠡᠯ | ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ | ᠣᠯᠬᠤ ᠪᠠᠷ ᠭᠤᠶᠤᠴᠢᠯᠠᠬᠤ ᠳᠤ ᠲᠤᠰ ᠬᠠᠤᠯᠢ ᠶᠢᠨ ᠬᠤᠷᠢᠨ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠤ | ᠲᠣᠭᠲᠠᠭᠠᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ ᠪᠠᠰᠠ ᠳᠣᠣᠷ᠎ᠠ ᠵᠢᠭᠰᠠᠭᠠᠭᠰᠠᠨ ᠨᠥᠬᠦᠴᠡᠯ ᠤᠳ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ ︶ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠣᠭᠲᠠᠭᠠᠭᠰᠠᠨ ᠲᠤᠷᠰᠢᠯᠲᠠ ᠶᠢᠨ ᠲᠠᠰᠤᠭ ᠂ ᠬᠠᠳᠠᠭᠠᠯᠠᠬᠤ ᠪᠠ ᠲᠡᠭᠡᠭᠡᠪᠦᠷᠢᠯᠡᠬᠦ ᠨᠥᠬᠦᠴᠡᠯ ᠳᠤ | ᠨᠡᠶᠢᠴᠡᠭᠰᠡᠨ ᠪᠠᠶᠢᠬᠤ ᠬᠡᠷᠡᠭᠲᠡᠢ︔ | ︵ᠬᠤᠶᠠᠷ ︶ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠦᠷ᠎ᠡ ᠶᠢᠨ ᠮᠠᠯ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ | ︵ᠭᠤᠷᠪᠠ ︶ ᠪᠡᠶ᠎ᠡ ᠶᠢᠨ ᠭᠠᠳᠠᠨ᠎ᠠ ᠦᠷ᠎ᠡ ᠳᠤᠭᠳᠠᠭᠠᠵᠤ ᠣᠯᠣᠭᠰᠠᠨ ᠬᠦᠪᠦᠷᠡᠯ ᠂ ᠬᠡᠷᠡᠭᠯᠡᠭᠰᠡᠨ ᠥᠨᠳᠡᠭᠡᠨ ᠡᠰ ᠤᠨ | ᠢᠷᠡᠯᠲᠡ ᠨᠢ ᠲᠣᠳᠣᠷᠬᠠᠢ ᠂ ᠬᠠᠩᠭᠠᠭᠴᠢ ᠮᠡᠯ ᠨᠢ ᠤᠯᠤᠰ ᠠᠴᠠ ᠲᠣᠭᠲᠠᠭᠠᠭᠰᠠᠨ ᠦᠷ᠎ᠡ ᠶᠢᠨ ᠮᠡᠯ ᠤᠨ ᠡᠷᠡᠭᠦᠯ ᠮᠡᠡᠳᠦ ᠶᠢᠨ | ᠪᠠᠷᠢᠮᠵᠢᠶ᠎ᠠ ᠪᠠ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ | ︵ᠳᠥᠷᠪᠡ ︶ ᠬᠤᠯᠪᠣᠭᠳᠠᠯ ᠪᠦᠬᠦᠢ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠠ ᠲᠦᠷᠦ ᠶᠢᠨ | ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠲᠣᠭᠲᠠᠭᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠭᠡᠷ ᠤᠨ ᠲᠡᠵᠢᠭᠡᠪᠦᠷᠢ ᠶᠢᠨ ᠥᠨᠳᠡᠭᠡᠨ ᠡᠰ ᠂ ᠦᠷ᠎ᠡ ᠶᠢᠨ ᠰᠢᠩᠭᠡᠨ ᠂ ᠬᠦᠪᠦᠷᠡᠯ | ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ | ᠣᠯᠬᠤ ᠪᠠᠷ ᠭᠤᠶᠤᠴᠢᠯᠠᠬᠤ ᠳᠠᠭᠠᠨ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠵᠡᠨ ᠪᠣᠯᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠭᠡᠷ ᠤᠨ ᠲᠡᠵᠢᠭᠡᠪᠦᠷᠢ ᠶᠢᠨ ᠥᠨᠳᠡᠭᠡᠨ ᠡᠰ ᠂ ᠦᠷ᠎ᠡ ᠶᠢᠨ ᠰᠢᠩᠭᠡᠨ ᠂ ᠬᠦᠪᠦᠷᠡᠯ | ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ | ᠣᠯᠬᠤ ᠪᠠᠷ ᠭᠤᠶᠤᠴᠢᠯᠠᠬᠤ ᠳᠤ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠬᠤ ᠬᠡᠷᠡᠭᠲᠡᠢ ᠃ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ ᠵᠢᠷᠠᠨ ᠠᠵᠢᠯ ᠤᠨ | ᠡᠳᠦᠷ ᠤᠨ ᠳᠣᠲᠣᠷ᠎ᠠ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠣᠯᠭᠤᠬᠤ ᠡᠰᠡᠬᠦ ᠪᠠᠨ ᠬᠠᠤᠯᠢ | ᠶᠣᠰᠣᠭᠠᠷ ᠲᠣᠭᠲᠠᠭᠠᠬᠤ ᠬᠡᠷᠡᠭᠲᠡᠢ᠃ | ᠪᠤᠰᠤᠳ ᠦᠷ᠎ᠡ ᠶᠢᠨ ᠮᠠᠯ ᠵᠢᠭᠦᠷᠲᠡᠨ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠣᠯᠭᠤᠨ᠎ᠠ᠃ | ᠤᠯᠤᠰ ᠠᠴᠠ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ | ᠨᠢᠭᠡᠳᠦᠯᠲᠡᠢ ᠬᠠᠮᠢᠶᠠᠷᠴᠤ ᠂ ᠱᠠᠲᠤ ᠬᠤᠪᠢᠶᠠᠨ ᠬᠠᠷᠢᠭᠤᠴᠠᠵᠤ ᠂ ᠨᠢᠭᠡᠳᠦᠯᠲᠡᠢ ᠮᠡᠳᠡᠭᠡ ᠵᠠᠩᠭᠢ ᠶᠢᠨ ᠲᠠᠪᠴᠠᠩ ᠳᠤ | ᠭᠦᠢᠴᠡᠳᠬᠡᠨ᠎ᠡ ᠃ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠢᠨᠠᠨ | ᠵᠥᠪᠰᠢᠶᠡᠷᠡᠭᠰᠡᠨ ᠪᠠ ᠣᠯᠭᠤᠭᠰᠠᠨ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ ᠃ | ᠪᠣᠳᠠᠲᠠᠢ ᠠᠷᠭ᠎ᠠ ᠪᠣᠯᠣᠨ ᠵᠥᠪᠰᠢᠶᠡᠷᠡᠯ ᠤᠨ ᠦᠨᠡᠮᠯᠡᠯ ᠤᠨ ᠶᠠᠩᠵᠤ ᠬᠡᠯᠪᠡᠷᠢ ᠶᠢ ᠲᠦᠷᠦ ᠶᠢᠨ ᠶᠠᠪᠤᠳᠠᠯ ᠤᠨ ᠬᠤᠷᠢᠶᠠᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠠᠴᠠ ᠲᠣᠭᠲᠠᠭᠠᠨ᠎ᠠ᠃ | ᠬᠤᠷᠢᠨ ᠳᠣᠯᠣᠳᠤᠭᠠᠷ ᠵᠦᠢᠯ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ | ᠦᠨᠡᠮᠯᠡᠯ ᠳᠤ ᠦᠢᠯᠡᠳᠪᠦᠷᠢᠯᠡᠵᠦ ᠡᠵᠡᠩᠨᠡᠭᠴᠢ ᠶᠢᠨ ᠨᠡᠷᠡᠶᠢᠳᠦᠯ ᠂ ᠲᠠᠯᠠᠪᠠᠢ ︵ᠦᠢᠯᠡᠳᠪᠦᠷᠢ ︶ ᠶᠢᠨ ᠬᠠᠶ᠋ᠢᠭ ᠂ | ᠦᠢᠯᠡᠳᠪᠦᠷᠢᠯᠡᠵᠦ ᠡᠵᠡᠩᠨᠡᠬᠦ ᠬᠡᠪᠴᠢᠶ᠎ᠡ ᠵᠢᠴᠢ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢᠨ ᠡᠬᠢᠯᠡᠵᠦ | ᠳᠠᠭᠤᠰᠬᠤ ᠡᠳᠦᠷ ᠬᠤᠭᠤᠴᠠᠭ᠎ᠠ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ | ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠪᠤᠶᠤ | ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ | ᠦᠷ᠎ᠡ ᠶᠢᠨ ᠮᠠᠯ ᠵᠢᠭᠦᠷᠲᠡᠨ ᠪᠤᠶᠤ ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢ ᠦᠢᠯᠡᠳᠪᠦᠷᠢᠯᠡᠵᠦ ᠡᠵᠡᠩᠨᠡᠬᠦ ᠶᠢ | ᠴᠠᠭᠠᠵᠠᠯᠠᠨ᠎ᠠ ᠃ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ | ᠵᠣᠬᠢᠶᠠᠬᠤ ᠂ ᠬᠤᠪᠢᠷᠠᠭᠤᠯᠤᠨ ᠵᠣᠬᠢᠶᠠᠬᠤ ᠂ ᠰᠢᠯᠵᠢᠭᠦᠯᠦᠨ ᠥᠭᠬᠦ ᠂ ᠲᠦᠷᠢᠶᠡᠰᠦᠯᠡᠭᠦᠯᠦᠨ ᠵᠢᠭᠡᠯᠡᠭᠦᠯᠬᠦ ᠶᠢ ᠴᠠᠭᠠᠵᠠᠯᠠᠨ᠎ᠠ᠃ | ᠬᠤᠷᠢᠨ ᠨᠠᠢᠮᠠᠳᠤᠭᠠᠷ ᠵᠦᠢᠯ ᠲᠠᠷᠢᠶᠠᠴᠢᠨ ᠡᠷᠦᠭᠡ ᠶᠢᠨ ᠲᠡᠵᠢᠭᠡᠨ ᠠᠷᠠᠴᠢᠯᠠᠵᠤ ᠪᠠᠶᠢᠭ᠎ᠠ ᠦᠷ᠎ᠡ ᠶᠢᠨ ᠮᠠᠯ | ᠵᠢᠭᠦᠷᠲᠡᠨ ᠢᠶᠠᠨ ᠥᠪᠡᠷ ᠢᠶᠠᠨ ᠦᠷᠡᠵᠢᠭᠦᠯᠦᠨ ᠲᠡᠵᠢᠭᠡᠬᠦ ᠳᠤ ᠬᠡᠷᠡᠭᠯᠡᠬᠦ ᠪᠠ ᠦᠯᠡᠭᠦᠳᠡᠭᠰᠡᠨ ᠪᠠᠭ᠎ᠠ ᠬᠡᠮᠵᠢᠶᠡᠨ ᠤ ᠲᠥᠯ ᠮᠠᠯ ᠂ | ᠵᠢᠭᠦᠷᠲᠡᠨ ᠤ ᠴᠤᠷᠪᠠᠭ᠎ᠠ ᠪᠠᠨ ᠬᠤᠳᠠᠯᠳᠤᠬᠤ ᠳᠤ ᠬᠡᠷᠡᠭᠯᠡᠬᠦ ᠂ ᠲᠠᠷᠢᠶᠠᠴᠢᠨ ᠡᠷᠦᠭᠡ ᠦᠷ᠎ᠡ ᠶᠢᠨ ᠮᠠᠯ ᠲᠡᠵᠢᠭᠡᠭᠡᠳ | ᠬᠠᠪᠰᠤᠷᠤᠯᠴᠠᠨ ᠬᠡᠭᠡᠯᠲᠦᠭᠦᠯᠬᠦ ᠳᠤ ᠬᠦᠷᠪᠡᠯ ᠂ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠦᠨᠡᠮᠯᠡᠯ ᠠᠪᠬᠤ ᠴᠢᠬᠤᠯᠠ ᠦᠭᠡᠢ᠃ | ᠬᠤᠷᠢ ᠶᠢᠰᠦᠳᠦᠭᠡᠷ ᠵᠦᠢᠯ ᠦᠷ᠎ᠡ ᠶᠢᠨ ᠮᠠᠯ ᠵᠢᠭᠦᠷᠲᠡᠨ ᠤ ᠵᠠᠷ ᠨᠡᠶᠢᠲᠡᠯᠡᠬᠦ ᠳᠤ ᠂ ᠵᠠᠷ ᠤᠨ ᠡᠵᠡᠨ ᠨᠢ ᠦᠷ᠎ᠡ ᠶᠢᠨ | ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠ ᠡᠵᠡᠩᠨᠡᠯᠲᠡ ᠶᠢᠨ ᠦᠨᠡᠮᠯᠡᠯ ᠲᠠᠢ ᠪᠠᠶᠢᠬᠤ | ᠪᠤᠶᠤ ᠬᠠᠩᠭᠠᠬᠤ ᠬᠡᠷᠡᠭᠲᠡᠢ ᠃ ᠵᠠᠷ ᠤᠨ ᠠᠭᠤᠯᠭ᠎ᠠ ᠨᠢ ᠬᠤᠯᠪᠣᠭᠳᠠᠯ ᠪᠦᠬᠦᠢ ᠬᠠᠤᠯᠢ ᠴᠠᠭᠠᠵᠠ ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠦᠷ᠎ᠡ ᠶᠢᠨ ᠮᠠᠯ ᠵᠢᠭᠦᠷᠲᠡᠨ ᠤ ᠡᠭᠦᠯᠳᠡᠷ ᠂ | ᠲᠥᠬᠦᠷᠵᠢᠭᠰᠡᠨ ᠤᠳᠤᠮ ᠤᠨ ᠬᠢᠨᠠᠨ ᠲᠣᠭᠲᠠᠭᠠᠯᠲᠠ ᠪᠤᠶᠤ ᠬᠢᠨᠠᠨ ᠲᠣᠭᠲᠠᠭᠠᠯᠲᠠ ᠶᠢᠨ ᠨᠡᠷᠡᠶᠢᠳᠦᠯ ᠢ ᠲᠣᠳᠣᠷᠬᠠᠢ ᠪᠢᠴᠢᠵᠦ ᠂ | ᠭᠤᠣᠯ ᠰᠢᠨᠵᠢ ᠪᠠᠶᠢᠳᠠᠯ ᠤᠨ ᠲᠤᠬᠠᠢ ᠳᠦᠷᠰᠦᠯᠡᠨ ᠲᠣᠭᠠᠴᠢᠯᠲᠠ ᠨᠢ ᠲᠤᠰ ᠡᠭᠦᠯᠳᠡᠷ ᠂ ᠲᠥᠬᠦᠷᠵᠢᠭᠰᠡᠨ ᠤᠳᠤᠮ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠃ | ᠭᠤᠴᠢᠳᠤᠭᠠᠷ ᠵᠦᠢᠯ ᠪᠣᠷᠣᠯᠠᠭᠤᠯᠬᠤ ᠦᠷ᠎ᠡ ᠶᠢᠨ ᠮᠠᠯ ᠵᠢᠭᠦᠷᠲᠡᠨ ᠂ ᠭᠡᠷ ᠤᠨ ᠲᠡᠵᠢᠭᠡᠪᠦᠷᠢ ᠶᠢᠨ | ᠬᠡᠭᠡᠯᠲᠦᠭᠦᠯᠭᠡ ᠶᠢᠨ ᠦᠷᠳᠡᠭᠡ ︵ᠴᠡᠭ ︶ ᠳᠤ ᠬᠡᠷᠡᠭᠯᠡᠬᠦ ᠦᠷ᠎ᠡ ᠶᠢᠨ ᠮᠠᠯ ᠨᠢ ᠬᠡᠭᠡᠯᠲᠦᠭᠦᠯᠭᠡ ᠳᠤ ᠬᠡᠷᠡᠭᠯᠡᠬᠦ ᠪᠠᠷᠢᠮᠵᠢᠶ᠎ᠠ ᠳᠤ | ᠨᠡᠶᠢᠴᠡᠭᠰᠡᠨ ᠪᠠᠶᠢᠬᠤ ᠬᠡᠷᠡᠭᠲᠡᠢ ᠃ ᠦᠷ᠎ᠡ ᠶᠢᠨ ᠮᠠᠯ ᠵᠢᠭᠦᠷᠲᠡᠨ ᠢ ᠪᠣᠷᠣᠯᠠᠭᠤᠯᠬᠤ ᠳᠠᠭᠠᠨ ᠦᠷ᠎ᠡ ᠶᠢᠨ ᠮᠠᠯ ᠵᠢᠭᠦᠷᠲᠡᠨ ᠤ | ᠲᠠᠯᠠᠪᠠᠢ ᠠᠴᠠ ᠭᠠᠷᠭᠠᠵᠤ ᠥᠭᠭᠦᠭᠰᠡᠨ ᠦᠷ᠎ᠡ ᠶᠢᠨ ᠮᠠᠯ ᠵᠢᠭᠦᠷᠲᠡᠨ ᠤ ᠬᠢᠷᠢ ᠲᠡᠩᠴᠡᠭᠰᠡᠨ ᠭᠡᠷᠡᠴᠢᠯᠡᠯ ᠂ ᠠᠮᠢᠲᠠᠨ ᠤ ᠡᠷᠡᠭᠦᠯ | ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠭᠠᠷᠭᠠᠵᠤ ᠥᠭᠭᠦᠭᠰᠡᠨ ᠬᠢᠵᠢᠭ ᠤᠨ ᠪᠠᠶᠢᠴᠠᠭᠠᠯᠲᠠ ᠶᠢᠨ | ᠭᠡᠷᠡᠴᠢᠯᠡᠯ ᠢ ᠳᠠᠭᠠᠯᠳᠤᠭᠤᠯᠬᠤ ᠬᠡᠷᠡᠭᠲᠡᠢ ᠂ ᠪᠣᠷᠣᠯᠠᠭᠤᠯᠬᠤ ᠦᠷ᠎ᠡ ᠶᠢᠨ ᠮᠠᠯ ᠳᠤ ᠪᠠᠰᠠ ᠦᠷ᠎ᠡ ᠶᠢᠨ ᠮᠠᠯ ᠵᠢᠭᠦᠷᠲᠡᠨ ᠤ | ᠲᠠᠯᠠᠪᠠᠢ ᠠᠴᠠ ᠭᠠᠷᠭᠠᠵᠤ ᠥᠭᠭᠦᠭᠰᠡᠨ ᠭᠡᠷ ᠤᠨ ᠲᠡᠵᠢᠭᠡᠪᠦᠷᠢ ᠶᠢᠨ ᠤᠳᠤᠮ ᠤᠨ ᠴᠠᠳᠢᠭ ᠢ ᠳᠠᠭᠠᠯᠳᠤᠭᠤᠯᠬᠤ ᠬᠡᠷᠡᠭᠲᠡᠢ᠃ | ᠭᠡᠷ ᠤᠨ ᠲᠡᠵᠢᠭᠡᠪᠦᠷᠢ ᠶᠢᠨ ᠥᠨᠳᠡᠭᠡᠨ ᠡᠰ ᠂ ᠦᠷ᠎ᠡ ᠶᠢᠨ ᠰᠢᠩᠭᠡᠨ ᠂ ᠬᠦᠪᠦᠷᠡᠯ ᠵᠡᠷᠭᠡ ᠤᠳᠤᠮᠯᠠᠯ ᠤᠨ ᠮᠠᠲ᠋ᠧᠷᠢᠶᠠᠯ ᠢ | ᠦᠢᠯᠡᠳᠪᠦᠷᠢᠯᠡᠬᠦ ᠳᠡᠭᠡᠨ ᠲᠡᠭᠦᠵᠦ ᠴᠤᠭᠯᠠᠭᠤᠯᠤᠭᠰᠠᠨ ᠂ ᠪᠣᠷᠣᠯᠠᠭᠤᠯᠤᠭᠰᠠᠨ ᠂ ᠰᠢᠯᠵᠢᠭᠦᠯᠦᠨ ᠰᠠᠭᠤᠯᠭᠠᠭᠰᠠᠨ ᠵᠡᠷᠭᠡ | ᠲᠠᠯ᠎ᠠ ᠶᠢᠨ ᠪᠦᠷᠢᠨ ᠪᠦᠲᠦᠨ ᠲᠡᠮᠳᠡᠭᠯᠡᠯ ᠲᠠᠢ ᠪᠠᠶᠢᠬᠤ ᠬᠡᠷᠡᠭᠲᠡᠢ ᠂ ᠲᠡᠮᠳᠡᠭᠯᠡᠯ ᠢᠶᠠᠨ ᠬᠤᠶᠠᠷ ᠵᠢᠯ ᠬᠠᠳᠠᠭᠠᠯᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠦᠷ᠎ᠡ ᠶᠢᠨ ᠮᠠᠯ ᠵᠢᠭᠦᠷᠲᠡᠨ ᠢ ᠪᠣᠷᠣᠯᠠᠭᠤᠯᠬᠤ ᠳᠤ ᠪᠠᠨ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠄ | ︵ᠨᠢᠭᠡ ︶ ᠪᠤᠰᠤᠳ ᠮᠠᠯ ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠢᠶᠠᠷ ᠪᠣᠷᠣᠯᠠᠭᠤᠯᠵᠤ ᠪᠠᠶᠢᠭ᠎ᠠ | ᠦᠷ᠎ᠡ ᠶᠢᠨ ᠮᠠᠯ ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠢ ᠬᠠᠭᠤᠷᠮᠠᠭᠯᠠᠨ ᠤᠷᠤᠯᠠᠭᠤᠯᠬᠤ ︔ | ︵ᠬᠤᠶᠠᠷ ︶ ᠳᠣᠣᠷ᠎ᠠ ᠦᠶ᠎ᠡ ᠶᠢᠨ ᠣᠨᠳᠣᠣ ᠦᠷ᠎ᠡ ᠶᠢᠨ ᠮᠠᠯ ᠵᠢᠭᠦᠷᠲᠡᠨ ᠢᠶᠠᠷ ᠲᠡᠭᠡᠳᠦ ᠦᠶ᠎ᠡ ᠶᠢᠨ ᠣᠨᠳᠣᠣ | ᠦᠷ᠎ᠡ ᠶᠢᠨ ᠮᠠᠯ ᠵᠢᠭᠦᠷᠲᠡᠨ ᠢ ᠬᠠᠭᠤᠷᠮᠠᠭᠯᠠᠨ ᠣᠷᠣᠯᠠᠭᠤᠯᠬᠤ ︔ | ︵ᠭᠤᠷᠪᠠ ︶ ᠦᠷ᠎ᠡ ᠳᠤ ᠬᠡᠷᠡᠭᠯᠡᠬᠦ ᠪᠠᠷᠢᠮᠵᠢᠶ᠎ᠠ ᠳᠤ ᠦᠯᠦ ᠨᠡᠶᠢᠴᠡᠬᠦ ᠮᠠᠯ ᠵᠢᠭᠦᠷᠲᠡᠨ ᠢᠶᠠᠷ ᠦᠷ᠎ᠡ ᠶᠢᠨ ᠮᠠᠯ | ᠵᠢᠭᠦᠷᠲᠡᠨ ᠢ ᠬᠠᠭᠤᠷᠮᠠᠭᠯᠠᠨ ᠣᠷᠣᠯᠠᠭᠤᠯᠬᠤ︔ | ︵ᠳᠥᠷᠪᠡ ︶ ᠭᠠᠳᠠᠭᠠᠳᠤ ᠠᠴᠠ ᠣᠷᠣᠭᠤᠯᠬᠤ ᠪᠠᠷ ᠵᠥᠪᠰᠢᠶᠡᠷᠡᠭᠦᠯᠦᠭᠰᠡᠨ ᠦᠭᠡᠢ ᠦᠷ᠎ᠡ ᠶᠢᠨ ᠮᠠᠯ ᠵᠢᠭᠦᠷᠲᠡᠨ ᠢ | ᠪᠣᠷᠣᠯᠠᠭᠤᠯᠬᠤ︔ | ︵ᠲᠠᠪᠤ ︶ ᠲᠤᠰ ᠬᠠᠤᠯᠢ ᠶᠢᠨ ᠭᠤᠴᠢᠳᠤᠭᠠᠷ ᠵᠦᠢᠯ ᠳᠤ ᠲᠣᠭᠲᠠᠭᠠᠭᠰᠠᠨ ᠦᠷ᠎ᠡ ᠶᠢᠨ ᠮᠠᠯ ᠵᠢᠭᠦᠷᠲᠡᠨ ᠤ ᠬᠢᠷᠢ | ᠲᠡᠩᠴᠡᠭᠰᠡᠨ ᠭᠡᠷᠡᠴᠢᠯᠡᠯ ᠂ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠢ ᠳᠠᠭᠠᠯᠳᠤᠭᠤᠯᠤᠭᠰᠠᠨ ᠦᠭᠡᠢ ᠦᠷ᠎ᠡ ᠶᠢᠨ ᠮᠠᠯ | ᠵᠢᠭᠦᠷᠲᠡᠨ ᠪᠤᠶᠤ ᠭᠡᠷ ᠤᠨ ᠲᠡᠵᠢᠭᠡᠪᠦᠷᠢ ᠶᠢᠨ ᠤᠳᠤᠮ ᠤᠨ ᠲᠡᠮᠳᠡᠭᠯᠡᠯ ᠢ ᠳᠠᠭᠠᠯᠳᠤᠭᠤᠯᠤᠭᠰᠠᠨ ᠦᠭᠡᠢ ᠦᠷ᠎ᠡ ᠶᠢᠨ ᠮᠠᠯ ᠢ | ᠪᠣᠷᠣᠯᠠᠭᠤᠯᠬᠤ︔ | ︵ᠵᠢᠷᠭᠤᠭ᠎ᠠ ︶ ᠬᠢᠨᠠᠨ ᠲᠣᠭᠲᠠᠭᠠᠯᠲᠠ ᠪᠤᠶᠤ ᠰᠢᠯᠭᠠᠨ ᠲᠣᠭᠲᠠᠭᠠᠯᠲᠠ ᠶᠢ ᠥᠩᠭᠡᠷᠡᠭᠡᠭᠰᠡᠨ ᠦᠭᠡᠢ ᠦᠷ᠎ᠡ ᠶᠢᠨ ᠮᠠᠯ | ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠢ ᠪᠣᠷᠣᠯᠠᠭᠤᠯᠬᠤ᠃ | ᠭᠤᠴᠢᠨ ᠬᠤᠶᠠᠳᠤᠭᠠᠷ ᠵᠦᠢᠯ ᠦᠷ᠎ᠡ ᠶᠢᠨ ᠮᠠᠯ ᠵᠢᠭᠦᠷᠲᠡᠨ ᠢ ᠭᠠᠳᠠᠭᠠᠳᠤ ᠠᠴᠠ ᠣᠷᠣᠭᠤᠯᠬᠤ ᠪᠠᠷ | ᠭᠤᠶᠤᠴᠢᠯᠠᠬᠤ ᠳᠤ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠲᠠᠢ ᠪᠠᠶᠢᠬᠤ | ᠬᠡᠷᠡᠭᠲᠡᠢ ᠃ ᠦᠷ᠎ᠡ ᠶᠢᠨ ᠮᠠᠯ ᠵᠢᠭᠦᠷᠲᠡᠨ ᠪᠠᠶᠢᠬᠤ ᠦᠭᠡᠢ ᠠᠴᠠ ᠪᠣᠯᠵᠤ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ | ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠶᠢᠪᠠᠯ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠣᠳᠣᠷᠬᠠᠶᠢᠯᠠᠯᠲᠠ ᠶᠢᠨ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠢ ᠃ ᠦᠷ᠎ᠡ ᠶᠢᠨ ᠮᠠᠯ ᠵᠢᠭᠦᠷᠲᠡᠨ ᠢ | ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠵᠢᠷᠭᠤᠭᠠᠨ | ᠰᠠᠷ᠎ᠠ ᠪᠣᠯᠣᠨ᠎ᠠ᠃ | ᠭᠠᠳᠠᠭᠠᠳᠤ ᠠᠴᠠ ᠣᠷᠣᠭᠤᠯᠬᠤ ᠦᠷ᠎ᠡ ᠶᠢᠨ ᠮᠠᠯ ᠵᠢᠭᠦᠷᠲᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠮᠡᠷᠭᠡᠵᠢᠯ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠃ ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠤᠭᠰᠠᠨ ᠦᠷ᠎ᠡ ᠶᠢᠨ ᠮᠠᠯ | ᠵᠢᠭᠦᠷᠲᠡᠨ ᠳᠤ ᠪᠠᠰᠠ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ᠦᠷ᠎ᠡ ᠳᠤ | ᠬᠡᠷᠡᠭᠯᠡᠬᠦ ᠴᠢᠳᠠᠮᠵᠢ ᠶᠢᠨ ᠦᠨᠡᠯᠡᠨ ᠵᠢᠱᠢᠯᠲᠡ ᠬᠢᠬᠦ ᠬᠡᠷᠡᠭᠲᠡᠢ ᠃ | ᠦᠷ᠎ᠡ ᠶᠢᠨ ᠮᠠᠯ ᠵᠢᠭᠦᠷᠲᠡᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠮᠢᠶᠠᠷᠤᠯᠲᠠ ᠳᠤ ᠲᠤᠰ | ᠵᠦᠢᠯ ᠤᠨ ᠡᠮᠦᠨᠡᠬᠢ ᠬᠤᠶᠠᠷ ᠪᠠᠳᠠᠭ ᠤᠨ ᠲᠣᠭᠲᠠᠭᠠᠯ ᠢ ᠬᠡᠷᠡᠭᠯᠡᠬᠦ ᠠᠴᠠ ᠭᠠᠳᠠᠨ᠎ᠠ ᠪᠠᠰᠠ ᠲᠤᠰ ᠬᠠᠤᠯᠢ ᠶᠢᠨ ᠠᠷᠪᠠᠨ | ᠵᠢᠷᠭᠤᠳᠤᠭᠠᠷ ᠵᠦᠢᠯ ᠂ ᠠᠷᠪᠠᠨ ᠳᠣᠯᠣᠳᠤᠭᠠᠷ ᠵᠦᠢᠯ ᠪᠠ ᠬᠤᠷᠢᠨ ᠬᠤᠶᠠᠳᠤᠭᠠᠷ ᠵᠦᠢᠯ ᠤᠨ ᠬᠤᠯᠪᠣᠭᠳᠠᠯ ᠪᠦᠬᠦᠢ | ᠲᠣᠭᠲᠠᠭᠠᠯ ᠢ ᠬᠡᠷᠡᠭᠯᠡᠨ᠎ᠡ᠃ | ᠤᠯᠤᠰ ᠠᠴᠠ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢᠳ ᠤᠨ ᠭᠠᠳᠠᠭᠠᠳᠤ ᠠᠴᠠ ᠣᠷᠣᠭᠤᠯᠤᠭᠰᠠᠨ ᠦᠷ᠎ᠡ ᠶᠢᠨ | ᠮᠠᠯ ᠵᠢᠭᠦᠷᠲᠡᠨ ᠢ ᠠᠰᠢᠭᠯᠠᠨ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ ᠪᠣᠶᠢᠵᠢᠭᠤᠯᠬᠤ ᠶᠢ ᠵᠣᠷᠢᠭᠵᠢᠭᠤᠯᠤᠨ᠎ᠠ ︔ | ᠪᠣᠶᠢᠵᠢᠭᠤᠯᠤᠭᠰᠠᠨ ᠰᠢᠨ᠎ᠡ ᠡᠭᠦᠯᠳᠡᠷ ᠂ ᠲᠥᠬᠦᠷᠵᠢᠭᠰᠡᠨ ᠤᠳᠤᠮ ᠢ ᠳᠡᠯᠭᠡᠷᠡᠭᠦᠯᠬᠦ ᠠᠴᠠ ᠡᠮᠦᠨ᠎ᠡ ᠤᠯᠤᠰ ᠤᠨ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠢᠶᠠᠷ ᠬᠢᠨᠠᠨ ᠲᠣᠭᠲᠠᠭᠠᠯᠭᠠᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢ ᠪᠣᠷᠣᠯᠠᠭᠤᠯᠬᠤ ᠳᠤ ᠂ | ᠬᠤᠳᠠᠯᠳᠤᠨ ᠠᠪᠤᠭᠴᠢ ᠳᠤ ᠪᠣᠷᠣᠯᠠᠭᠤᠯᠬᠤ ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢᠨ ᠦᠢᠯᠡᠳᠪᠦᠷᠢᠯᠡᠯ ᠤᠨ | ᠴᠢᠳᠠᠪᠤᠷᠢ ᠶᠢᠨ ᠭᠤᠣᠯ ᠭᠦᠢᠴᠡᠳᠬᠡᠬᠦ ᠲᠤᠭ᠎ᠠ ᠂ ᠡᠭᠡᠯᠢᠯᠡᠭᠡ ᠶᠢᠨ ᠪᠠᠶᠢᠳᠠᠯ ᠂ ᠠᠷᠠᠴᠢᠯᠠᠨ ᠲᠡᠵᠢᠭᠡᠬᠦ ᠮᠡᠷᠭᠡᠵᠢᠯ ᠤᠨ | ᠱᠠᠭᠠᠷᠳᠠᠯᠭ᠎ᠠ ᠪᠠ ᠬᠤᠯᠪᠣᠭᠳᠠᠯ ᠪᠦᠬᠦᠢ ᠵᠥᠪᠯᠡᠯᠭᠡ ᠥᠭᠬᠦ ᠦᠢᠯᠡᠴᠢᠯᠡᠭᠡ ᠶᠢ ᠬᠠᠩᠭᠠᠬᠤ ᠶᠢᠨ ᠬᠠᠮᠲᠤ ᠠᠮᠢᠲᠠᠨ ᠤ ᠡᠷᠡᠭᠦᠯ | ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠭᠠᠷᠭᠠᠭᠰᠠᠨ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠢ | ᠳᠠᠭᠠᠯᠳᠤᠭᠤᠯᠬᠤ ᠬᠡᠷᠡᠭᠲᠡᠢ᠃ | ᠦᠷ᠎ᠡ ᠶᠢᠨ ᠮᠠᠯ ᠵᠢᠭᠦᠷᠲᠡᠨ ᠪᠠ ᠲᠠᠸᠠᠷ ᠤᠨ ᠲᠥᠯ ᠮᠠᠯ ᠂ ᠵᠢᠭᠦᠷᠲᠡᠨ ᠤ ᠴᠤᠷᠪᠠᠭ᠎ᠠ ᠶᠢ ᠪᠣᠷᠣᠯᠠᠭᠤᠯᠤᠭᠠᠳ ᠂ ᠶᠠᠰᠤ | ᠴᠢᠨᠠᠷ ᠤᠨ ᠠᠰᠠᠭᠤᠳᠠᠯ ᠠᠴᠠ ᠪᠣᠯᠵᠤ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ ᠂ ᠬᠠᠤᠯᠢ ᠶᠣᠰᠣᠭᠠᠷ ᠬᠤᠬᠢᠷᠠᠯ ᠢ ᠲᠥᠯᠥᠬᠦ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠦᠷ᠎ᠡ ᠶᠢᠨ ᠮᠠᠯ ᠵᠢᠭᠦᠷᠲᠡᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠦᠷ᠎ᠡ ᠶᠢᠨ ᠮᠠᠯ ᠵᠢᠭᠦᠷᠲᠡᠨ ᠤ | ᠶᠠᠰᠤ ᠴᠢᠨᠠᠷ ᠤᠨ ᠠᠶᠤᠯᠭᠦᠢ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠳᠠᠭᠠᠨ ᠬᠠᠤᠯᠢ ᠪᠠᠷ ᠲᠣᠭᠲᠠᠭᠠᠭᠰᠠᠨ ᠬᠢᠷᠢ | ᠬᠡᠮ ᠪᠦᠬᠦᠢ ᠦᠷ᠎ᠡ ᠶᠢᠨ ᠮᠠᠯ ᠵᠢᠭᠦᠷᠲᠡᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠤ ᠬᠢᠯᠭᠡᠬᠦ | ᠬᠡᠷᠡᠭᠲᠡᠢ︔ ᠰᠢᠯᠭᠠᠨ ᠪᠠᠶᠢᠴᠠᠭᠠᠬᠤ ᠳᠤ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠲᠥᠰᠥᠪ ᠠᠴᠠ ᠭᠠᠷᠭᠠᠨ᠎ᠠ ᠂ ᠰᠢᠯᠭᠠᠨ | ᠪᠠᠶᠢᠴᠠᠭᠠᠭᠳᠠᠭᠴᠢ ᠠᠴᠠ ᠬᠤᠷᠢᠶᠠᠨ ᠠᠪᠴᠤ ᠪᠣᠯᠬᠤ ᠦᠭᠡᠢ᠃ | ᠭᠤᠴᠢᠨ ᠲᠠᠪᠤᠳᠤᠭᠠᠷ ᠵᠦᠢᠯ ᠵᠥᠭᠡᠢ ᠶᠢᠨ ᠦᠷ᠎ᠡ᠂ ᠬᠦᠷᠢ ᠶᠢᠨ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠂ | ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ᠂ ᠦᠢᠯᠡᠳᠪᠦᠷᠢᠯᠡᠵᠦ ᠡᠵᠡᠩᠨᠡᠬᠦ ᠪᠠ ᠳᠡᠯᠭᠡᠷᠡᠭᠦᠯᠬᠦ ᠳᠤ ᠲᠤᠰ ᠬᠠᠤᠯᠢ ᠶᠢᠨ | ᠬᠤᠯᠪᠣᠭᠳᠠᠯ ᠪᠦᠬᠦᠢ ᠲᠣᠭᠲᠠᠭᠠᠯ ᠢ ᠬᠡᠷᠡᠭᠯᠡᠨ᠎ᠡ ᠂ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠳᠥᠷᠪᠡᠳᠦᠭᠡᠷ ᠪᠦᠯᠦᠭ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ | ᠭᠤᠴᠢᠨ ᠵᠢᠷᠭᠤᠳᠤᠭᠠᠷ ᠵᠦᠢᠯ ᠤᠯᠤᠰ ᠠᠴᠠ ᠤᠳᠤ ᠦᠶ᠎ᠡ ᠶᠢᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠠᠯ ᠠᠵᠤ ᠠᠬᠤᠢ ᠶᠢᠨ | ᠬᠥᠭᠵᠢᠯᠲᠡ ᠶᠢᠨ ᠲᠥᠯᠦᠪᠵᠢᠭᠦᠯᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠮᠠᠯ ᠠᠵᠤ ᠠᠬᠤᠢ ᠶᠢᠨ | ᠪᠦᠲᠦᠴᠡ ᠶᠢᠨ ᠲᠣᠬᠢᠷᠠᠭᠤᠯᠤᠯᠲᠠ ᠶᠢ ᠬᠥᠲᠥᠯᠥᠨ ᠵᠢᠯᠤᠭᠤᠳᠴᠤ ᠲᠡᠮᠵᠢᠵᠤ᠂ ᠳᠠᠪᠠᠭᠤᠯᠢᠭ ᠮᠠᠯ ᠵᠢᠭᠦᠷᠲᠡᠨ ᠤ | ᠦᠢᠯᠡᠳᠪᠦᠷᠢᠯᠡᠯ ᠢ ᠬᠥᠭᠵᠢᠭᠦᠯᠵᠦ ᠂ ᠮᠠᠯ ᠵᠢᠭᠦᠷᠲᠡᠨ ᠤ ᠠᠰᠢᠭ ᠰᠢᠮ᠎ᠡ ᠶᠢᠨ ᠵᠠᠬ᠎ᠠ ᠳᠡᠯᠭᠡᠭᠦᠷ ᠲᠠᠬᠢ ᠥᠷᠢᠰᠦᠯᠳᠦᠬᠦ | ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠳᠤ ᠬᠡᠷᠡᠭᠯᠡᠬᠦ ᠭᠠᠵᠠᠷ ᠤᠨ ᠵᠦᠢ ᠵᠣᠬᠢᠰᠲᠠᠢ ᠬᠡᠷᠡᠭᠴᠡᠭᠡ ᠶᠢ ᠪᠠᠲᠤᠯᠠᠬᠤ ᠬᠡᠷᠡᠭᠲᠡᠢ ᠃ ᠰᠢᠶᠠᠨ ᠤ ᠱᠠᠲᠤᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠲᠤᠬᠠᠢ ᠶᠢᠨ ᠭᠠᠵᠠᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠶᠣᠰᠣᠭᠠᠷ ᠬᠠᠮᠢᠶᠠᠷᠤᠨ᠎ᠠ ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠬᠤᠭᠤᠴᠠᠭ᠎ᠠ ᠨᠢ ᠲᠦᠭᠦᠷᠡᠭᠰᠡᠨ ᠪᠤᠶᠤ ᠲᠡᠵᠢᠭᠡᠨ ᠦᠷᠡᠵᠢᠭᠦᠯᠬᠦ ᠠᠵᠢᠯᠯᠠᠭ᠎ᠠ ᠶᠢ ᠲᠠᠬᠢᠵᠤ ᠬᠢᠬᠦ ᠪᠠᠨ ᠪᠣᠯᠢᠭᠠᠳ ᠂ ᠤᠤᠯ ᠤᠨ | ᠬᠡᠷᠡᠭᠴᠡᠭᠡ ᠶᠢ ᠨᠢ ᠰᠡᠷᠭᠦᠭᠡᠬᠦ ᠴᠢᠬᠤᠯᠠᠲᠠᠢ ᠪᠠᠶᠢᠪᠠᠯ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠤᠨ | ᠬᠡᠷᠡᠭᠯᠡᠭᠴᠢ ᠠᠴᠠ ᠬᠠᠷᠢᠭᠤᠴᠠᠵᠤ ᠰᠡᠷᠭᠦᠭᠡᠨ᠎ᠡ ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠤᠨ | ᠬᠡᠪᠴᠢᠶᠡᠨ ᠳᠤ ᠡᠭᠦᠷᠢᠳᠡ ᠶᠢᠨ ᠴᠢᠨᠠᠷᠲᠠᠢ ᠪᠠᠷᠢᠯᠭ᠎ᠠ ᠶᠢᠨ ᠵᠦᠢᠯ ᠢ ᠪᠠᠶᠢᠭᠤᠯᠬᠤ ᠴᠢᠬᠤᠯᠠᠲᠠᠢ ᠪᠠᠶᠢᠵᠤ ᠂ ᠲᠠᠷᠢᠶᠠᠯᠠᠩ ᠳᠤ | ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠳᠤ ᠬᠤᠯᠪᠣᠭᠳᠠᠪᠠᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠶᠢᠨ ᠲᠣᠭᠲᠠᠭᠠᠯ ᠶᠣᠰᠣᠭᠠᠷ ᠭᠦᠢᠴᠡᠳᠬᠡᠨ᠎ᠡ᠃ | ᠭᠤᠴᠢᠨ ᠨᠠᠢᠮᠠᠳᠤᠭᠠᠷ ᠵᠦᠢᠯ ᠤᠯᠤᠰ ᠠᠴᠠ ᠪᠠᠶᠢᠭᠤᠯᠤᠭᠰᠠᠨ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ | ᠳᠡᠯᠭᠡᠷᠡᠭᠦᠯᠬᠦ ᠪᠠᠶᠢᠭᠤᠯᠤᠮᠵᠢ ᠨᠢ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ | ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠤᠨ ᠪᠣᠯᠪᠠᠰᠤᠷᠠᠯ ᠵᠢᠴᠢ | ᠰᠠᠶᠢᠨ ᠡᠭᠦᠯᠳᠡᠷ ᠢ ᠳᠡᠯᠭᠡᠷᠡᠭᠦᠯᠬᠦ ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠢ ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠠᠴᠠ ᠪᠠᠶᠢᠭᠤᠯᠤᠭᠰᠠᠨ ᠮᠠᠯ | ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠮᠡᠷᠭᠡᠵᠢᠯ ᠤᠨ ᠦᠢᠯᠡᠴᠢᠯᠡᠭᠡ ᠬᠢᠬᠦ ᠠᠵᠢᠯ ᠤᠨ ᠵᠠᠷᠤᠳᠠᠯ ᠢ ᠪᠠᠲᠤᠯᠠᠬᠤ ᠬᠡᠷᠡᠭᠲᠡᠢ᠃ | ᠤᠯᠤᠰ ᠠᠴᠠ ᠮᠠᠯ ᠵᠢᠭᠦᠷᠲᠡᠨ ᠤ ᠠᠰᠢᠭ ᠰᠢᠮ᠎ᠡ ᠶᠢ ᠪᠣᠯᠪᠠᠰᠤᠷᠠᠭᠤᠯᠬᠤ ᠠᠵᠤ ᠠᠬᠤᠶᠢᠯᠠᠯ ᠪᠣᠯᠣᠨ ᠪᠤᠰᠤᠳ | ᠬᠤᠯᠪᠣᠭᠳᠠᠯ ᠪᠦᠬᠦᠢ ᠦᠢᠯᠡᠳᠪᠦᠷᠢᠯᠡᠨ ᠡᠵᠡᠩᠨᠡᠭᠴᠢ ᠶᠢᠨ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ ᠳᠤ ᠬᠡᠷᠡᠭᠰᠡᠬᠦ | ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ᠭᠤᠴᠢ ᠶᠢᠰᠦᠳᠦᠭᠡᠷ ᠵᠦᠢᠯ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠨᠢ ᠳᠣᠣᠷ᠎ᠠ ᠵᠢᠭᠰᠠᠭᠠᠭᠰᠠᠨ | ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ ︶ ᠠᠷᠠᠴᠢᠯᠠᠨ ᠲᠡᠵᠢᠭᠡᠬᠦ ᠬᠡᠪᠴᠢᠶ᠎ᠡ ᠲᠠᠢ ᠪᠠᠨ ᠵᠣᠬᠢᠴᠠᠭᠰᠠᠨ ᠦᠢᠯᠡᠳᠪᠦᠷᠢᠯᠡᠯ ᠤᠨ ᠲᠠᠯᠠᠪᠤᠷ ᠭᠠᠵᠠᠷ ᠪᠠ | ᠢᠵᠢ ᠪᠦᠷᠢᠳᠦᠭᠰᠡᠨ ᠦᠢᠯᠡᠳᠪᠦᠷᠢᠯᠡᠯ ᠤᠨ ᠲᠥᠬᠦᠭᠡᠷᠦᠮᠵᠢ ᠲᠠᠢ ᠪᠠᠶᠢᠬᠤ ᠬᠡᠷᠡᠭᠲᠡᠢ︔ | ︵ᠬᠤᠶᠠᠷ ︶ ᠲᠡᠭᠦᠨ ᠳᠤ ᠦᠢᠯᠡᠴᠢᠯᠡᠬᠦ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠤᠨ ᠠᠵᠢᠯᠲᠠᠨ ᠲᠠᠢ | ᠪᠠᠶᠢᠬᠤ ᠬᠡᠷᠡᠭᠲᠡᠢ︔ | ︵ᠭᠤᠷᠪᠠ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ | ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠬᠢᠵᠢᠭ ᠢ | ᠰᠡᠷᠭᠡᠶᠢᠯᠡᠬᠦ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ︔ | ︵ᠳᠥᠷᠪᠡ ︶ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠯᠤᠭ᠎ᠠ ᠵᠣᠬᠢᠴᠠᠭᠰᠠᠨ ᠪᠡᠯᠡᠳᠬᠡᠮᠵᠢ ᠲᠥᠬᠦᠭᠡᠷᠦᠮᠵᠢ ᠲᠠᠢ ᠪᠠᠶᠢᠬᠤ ᠬᠡᠷᠡᠭᠲᠡᠢ︔ | ︵ᠲᠠᠪᠤ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ᠃ | ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢ ᠡᠷᠬᠢᠯᠡᠨ ᠪᠠᠶᠢᠭᠤᠯᠤᠭᠴᠢ ᠨᠢ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠲᠠᠯᠠᠪᠠᠢ ᠶᠢᠨ ᠨᠡᠷᠡᠶᠢᠳᠦᠯ ᠂ ᠲᠡᠵᠢᠭᠡᠨ ᠦᠷᠡᠵᠢᠭᠦᠯᠬᠦ ᠬᠠᠶ᠋ᠢᠭ ᠂ ᠮᠠᠯ ᠵᠢᠭᠦᠷᠲᠡᠨ ᠤ ᠡᠭᠦᠯᠳᠡᠷ ᠪᠠ ᠲᠡᠵᠢᠭᠡᠨ | ᠦᠷᠡᠵᠢᠭᠦᠯᠬᠦ ᠬᠡᠪᠴᠢᠶ᠎ᠡ ᠪᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠵᠤ ᠂ | ᠮᠠᠯ ᠵᠢᠭᠦᠷᠲᠡᠨ ᠤ ᠢᠯᠭᠠᠬᠤ ᠲᠡᠮᠳᠡᠭ ᠤᠨ ᠣᠷᠣᠯᠠᠬᠤ ᠨᠣᠮᠧᠷ ᠢ ᠣᠯᠣᠭᠰᠠᠨ ᠪᠠᠶᠢᠬᠤ ᠬᠡᠷᠡᠭᠲᠡᠢ᠃ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠡᠪᠴᠢᠶ᠎ᠡ ᠪᠠᠷᠢᠮᠵᠢᠶ᠎ᠠ ᠪᠠ ᠲᠠᠩᠰᠠᠯᠠᠨ ᠬᠠᠮᠢᠶᠠᠷᠬᠤ | ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠣᠭᠲᠠᠭᠠᠨ᠎ᠠ᠃ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ ᠰᠡᠷᠭᠡᠶᠢᠯᠡᠬᠦ ᠨᠥᠬᠦᠴᠡᠯ ᠂ ᠮᠠᠯ ᠵᠢᠭᠦᠷᠲᠡᠨ ᠤ | ᠪᠠᠭᠠᠰᠤᠨ ᠪᠣᠬᠢᠷᠲᠤᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ | ᠱᠠᠭᠠᠷᠳᠠᠯᠭ᠎ᠠ ᠶᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠳᠥᠴᠢᠳᠦᠭᠡᠷ ᠵᠦᠢᠯ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠭᠠᠵᠠᠷ ᠰᠣᠩᠭᠤᠬᠤ ᠂ ᠪᠦᠲᠦᠭᠡᠨ | ᠪᠠᠶᠢᠭᠤᠯᠬᠤ ᠳᠠᠭᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠭᠦᠯᠬᠦ ᠬᠡᠷᠡᠭᠲᠡᠢ | ᠪᠥᠭᠡᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ︔ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ ᠂ ᠲᠡᠵᠢᠭᠡᠬᠦ ᠶᠢ ᠴᠠᠭᠠᠵᠠᠯᠠᠬᠤ ᠣᠷᠣᠨ ᠪᠦᠰᠡ ᠳᠤ ᠮᠠᠯ | ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠵᠤ ᠪᠣᠯᠬᠤ ᠦᠭᠡᠢ᠃ | ᠳᠥᠴᠢᠨ ᠨᠢᠭᠡᠳᠦᠭᠡᠷ ᠵᠦᠢᠯ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠨᠢ ᠲᠡᠵᠢᠭᠡᠨ ᠦᠷᠡᠵᠢᠭᠦᠯᠬᠦ | ᠲᠠᠩᠰᠠ ᠡᠪᠬᠡᠮᠡᠯ ᠪᠠᠶᠢᠭᠤᠯᠵᠤ ᠂ ᠳᠣᠣᠷ᠎ᠠ ᠵᠢᠭᠰᠠᠭᠠᠭᠰᠠᠨ ᠠᠭᠤᠯᠭ᠎ᠠ ᠶᠢ ᠲᠣᠳᠣᠷᠬᠠᠢ ᠲᠡᠮᠳᠡᠭᠯᠡᠭᠰᠡᠨ ᠪᠠᠶᠢᠬᠤ ᠬᠡᠷᠡᠭᠲᠡᠢ᠄ | ︵ᠨᠢᠭᠡ ︶ ᠮᠠᠯ ᠵᠢᠭᠦᠷᠲᠡᠨ ᠤ ᠡᠭᠦᠯᠳᠡᠷ ᠂ ᠲᠤᠭ᠎ᠠ ᠬᠡᠮᠵᠢᠶ᠎ᠡ ᠂ ᠦᠷᠡᠵᠢᠯᠲᠡ ᠶᠢᠨ ᠲᠡᠮᠳᠡᠭᠯᠡᠯ ᠂ ᠢᠯᠡᠳᠬᠡᠭᠴᠢ | ᠲᠡᠮᠳᠡᠭ ᠤᠨ ᠪᠠᠶᠢᠳᠠᠯ ᠂ ᠢᠷᠡᠯᠲᠡ ᠪᠠ ᠲᠠᠯᠠᠪᠠᠢ ᠳᠤ ᠣᠷᠣᠵᠤ ᠭᠠᠷᠤᠭᠰᠠᠨ ᠡᠳᠦᠷ ᠬᠤᠭᠤᠴᠠᠭ᠎ᠠ︔ | ︵ᠬᠤᠶᠠᠷ ︶ ᠲᠡᠵᠢᠭᠡᠯ ᠪᠣᠷᠳᠤᠭ᠎ᠠ ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠂ ᠮᠠᠯ ᠤᠨ ᠡᠮ ᠵᠡᠷᠭᠡ | ᠣᠷᠤᠭᠤᠯᠤᠯᠲᠠ ᠶᠢᠨ ᠡᠳ᠋ ᠤᠨ ᠢᠷᠡᠯᠲᠡ ᠂ ᠨᠡᠷᠡᠶᠢᠳᠦᠯ ᠂ ᠬᠡᠷᠡᠭᠯᠡᠬᠦ ᠨᠢᠭᠤᠷᠯᠠᠯ ᠂ ᠴᠠᠭ ᠬᠤᠭᠤᠴᠠᠭ᠎ᠠ ᠪᠠ ᠬᠡᠷᠡᠭᠯᠡᠬᠦ | ᠬᠡᠮᠵᠢᠶ᠎ᠡ︔ | ︵ᠭᠤᠷᠪᠠ ︶ ᠬᠢᠵᠢᠭ ᠤᠨ ᠪᠠᠶᠢᠴᠠᠭᠠᠯᠲᠠ ᠬᠢᠭᠰᠡᠨ ᠂ ᠪᠠᠶᠢᠴᠠᠭᠠᠯᠳᠠ ᠶᠢ ᠭᠡᠯᠳᠦᠷᠢᠭᠦᠯᠦᠭᠰᠡᠨ ᠂ ᠠᠷᠢᠭᠤᠳᠬᠠᠭᠰᠠᠨ | ᠪᠠᠶᠢᠳᠠᠯ︔ | ︵ᠳᠥᠷᠪᠡ ︶ ᠮᠠᠯ ᠵᠢᠭᠦᠷᠲᠡᠨ ᠤ ᠡᠪᠡᠳᠴᠢᠯᠡᠭᠰᠡᠨ ᠂ ᠦᠬᠦᠭᠰᠡᠨ ᠪᠠ ᠬᠤᠣᠷ ᠦᠭᠡᠶᠢᠵᠢᠭᠦᠯᠦᠨ ᠰᠢᠢᠳᠪᠦᠷᠢᠯᠡᠭᠰᠡᠨ | ᠪᠠᠶᠢᠳᠠᠯ︔ | ︵ᠲᠠᠪᠤ ︶ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠴᠤᠭᠯᠠᠭᠤᠯᠤᠭᠰᠠᠨ ᠂ ᠬᠠᠳᠠᠭᠠᠯᠠᠭᠰᠠᠨ ᠂ ᠬᠤᠣᠷ | ᠦᠭᠡᠶᠢᠵᠢᠭᠦᠯᠦᠨ ᠰᠢᠢᠳᠪᠦᠷᠢᠯᠡᠭᠰᠡᠨ ᠪᠠ ᠡᠬᠢ ᠪᠠᠶᠠᠯᠢᠭᠵᠢᠭᠤᠯᠤᠨ ᠠᠰᠢᠭᠯᠠᠭᠰᠠᠨ ᠪᠠᠶᠢᠳᠠᠯ︔ | ︵ᠵᠢᠷᠭᠤᠭ᠎ᠠ ︶ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠠᠭᠤᠯᠭ᠎ᠠ᠃ | ᠳᠥᠴᠢᠨ ᠬᠤᠶᠠᠳᠤᠭᠠᠷ ᠵᠦᠢᠯ ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠴᠢᠳ ᠲᠡᠵᠢᠭᠡᠵᠦ ᠪᠠᠶᠢᠭ᠎ᠠ ᠮᠠᠯ | ᠵᠢᠭᠦᠷᠲᠡᠨ ᠳᠡᠭᠡᠨ ᠵᠣᠬᠢᠬᠤ ᠦᠷᠡᠵᠢᠯ ᠤᠨ ᠨᠥᠬᠦᠴᠡᠯ ᠪᠠ ᠣᠷᠣᠰᠢᠨ ᠲᠣᠭᠲᠠᠨᠢᠬᠤ ᠂ ᠦᠰᠦᠨ ᠪᠣᠶᠢᠵᠢᠬᠤ ᠣᠷᠴᠢᠨ | ᠨᠥᠬᠦᠴᠡᠯ ᠢ ᠬᠠᠩᠭᠠᠵᠤ ᠥᠭᠬᠦ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢ ᠬᠢᠵᠦ ᠪᠣᠯᠬᠤ ᠦᠭᠡᠢ᠄ | ︵ᠨᠢᠭᠡ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠵᠥᠷᠢᠴᠡᠵᠦ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ | ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠢ ᠵᠥᠷᠢᠴᠡᠵᠦ ᠂ ᠲᠡᠵᠢᠭᠡᠯ ᠪᠣᠷᠳᠤᠭ᠎ᠠ ᠂ ᠲᠡᠵᠢᠭᠡᠯ | ᠪᠣᠷᠳᠣᠭᠠᠨ ᠤ ᠨᠡᠮᠡᠯᠲᠡ ᠡᠳ᠋ ᠂ ᠮᠠᠯ ᠤᠨ ᠡᠮ ᠢ ᠬᠡᠷᠡᠭᠯᠡᠬᠦ︔ | ︵ᠬᠤᠶᠠᠷ ︶ ᠥᠨᠳᠥᠷ ᠬᠠᠯᠠᠭᠤᠨ ᠢᠶᠠᠷ ᠰᠢᠢᠳᠪᠦᠷᠢᠯᠡᠭᠰᠡᠨ ᠦᠭᠡᠢ ᠬᠤᠭᠤᠯᠠᠨ ᠭᠡᠷ ᠂ ᠬᠤᠭᠤᠯᠠᠨ ᠭᠡᠷ ᠤᠨ | ᠤᠬᠢᠶᠠᠳᠠᠰᠤ ᠪᠠᠷ ᠭᠡᠷ ᠤᠨ ᠲᠡᠵᠢᠭᠡᠪᠦᠷᠢ ᠶᠢ ᠲᠡᠵᠢᠭᠡᠬᠦ︔ | ︵ᠭᠤᠷᠪᠠ ︶ ᠬᠤᠭ ᠨᠣᠪᠰᠢ ᠶᠢᠨ ᠲᠠᠯᠠᠪᠠᠢ ᠳᠤ ᠪᠤᠶᠤ ᠬᠤᠭ ᠨᠣᠪᠰᠢ ᠶᠢᠨ ᠲᠠᠯᠠᠪᠠᠢ ᠳᠠᠬᠢ ᠪᠣᠳᠠᠰ ᠢᠶᠠᠷ ᠮᠠᠯ | ᠵᠢᠭᠦᠷᠲᠡᠨ ᠢ ᠲᠡᠵᠢᠭᠡᠬᠦ︔ | ︵ᠳᠥᠷᠪᠡ ︶ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠵᠤ ᠰᠢᠢᠳᠪᠦᠷᠢᠯᠡᠬᠦ︔ | ︵ᠲᠠᠪᠤ ︶ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠬᠥᠮᠥᠨ ᠪᠠ ᠮᠠᠯ | ᠵᠢᠭᠦᠷᠲᠡᠨ ᠤ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠬᠤ ᠪᠤᠰᠤᠳ ᠦᠢᠯᠡ | ᠠᠵᠢᠯᠯᠠᠭ᠎ᠠ᠃ | ᠳᠥᠴᠢᠨ ᠳᠥᠷᠪᠡᠳᠦᠭᠡᠷ ᠵᠦᠢᠯ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ︽ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ︾ ᠶᠢᠨ | ᠲᠣᠭᠲᠠᠭᠠᠯ ᠶᠣᠰᠣᠭᠠᠷ ᠂ ᠮᠠᠯ ᠵᠢᠭᠦᠷᠲᠡᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠶᠠᠰᠤ ᠴᠢᠨᠠᠷ ᠤᠨ ᠠᠮᠤᠷ | ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠢ᠃ | ᠳᠥᠴᠢᠨ ᠲᠠᠪᠤᠳᠤᠭᠠᠷ ᠵᠦᠢᠯ ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠴᠢᠳ ᠮᠠᠯ ᠵᠢᠭᠦᠷᠲᠡᠨ ᠤ ᠢᠮ | ᠲᠡᠮᠳᠡᠭ ᠤᠨ ᠬᠠᠮᠢᠶᠠᠷᠤᠯᠲᠠ ᠶᠢᠨ ᠲᠤᠬᠠᠢ ᠤᠯᠤᠰ ᠤᠨ ᠲᠣᠭᠲᠠᠭᠠᠯ ᠶᠣᠰᠣᠭᠠᠷ ᠂ ᠢᠮ ᠲᠡᠮᠳᠡᠭ ᠲᠠᠯᠪᠢᠬᠤ ᠶᠣᠰᠣᠲᠠᠢ ᠮᠠᠯ | ᠵᠢᠭᠦᠷᠲᠡᠨ ᠤ ᠵᠢᠭᠠᠨ ᠲᠣᠭᠲᠠᠭᠠᠭᠰᠠᠨ ᠬᠡᠰᠡᠭ ᠲᠤ ᠢᠮ ᠲᠡᠮᠳᠡᠭ ᠲᠠᠯᠪᠢᠬᠤ ᠬᠡᠷᠡᠭᠲᠡᠢ ᠃ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠯᠡᠳᠬᠡᠭᠴᠢ ᠲᠡᠮᠳᠡᠭ ᠬᠠᠩᠭᠠᠬᠤ ᠳᠠᠭᠠᠨ ᠰᠦᠢᠳᠬᠡᠯ ᠬᠤᠷᠢᠶᠠᠵᠤ ᠪᠣᠯᠬᠤ ᠦᠭᠡᠢ ᠂ | ᠬᠡᠷᠡᠭᠰᠡᠬᠦ ᠵᠠᠷᠤᠳᠠᠯ ᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠲᠥᠰᠥᠪ ᠲᠤ ᠣᠷᠣᠭᠤᠯᠤᠨ᠎ᠠ᠃ | ᠮᠠᠯ ᠵᠢᠭᠦᠷᠲᠡᠨ ᠤ ᠢᠮ ᠲᠡᠮᠳᠡᠭ ᠢ ᠬᠠᠭᠤᠷᠮᠠᠭᠯᠠᠨ ᠵᠣᠬᠢᠶᠠᠬᠤ ᠂ ᠬᠤᠪᠢᠷᠠᠭᠤᠯᠤᠨ ᠵᠣᠬᠢᠶᠠᠬᠤ ᠪᠤᠶᠤ ᠲᠠᠬᠢᠨ ᠳᠠᠪᠲᠠᠨ | ᠬᠡᠷᠡᠭᠯᠡᠬᠦ ᠶᠢ ᠴᠠᠭᠠᠵᠠᠯᠠᠨ᠎ᠠ ᠃ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠮᠠᠯ ᠵᠢᠭᠦᠷᠲᠡᠨ ᠤ ᠢᠮ | ᠲᠡᠮᠳᠡᠭ ᠢ ᠡᠵᠡᠮᠰᠢᠬᠦ ᠂ ᠬᠡᠷᠡᠭᠯᠡᠬᠦ ᠶᠢ ᠴᠠᠭᠠᠵᠠᠯᠠᠨ᠎ᠠ᠃ | ᠳᠥᠴᠢᠨ ᠵᠢᠷᠭᠤᠳᠤᠭᠠᠷ ᠵᠦᠢᠯ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠨᠢ ᠮᠠᠯ ᠵᠢᠭᠦᠷᠲᠡᠨ ᠤ | ᠪᠠᠭᠠᠰᠤᠨ ᠪᠣᠬᠢᠷᠲᠤᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ | ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ | ᠠᠰᠢᠭᠯᠠᠬᠤ ᠪᠤᠶᠤ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠵᠤ ᠂ ᠣᠷᠴᠢᠨ ᠠᠬᠤᠢ ᠶᠢ | ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ ᠃ ᠬᠠᠤᠯᠢ ᠶᠢ ᠵᠥᠷᠢᠴᠡᠨ ᠢᠯᠭᠠᠨ ᠬᠠᠶᠠᠭᠰᠠᠨ ᠪᠤᠶᠤ ᠬᠠᠮᠢᠶᠠᠷᠤᠯᠳᠠ ᠨᠢ | ᠵᠣᠬᠢᠰ ᠦᠭᠡᠢ ᠠᠴᠠ ᠪᠣᠯᠵᠤ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠪᠠᠶᠢᠪᠠᠯ ᠂ ᠬᠤᠣᠷ ᠬᠥᠨᠥᠭᠡᠯ ᠢ ᠠᠷᠢᠯᠭᠠᠵᠤ ᠂ | ᠬᠠᠤᠯᠢ ᠶᠣᠰᠣᠭᠠᠷ ᠬᠤᠬᠢᠷᠠᠯ ᠢ ᠲᠦᠯᠦᠬᠦ ᠬᠡᠷᠡᠭᠲᠡᠢ᠃ | ᠤᠯᠤᠰ ᠠᠴᠠ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠴᠤᠭᠯᠠᠭᠤᠯᠬᠤ ᠂ ᠬᠠᠳᠠᠭᠠᠯᠠᠬᠤ ᠂ ᠪᠠᠭᠠᠰᠤᠨ ᠪᠣᠬᠢᠷᠲᠤᠯ ᠢ | ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠥᠬᠦᠭᠡᠷᠦᠮᠵᠢ ᠪᠠᠶᠢᠭᠤᠯᠬᠤ ᠶᠢ | ᠳᠡᠮᠵᠢᠵᠦ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠤᠨ ᠰᠢᠮ᠎ᠡ ᠲᠡᠵᠢᠭᠡᠯ ᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ | ᠬᠡᠷᠡᠭᠵᠢᠭᠦᠯᠵᠦ ᠂ ᠲᠠᠷᠢᠶᠠᠯᠠᠩ ᠳᠤ ᠬᠡᠷᠡᠭᠯᠡᠬᠦ ᠣᠷᠭᠠᠨᠢᠭ ᠪᠣᠷᠳᠣᠭᠤᠷ ᠢ ᠠᠰᠢᠭᠯᠠᠬᠤ ᠪᠠ ᠲᠠᠷᠢᠵᠤ ᠲᠡᠵᠢᠭᠡᠬᠦ ᠶᠢ | ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠤᠨ᠎ᠠ ᠃ | ᠳᠥᠴᠢᠨ ᠳᠣᠯᠣᠳᠤᠭᠠᠷ ᠵᠦᠢᠯ ᠤᠯᠤᠰ ᠠᠴᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠭᠡ ᠶᠢ ᠬᠥᠲᠥᠯᠥᠨ | ᠵᠢᠯᠤᠭᠤᠳᠴᠤ ᠪᠠᠶᠢᠭᠠᠳ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠶᠣᠰᠣᠭᠠᠷ ᠡᠮᠬᠢ | ᠵᠢᠷᠤᠮ ᠲᠠᠢ ᠪᠠᠷ ᠬᠥᠭᠵᠢᠭᠦᠯᠵᠦ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠭᠡ ᠶᠢ ᠵᠢᠯᠤᠭᠤᠳᠴᠤ ᠬᠠᠪᠰᠤᠷᠤᠨ | ᠲᠡᠳᠬᠦᠬᠦ ᠶᠢ ᠴᠢᠩᠭᠠᠳᠬᠠᠵᠤ ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ᠂ ᠳᠤᠷ᠎ᠠ ᠪᠠᠷ ᠢᠶᠠᠨ ᠵᠠᠰᠠᠭ | ᠵᠠᠬᠢᠷᠭᠠᠨ ᠤ ᠠᠷᠭ᠎ᠠ ᠪᠠᠷᠢᠯ ᠢᠶᠠᠷ ᠠᠯᠪᠠᠳᠠᠯᠭ᠎ᠠ ᠪᠠᠷ ᠢᠯᠭᠠᠷᠠᠭᠤᠯᠤᠨ ᠪᠤᠴᠠᠭᠠᠵᠤ ᠪᠣᠯᠬᠤ ᠦᠭᠡᠢ᠃ | ᠤᠯᠤᠰ ᠠᠴᠠ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ | ᠡᠷᠦᠬᠡ ᠶᠢ ᠳᠠᠶᠢᠴᠢᠯᠠᠨ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠳᠤ | ᠠᠭᠤᠰᠤᠯᠴᠠᠭᠤᠯᠬᠤ ᠶᠢ ᠵᠣᠷᠢᠭᠵᠢᠭᠤᠯᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠳᠤ ᠬᠠᠨᠳᠤᠭᠤᠯᠤᠭᠰᠠᠨ | ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠵᠤ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠡᠷᠦᠬᠡ ᠪᠠ ᠮᠠᠯ ᠠᠵᠤ | ᠠᠬᠤᠢ ᠶᠢᠨ ᠲᠤᠰᠬᠠᠢ ᠬᠤᠷᠰᠢᠶ᠎ᠠ ᠶᠢᠨ ᠮᠠᠯ ᠵᠢᠭᠦᠷᠲᠡᠨ ᠤ ᠬᠡᠪᠴᠢᠶᠡᠵᠢᠭᠰᠡᠨ ᠂ ᠪᠠᠷᠢᠮᠵᠢᠶᠠᠵᠢᠭᠰᠠᠨ ᠲᠡᠵᠢᠭᠡᠨ | ᠦᠷᠡᠵᠢᠭᠦᠯᠦᠯᠲᠡ ᠶᠢ ᠬᠥᠭᠵᠢᠭᠦᠯᠬᠦ ᠶᠢ ᠳᠡᠮᠵᠢᠵᠦ ᠂ ᠰᠢᠨ᠎ᠡ ᠠᠵᠤ ᠦᠢᠯᠡᠰ ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠬᠥᠭᠵᠢᠭᠦᠯᠬᠦ ᠶᠢ ᠳᠡᠮᠵᠢᠵᠦ ᠂ ᠵᠤᠭᠠᠴᠠᠯ ᠂ ᠰᠣᠶᠣᠯ ᠂ ᠠᠮᠢ ᠠᠬᠤᠢ ᠵᠡᠷᠭᠡ ᠠᠵᠤ ᠦᠢᠯᠡᠰ ᠯᠦᠭᠡ ᠶᠢᠨ ᠠᠭᠤᠰᠤᠯᠴᠠᠯ ᠢ | ᠠᠬᠢᠭᠤᠯᠤᠨ᠎ᠠ᠃ | ᠳᠥᠴᠢᠨ ᠨᠠᠢᠮᠠᠳᠤᠭᠠᠷ ᠵᠦᠢᠯ ᠤᠯᠤᠰ ᠠᠴᠠ ᠣᠨᠴᠠ ᠲᠦᠷᠦᠯ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ | ᠦᠢᠯᠡᠰ ᠢ ᠲᠡᠮᠵᠢᠨ ᠬᠥᠭᠵᠢᠭᠦᠯᠦᠨ᠎ᠡ ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠠᠷᠭ᠎ᠠ ᠬᠡᠮᠵᠢᠶ᠎ᠡ ᠠᠪᠴᠤ ᠪᠠᠶᠢᠭᠠᠳ ᠣᠨᠴᠠ ᠲᠦᠷᠦᠯ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ ᠤᠨ | ᠬᠥᠭᠵᠢᠯᠲᠡ ᠯᠦᠭᠡ ᠵᠣᠬᠢᠴᠠᠯᠳᠤᠭᠰᠠᠨ ᠲᠡᠵᠢᠭᠡᠨ ᠦᠷᠡᠵᠢᠭᠦᠯᠬᠦ ᠰᠢᠰᠲ᠋ᠧᠮ ᠪᠠᠶᠢᠭᠤᠯᠬᠤ ᠶᠢ ᠳᠡᠮᠵᠢᠬᠦ ᠬᠡᠷᠡᠭᠲᠡᠢ᠃ | ᠳᠥᠴᠢ ᠶᠢᠰᠦᠳᠦᠭᠡᠷ ᠵᠦᠢᠯ ᠤᠯᠤᠰ ᠠᠴᠠ ᠵᠥᠭᠡᠢ ᠲᠡᠵᠢᠭᠡᠬᠦ ᠦᠢᠯᠡᠰ ᠢ ᠲᠡᠮᠵᠢᠨ ᠬᠥᠭᠵᠢᠭᠦᠯᠵᠦ ᠂ ᠵᠥᠭᠡᠢ | ᠲᠡᠵᠢᠭᠡᠬᠦ ᠦᠢᠯᠡᠳᠪᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠥᠭᠡᠢ ᠶᠢᠨ ᠲᠣᠭᠤᠰᠣ ᠬᠦᠷᠲᠡᠭᠡᠬᠦ ᠲᠠᠷᠢᠶᠠᠯᠠᠩ ᠤᠨ ᠮᠡᠷᠭᠡᠵᠢᠯ ᠤᠨ ᠠᠷᠭ᠎ᠠ | ᠬᠡᠮᠵᠢᠶ᠎ᠡ ᠶᠢ ᠢᠳᠡᠪᠬᠢᠲᠡᠢ ᠪᠠᠷ ᠤᠬᠠᠭᠤᠯᠤᠨ ᠳᠡᠯᠭᠡᠷᠡᠭᠦᠯᠬᠦ ᠬᠡᠷᠡᠭᠲᠡᠢ᠃ | ᠲᠠᠪᠢᠳᠤᠭᠠᠷ ᠵᠦᠢᠯ ᠵᠥᠭᠡᠢ ᠲᠡᠵᠢᠭᠡᠬᠦ ᠦᠢᠯᠡᠳᠪᠦᠷᠢᠯᠡᠭᠴᠢᠳ ᠦᠢᠯᠡᠳᠪᠦᠷᠢᠯᠡᠯ ᠤᠨ ᠶᠠᠪᠤᠴᠠ ᠳᠠᠭᠠᠨ | ᠵᠥᠭᠡᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠᠶᠢᠳᠠᠯ ᠳᠤ ᠬᠤᠣᠷ ᠬᠥᠨᠥᠭᠡᠯ ᠤᠴᠠᠷᠠᠭᠤᠯᠬᠤ ᠡᠮ ᠤᠨ | ᠵᠦᠢᠯ ᠪᠠ ᠰᠠᠪᠠ ᠶᠢ ᠬᠡᠷᠡᠭᠯᠡᠵᠦ ᠪᠣᠯᠬᠤ ᠦᠭᠡᠢ ᠂ ᠵᠥᠭᠡᠢ ᠶᠢᠨ ᠪᠦᠲᠦᠭᠡᠭᠳᠡᠬᠦᠨ ᠤ ᠶᠠᠰᠤ ᠴᠢᠨᠠᠷ ᠢ ᠦᠨᠡᠨ ᠬᠦ ᠪᠠᠲᠤᠯᠠᠬᠤ | ᠬᠡᠷᠡᠭᠲᠡᠢ ᠃ ᠵᠥᠭᠡᠢ ᠲᠡᠵᠢᠭᠡᠬᠦ ᠪᠠᠭᠠᠵᠢ ᠬᠡᠷᠡᠭᠰᠡᠯ ᠨᠢ ᠤᠯᠤᠰ ᠤᠨ ᠪᠠᠷᠢᠮᠵᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠃ | ᠲᠠᠪᠢᠨ ᠨᠢᠭᠡᠳᠦᠭᠡᠷ ᠵᠦᠢᠯ ᠵᠥᠭᠡᠢ ᠲᠡᠵᠢᠭᠡᠬᠦ ᠦᠢᠯᠡᠳᠪᠦᠷᠢᠯᠡᠭᠴᠢᠳ ᠭᠠᠵᠠᠷ ᠰᠢᠯᠵᠢᠵᠦ ᠵᠥᠭᠡᠢ ᠲᠠᠯᠪᠢᠬᠤ | ᠦᠶ᠎ᠡ ᠳᠤ ᠂ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠂ ᠵᠠᠮ ᠲᠡᠭᠡᠭᠡᠪᠦᠷᠢ ᠂ ᠲᠠᠷᠢᠶᠠᠯᠠᠩ ᠬᠥᠳᠡᠭᠡ ᠲᠣᠰᠬᠤᠨ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠡᠭᠦᠨ ᠳᠤ ᠴᠢᠬᠤᠯᠠ ᠪᠦᠬᠦᠢ ᠲᠦᠬᠦᠮ ᠦᠵᠡᠭᠦᠯᠬᠦ ᠬᠡᠷᠡᠭᠲᠡᠢ᠃ | ᠵᠥᠭᠡᠢ ᠲᠡᠵᠢᠭᠡᠬᠦ ᠦᠢᠯᠡᠳᠪᠦᠷᠢᠯᠡᠭᠴᠢᠳ ᠤᠯᠤᠰ ᠤᠨ ᠳᠣᠲᠣᠭᠠᠳᠤ ᠳᠤ ᠭᠠᠵᠠᠷ ᠰᠢᠯᠵᠢᠨ ᠵᠥᠭᠡᠢ ᠲᠠᠯᠪᠢᠬᠤ ᠳᠠᠭᠠᠨ | ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠨᠢᠭᠡᠳᠦᠯᠲᠡᠢ ᠵᠠᠭᠪᠤᠷ ᠢᠶᠠᠷ ᠳᠠᠷᠤᠮᠠᠯᠯᠠᠨ ᠵᠣᠬᠢᠶᠠᠭᠰᠠᠨ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢ ᠪᠠᠷ ᠢᠶᠠᠨ ᠵᠥᠭᠡᠢ ᠶᠢᠨ | ᠰᠦᠷᠦᠭ ᠢ ᠵᠥᠭᠡᠭᠡᠪᠦᠷᠢᠯᠡᠨ᠎ᠡ ᠂ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢ ᠶᠢᠨ ᠬᠦᠴᠦᠨ ᠲᠠᠢ ᠬᠤᠭᠤᠴᠠᠭᠠᠨ ᠳᠤ | ᠳᠠᠪᠬᠤᠷᠳᠠᠭᠤᠯᠤᠨ ᠬᠢᠵᠢᠭ ᠤᠨ ᠪᠠᠶᠢᠴᠠᠭᠠᠯᠲᠠ ᠬᠢᠵᠦ ᠪᠣᠯᠬᠤ ᠦᠭᠡᠢ᠃ | ᠲᠠᠪᠤᠳᠤᠭᠠᠷ ᠪᠦᠯᠦᠭ ᠪᠡᠯᠴᠢᠭᠡᠷ ᠤᠨ ᠮᠠᠯ ᠠᠵᠤ ᠠᠬᠤᠢ | ᠲᠠᠪᠢᠨ ᠬᠤᠶᠠᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ | ᠲᠡᠮᠵᠢᠵᠤ ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠣᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢ | ᠵᠣᠬᠢᠴᠠᠩᠭᠤᠢ ᠪᠠᠷ ᠲᠦᠯᠬᠢᠨ ᠠᠬᠢᠭᠤᠯᠵᠤ ᠂ ᠠᠮᠢ ᠠᠬᠤᠢ ᠶᠢ ᠲᠡᠷᠢᠭᠦᠨ ᠳᠤ ᠲᠠᠯᠪᠢᠬᠤ ᠂ ᠦᠢᠯᠡᠳᠪᠦᠷᠢᠯᠡᠯ ᠠᠮᠢ ᠠᠬᠤᠢ ᠶᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠵᠦ ᠂ ᠮᠠᠯᠴᠢᠨ | ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ ᠂ ᠨᠤᠲᠤᠭ ᠪᠡᠯᠴᠢᠭᠡᠷ ᠤᠨ ᠦᠷᠭᠦᠯᠵᠢᠯᠡᠬᠦ ᠬᠥᠭᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠵᠦ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠵᠤ ᠂ | ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠵᠣᠬᠢᠴᠠᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ | ᠲᠠᠪᠢᠨ ᠭᠤᠷᠪᠠᠳᠤᠭᠠᠷ ᠵᠦᠢᠯ ᠤᠯᠤᠰ ᠠᠴᠠ ᠮᠠᠯᠵᠢᠬᠤ ᠣᠷᠣᠨ ᠤ ᠪᠡᠯᠴᠢᠭᠡᠷ ᠤᠨ ᠮᠠᠯ ᠠᠵᠤ ᠠᠬᠤᠢ ᠶᠢᠨ | ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠡᠮᠵᠢᠵᠤ ᠂ ᠨᠤᠲᠤᠭ ᠪᠡᠯᠴᠢᠭᠡᠷ ᠤᠨ ᠤᠰᠤᠨ ᠠᠰᠢᠭᠯᠠᠯᠲᠠ ᠂ | ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ ᠂ ᠲᠡᠵᠢᠭᠡᠯ ᠡᠪᠡᠰᠦ ᠪᠣᠷᠳᠤᠭ᠎ᠠ ᠶᠢ ᠦᠢᠯᠡᠳᠪᠦᠷᠢᠯᠡᠵᠦ ᠡᠳ᠋ᠰᠢᠭᠦᠯᠦᠨ ᠨᠥᠭᠡᠴᠡᠯᠡᠬᠦ ᠂ | ᠮᠠᠯ ᠤᠨ ᠬᠠᠰᠢᠶ᠎ᠠ ᠰᠠᠷᠠᠪᠴᠢ ᠂ ᠮᠠᠯ ᠤᠨ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ | ᠤᠯᠤᠰ ᠠᠴᠠ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠂ ᠤᠯᠠᠷᠢᠯ ᠤᠨ ᠴᠢᠨᠠᠷᠲᠠᠢ ᠪᠠᠷ | ᠪᠡᠯᠴᠢᠭᠡᠷᠯᠡᠭᠦᠯᠬᠦ ᠂ ᠲᠣᠭᠤᠷᠢᠭ ᠬᠤᠪᠢᠶᠠᠨ ᠰᠡᠯᠭᠦᠨ ᠮᠠᠯᠵᠢᠬᠤ ᠵᠡᠷᠭᠡ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ | ᠬᠡᠷᠡᠭᠵᠢᠭᠦᠯᠬᠦ ᠶᠢ ᠵᠣᠷᠢᠭᠵᠢᠭᠤᠯᠵᠤ ᠂ ᠮᠠᠯ ᠰᠦᠷᠦᠭ ᠢ ᠵᠦᠢ ᠵᠣᠬᠢᠰᠲᠠᠢ ᠪᠠᠷ ᠲᠣᠬᠢᠷᠠᠭᠤᠯᠤᠨ ᠂ ᠮᠠᠯ ᠪᠡᠯᠴᠢᠭᠡᠷ ᠤᠨ | ᠲᠡᠩᠴᠡᠭᠦᠷᠢ ᠲᠠᠢ ᠪᠠᠶᠢᠬᠤ ᠶᠢ ᠪᠠᠲᠤᠯᠠᠨ᠎ᠠ᠃ | ᠲᠠᠪᠢᠨ ᠳᠥᠷᠪᠡᠳᠦᠭᠡᠷ ᠵᠦᠢᠯ ᠤᠯᠤᠰ ᠠᠴᠠ ᠰᠢᠯᠢᠳᠡᠭ ᠰᠠᠶᠢᠨ ᠲᠡᠵᠢᠭᠡᠯ ᠡᠪᠡᠰᠦᠨ ᠤ ᠡᠭᠦᠯᠳᠡᠷ ᠢ ᠰᠣᠩᠭᠤᠨ | ᠪᠣᠶᠢᠵᠢᠭᠤᠯᠬᠤ ᠂ ᠣᠷᠣᠭᠤᠯᠵᠤ ᠠᠪᠴᠢᠷᠠᠬᠤ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠵᠦ ᠂ ᠭᠠᠵᠠᠷ ᠣᠷᠣᠨ ᠤ ᠪᠠᠶᠢᠳᠠᠯ ᠳᠤ | ᠨᠢ ᠲᠣᠬᠢᠷᠠᠭᠤᠯᠤᠨ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠂ ᠪᠠᠶᠢᠭᠠᠯᠢ ᠶᠢᠨ ᠨᠤᠲᠤᠭ ᠪᠡᠯᠴᠢᠭᠡᠷ ᠢ | ᠰᠠᠶᠢᠵᠢᠷᠠᠭᠤᠯᠬᠤ ᠪᠠ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠥᠷᠨᠢᠭᠦᠯᠵᠦ ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ ᠂ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠶᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠢᠨ ᠲᠠᠪᠤᠳᠤᠭᠠᠷ ᠵᠦᠢᠯ ᠤᠯᠤᠰ ᠠᠴᠠ ᠮᠠᠯᠴᠢᠨ ᠲᠠᠷᠢᠶᠠᠴᠢᠳ ᠤᠨ ᠮᠠᠯ ᠠᠵᠤ ᠠᠬᠤᠢ ᠶᠢᠨ ᠲᠤᠰᠬᠠᠢ | ᠬᠤᠷᠰᠢᠶ᠎ᠠ ᠪᠠ ᠣᠲᠣ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠬᠥᠭᠵᠢᠭᠦᠯᠵᠦ᠂ ᠵᠣᠬᠢᠬᠤ ᠬᠡᠪᠴᠢᠶᠡᠨ ᠤ | ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠦᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ ᠂ ᠦᠬᠡᠷ ᠬᠤᠨᠢ ᠵᠡᠷᠭᠡ ᠴᠢᠬᠤᠯᠠ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠶᠢ ᠳᠡᠮᠵᠢᠨ᠎ᠡ᠃ | ᠲᠠᠪᠢᠨ ᠵᠢᠷᠭᠤᠳᠤᠭᠠᠷ ᠵᠦᠢᠯ ᠮᠠᠯᠵᠢᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯᠴᠢᠨ ᠲᠠᠷᠢᠶᠠᠴᠢᠨ ᠤ ᠭᠡᠷ ᠤᠨ | ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ ᠂ ᠰᠢᠨᠵᠢᠯᠡᠬᠦ | ᠤᠬᠠᠭᠠᠨᠴᠢ ᠪᠠᠷ ᠲᠡᠵᠢᠭᠡᠨ ᠠᠷᠠᠴᠢᠯᠠᠬᠤ ᠂ ᠵᠠᠷᠤᠴᠠᠭᠤᠯᠤᠯᠳᠠ ᠶᠢᠨ ᠡᠷᠭᠢᠯᠲᠡ ᠶᠢ ᠵᠦᠢ ᠵᠣᠬᠢᠰᠲᠠᠢ ᠲᠦᠷᠭᠡᠳᠬᠡᠬᠦ ᠶᠢ | ᠵᠣᠷᠢᠭᠵᠢᠭᠤᠯᠤᠨ ᠵᠢᠯᠤᠭᠤᠳᠴᠤ ᠂ ᠪᠡᠯᠴᠢᠭᠡᠷ ᠤᠨ ᠮᠠᠯ ᠠᠵᠤ ᠠᠬᠤᠢ ᠶᠢᠨ ᠥᠪᠡᠷ ᠤᠨ ᠦᠷᠳᠡᠭ ᠢ ᠠᠷᠪᠢᠯᠠᠬᠤ᠂ ᠶᠠᠰᠤ | ᠴᠢᠨᠠᠷ ᠢ ᠳᠡᠭᠡᠭᠰᠢᠯᠡᠭᠦᠯᠬᠦ ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ | ᠲᠠᠪᠢᠨ ᠳᠣᠯᠣᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠠᠮᠰᠢᠭ ᠢ | ᠰᠡᠷᠭᠡᠶᠢᠯᠡᠨ ᠪᠠᠲᠤᠯᠠᠬᠤ ᠠᠵᠢᠯ ᠢ ᠴᠢᠩᠭᠠᠳᠬᠠᠵᠤ ᠂ ᠪᠡᠯᠴᠢᠭᠡᠷ ᠤᠨ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠠᠵᠢᠯ ᠢ ᠲᠥᠰᠥᠪ ᠲᠡᠭᠡᠨ ᠣᠷᠣᠭᠤᠯᠵᠤ ᠂ ᠲᠥᠬᠦᠭᠡᠷᠦᠮᠵᠢ ᠲᠣᠨᠣᠭᠯᠠᠯ ᠤᠨ ᠨᠥᠬᠦᠴᠡᠯ ᠢ | ᠰᠢᠯᠢᠳᠡᠭᠵᠢᠭᠦᠯᠵᠦ ᠂ ᠮᠠᠯᠵᠢᠬᠤ ᠣᠷᠣᠨ ᠤ ᠦᠬᠡᠷ ᠬᠤᠨᠢ ᠵᠡᠷᠭᠡ ᠭᠡᠷ ᠤᠨ ᠲᠡᠵᠢᠭᠡᠪᠦᠷᠢ ᠶᠢᠨ ᠳᠠᠭᠠᠳᠬᠠᠯ ᠤᠨ ᠳᠦᠷᠢᠮ ᠢ | ᠲᠡᠭᠦᠯᠳᠡᠷᠵᠢᠭᠦᠯᠵᠦ ᠂ ᠪᠠᠶᠢᠭᠠᠯᠢ ᠶᠢᠨ ᠭᠠᠮᠰᠢᠭ ᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠢᠨ ᠨᠠᠢᠮᠠᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ | ᠨᠥᠬᠦᠪᠦᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠷᠭ᠎ᠠ ᠬᠡᠮᠵᠢᠶ᠎ᠡ ᠠᠪᠤᠭᠰᠠᠨ ᠮᠠᠯᠴᠢᠨ ᠲᠠᠷᠢᠶᠠᠴᠢᠳ ᠲᠤ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠥᠬᠦᠪᠦᠷᠢ ᠥᠭᠴᠦ ᠱᠠᠩᠨᠠᠨ᠎ᠠ᠃ | ᠲᠠᠪᠢ ᠶᠢᠰᠦᠳᠦᠭᠡᠷ ᠵᠦᠢᠯ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠨᠤᠲᠤᠭ ᠪᠡᠯᠴᠢᠭᠡᠷ ᠤᠨ ᠮᠠᠯ ᠠᠵᠤ ᠠᠬᠤᠢ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠂ ᠰᠣᠶᠣᠯ | ᠵᠡᠷᠭᠡ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠲᠡᠮᠵᠢᠵᠤ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠨᠡᠶᠢᠯᠡᠯ ᠢ ᠲᠦᠯᠬᠢᠨ ᠠᠬᠢᠭᠤᠯᠵᠤ ᠂ ᠠᠵᠤ ᠦᠢᠯᠡᠰᠵᠢᠭᠦᠯᠬᠦ ᠂ ᠲᠥᠷᠥᠯ ᠲᠡᠮᠳᠡᠭᠵᠢᠭᠦᠯᠬᠦ ᠂ ᠣᠨᠴᠠᠯᠢᠬᠵᠢᠭᠤᠯᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ ᠂ ᠮᠠᠯᠵᠢᠬᠤ | ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | ᠵᠢᠷᠠᠳᠤᠭᠠᠷ ᠵᠦᠢᠯ ᠪᠡᠯᠴᠢᠭᠡᠷ ᠤᠨ ᠮᠡᠯ ᠠᠵᠤ ᠠᠬᠤᠢ ᠶᠢᠨ ᠬᠥᠭᠵᠢᠯᠲᠡ ᠨᠢ ᠨᠤᠲᠤᠭ ᠪᠡᠯᠴᠢᠭᠡᠷ ᠤᠨ | ᠬᠠᠮᠠᠭᠠᠯᠠᠯᠲᠠ ᠂ ᠪᠦᠲᠦᠭᠡᠨ ᠪᠠᠶᠢᠭᠤᠯᠤᠯᠲᠠ ᠂ ᠠᠰᠢᠭᠯᠠᠯᠲᠠ ᠪᠠ ᠬᠠᠮᠢᠶᠠᠷᠤᠯᠲᠠ ᠶᠢᠨ ᠠᠵᠢᠯᠯᠠᠭ᠎ᠠ ᠳᠤ ᠬᠤᠯᠪᠣᠭᠳᠠᠪᠠᠯ ᠂ | ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ | ᠵᠢᠷᠤᠮᠯᠠᠬᠤ ᠬᠡᠷᠡᠭᠲᠡᠢ᠃ | ᠵᠢᠷᠭᠤᠳᠤᠭᠠᠷ ᠪᠦᠯᠦᠭ ᠮᠠᠯ ᠵᠢᠭᠦᠷᠲᠡᠨ ᠢ ᠠᠷᠠᠯᠵᠢᠶᠠᠯᠠᠬᠤ ᠪᠠ ᠲᠡᠭᠡᠭᠡᠪᠦᠷᠢᠯᠡᠬᠦ | ᠵᠢᠷᠠᠨ ᠨᠢᠭᠡᠳᠦᠭᠡᠷ ᠵᠦᠢᠯ ᠤᠯᠤᠰ ᠠᠴᠠ ᠨᠢᠭᠡᠳᠦᠯᠲᠡᠢ ᠪᠥᠭᠡᠳ ᠨᠡᠭᠡᠭᠡᠯᠲᠡᠲᠡᠢ ᠂ ᠥᠷᠢᠰᠦᠯᠳᠦᠭᠡᠨ ᠲᠠᠢ ᠪᠥᠭᠡᠳ | ᠡᠮᠬᠢ ᠵᠢᠷᠤᠮ ᠲᠠᠢ ᠂ ᠠᠮᠤᠷ ᠲᠦᠪᠰᠢᠨ ᠪᠥᠭᠡᠳ ᠳᠥᠭᠦᠮ ᠳᠥᠲᠡ ᠮᠠᠯ ᠵᠢᠭᠦᠷᠲᠡᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ | ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠵᠢᠷᠠᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠦᠨᠳᠦᠰᠦᠯᠡᠨ ᠂ ᠮᠠᠯ ᠵᠢᠭᠦᠷᠲᠡᠨ ᠢ ᠲᠥᠪᠯᠡᠷᠡᠭᠦᠯᠵᠦ ᠲᠠᠷᠬᠠᠭᠠᠬᠤ ᠭᠠᠵᠠᠷ ᠲᠤ ᠮᠠᠯ ᠵᠢᠭᠦᠷᠲᠡᠨ ᠢ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠠᠶᠢᠭᠤᠯᠬᠤ ᠶᠢ ᠲᠡᠳᠬᠦᠨ ᠳᠡᠮᠵᠢᠬᠦ ᠬᠡᠷᠡᠭᠲᠡᠢ᠃ | ᠮᠠᠯ ᠵᠢᠭᠦᠷᠲᠡᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠭᠠᠵᠠᠷ ᠰᠣᠩᠭᠤᠬᠤ ᠳᠠᠭᠠᠨ ᠬᠠᠤᠯᠢ ᠴᠠᠭᠠᠵᠠ ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠮᠠᠯ | ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠭᠦᠯᠬᠦ | ᠬᠡᠷᠡᠭᠲᠡᠢ ᠪᠥᠭᠡᠳ ᠦᠷ᠎ᠡ ᠶᠢᠨ ᠮᠠᠯ ᠵᠢᠭᠦᠷᠲᠡᠨ ᠤ ᠲᠠᠯᠠᠪᠠᠢ ᠪᠠ ᠲᠣᠮᠣ ᠬᠡᠯᠪᠡᠷᠢ ᠶᠢᠨ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠲᠠᠯᠠᠪᠠᠢ ᠠᠴᠠ ᠭᠤᠷᠪᠠᠨ ᠺᠢᠯᠣᠮᠧᠲᠷ ᠵᠠᠶᠢᠲᠠᠢ ᠪᠠᠶᠢᠯᠭᠠᠬᠤ ᠬᠡᠷᠡᠭᠲᠡᠢ᠃ | ᠵᠢᠷᠠᠨ ᠭᠤᠷᠪᠠᠳᠤᠭᠠᠷ ᠵᠦᠢᠯ ᠠᠷᠠᠯᠵᠢᠶᠠᠯᠠᠬᠤ ᠮᠠᠯ ᠵᠢᠭᠦᠷᠲᠡᠨ ᠨᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠲᠣᠭᠲᠠᠭᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠢᠮ ᠲᠡᠮᠳᠡᠭ ᠲᠠᠯᠪᠢᠬᠤ ᠶᠣᠰᠣᠲᠠᠢ ᠭᠡᠵᠦ ᠲᠣᠭᠲᠠᠭᠠᠭᠰᠠᠨ ᠪᠠᠶᠢᠲᠠᠯ᠎ᠠ ᠢᠮ ᠲᠡᠮᠳᠡᠭ ᠲᠠᠯᠪᠢᠭᠰᠠᠨ ᠦᠭᠡᠢ | ᠮᠠᠯ ᠵᠢᠭᠦᠷᠲᠡᠨ ᠢ ᠪᠣᠷᠣᠯᠠᠭᠤᠯᠬᠤ ᠪᠠ ᠬᠤᠳᠠᠯᠳᠤᠨ ᠠᠪᠴᠤ ᠪᠣᠯᠬᠤ ᠦᠭᠡᠢ᠃ | ᠤᠯᠤᠰ ᠠᠴᠠ ᠮᠠᠯ ᠵᠢᠭᠦᠷᠲᠡᠨ ᠢ ᠨᠢᠲᠤᠯᠵᠤ ᠡᠵᠡᠩᠨᠡᠭᠴᠢ ᠶᠢᠨ ᠮᠠᠯ ᠵᠢᠭᠦᠷᠲᠡᠨ ᠲᠡᠵᠢᠭᠡᠨ ᠦᠷᠡᠵᠢᠭᠦᠯᠦᠭᠴᠢ ᠠᠴᠠ | ᠰᠢᠭᠤᠳ ᠮᠠᠯ ᠵᠢᠭᠦᠷᠲᠡᠨ ᠢ ᠬᠤᠳᠠᠯᠳᠤᠨ ᠠᠪᠴᠤ ᠂ ᠲᠣᠭᠲᠠᠭᠤᠨ ᠬᠤᠳᠠᠯᠳᠤᠨ ᠠᠪᠬᠤ ᠠᠷᠭ᠎ᠠ ᠵᠠᠮ ᠪᠠᠶᠢᠭᠤᠯᠵᠤ ᠂ | ᠠᠮᠢᠲᠠᠨ ᠤ ᠬᠢᠵᠢᠭ ᠡᠪᠡᠳᠴᠢᠨ ᠪᠠ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠠᠭᠠᠰᠬᠠᠬᠤ ᠶᠢ | ᠵᠣᠷᠢᠭᠵᠢᠭᠤᠯᠤᠨ᠎ᠠ᠃ | ᠵᠢᠷᠠᠨ ᠳᠥᠷᠪᠡᠳᠦᠭᠡᠷ ᠵᠦᠢᠯ ᠮᠠᠯ ᠵᠢᠭᠦᠷᠲᠡᠨ ᠢ ᠲᠡᠭᠡᠭᠡᠪᠦᠷᠢᠯᠡᠬᠦ ᠳᠡᠭᠡᠨ ᠬᠠᠤᠯᠢ ᠴᠠᠭᠠᠵᠠ ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠣᠭᠲᠠᠭᠠᠭᠰᠠᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠭᠦᠯᠵᠦ ᠂ ᠠᠷᠭ᠎ᠠ ᠬᠡᠮᠵᠢᠶ᠎ᠡ | ᠠᠪᠴᠤ ᠪᠠᠶᠢᠭᠠᠳ ᠮᠠᠯ ᠵᠢᠭᠦᠷᠲᠡᠨ ᠤ ᠠᠮᠤᠷ ᠲᠦᠪᠰᠢᠨ ᠢ ᠬᠠᠮᠠᠭᠠᠯᠠᠬᠤ ᠶᠢᠨ ᠬᠠᠮᠲᠤ ᠵᠥᠭᠡᠭᠡᠪᠦᠷᠢᠯᠡᠵᠦ ᠪᠠᠶᠢᠭ᠎ᠠ ᠮᠠᠯ | ᠵᠢᠭᠦᠷᠲᠡᠨ ᠳᠡᠭᠡᠨ ᠴᠢᠬᠤᠯᠠ ᠪᠦᠬᠦᠢ ᠣᠷᠣᠨ ᠵᠠᠢ ᠪᠠ ᠲᠡᠵᠢᠭᠡᠬᠦ ᠲᠡᠵᠢᠭᠡᠯ ᠤᠤᠭᠤᠬᠤ ᠤᠰᠤᠨ ᠤ ᠨᠥᠬᠦᠴᠡᠯ ᠢ ᠬᠠᠩᠭᠠᠬᠤ | ᠬᠡᠷᠡᠭᠲᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠡᠭᠡᠭᠡᠪᠦᠷᠢᠯᠡᠵᠦ ᠪᠠᠶᠢᠭ᠎ᠠ ᠮᠠᠯ ᠵᠢᠭᠦᠷᠲᠡᠨ ᠳᠤ ᠪᠠᠶᠢᠴᠠᠭᠠᠯᠲᠠ | ᠬᠢᠬᠦ ᠳᠡᠭᠡᠨ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠢ᠃ | ᠳᠣᠯᠣᠳᠤᠭᠠᠷ ᠪᠦᠯᠦᠭ ᠮᠠᠯ ᠵᠢᠭᠦᠷᠲᠡᠨ ᠢ ᠨᠢᠲᠤᠯᠬᠤ | ᠵᠢᠷᠠᠨ ᠲᠠᠪᠤᠳᠤᠭᠠᠷ ᠵᠦᠢᠯ ᠤᠯᠤᠰ ᠠᠴᠠ ᠭᠠᠭ᠋ᠠᠢ ᠶᠢ ᠴᠡᠭ ᠲᠣᠭᠲᠠᠭᠠᠨ ᠨᠢᠲᠤᠯᠬᠤ ᠳᠦᠷᠢᠮ ᠢ | ᠬᠡᠷᠡᠭᠵᠢᠭᠦᠯᠦᠨ᠎ᠡ ᠃ ᠠᠮᠢᠳᠤ ᠭᠠᠭ᠋ᠠᠢ ᠠᠴᠠ ᠪᠤᠰᠤᠳ ᠮᠠᠯ ᠵᠢᠭᠦᠷᠲᠡᠨ ᠳᠤ ᠴᠡᠭ ᠲᠣᠭᠲᠠᠭᠠᠨ ᠨᠢᠲᠤᠯᠬᠤ ᠶᠢ ᠬᠡᠷᠡᠭᠵᠢᠭᠦᠯᠵᠦ | ᠪᠣᠯᠣᠨ᠎ᠠ ᠂ ᠪᠣᠳᠠᠲᠠᠢ ᠠᠷᠭ᠎ᠠ ᠶᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠠᠴᠠ ᠲᠣᠭᠲᠠᠭᠠᠨ᠎ᠠ ᠃ | ᠬᠥᠳᠡᠭᠡ ᠲᠣᠰᠬᠤᠨ ᠤ ᠭᠠᠵᠠᠷ ᠣᠷᠣᠨ ᠤ ᠬᠤᠪᠢ ᠬᠥᠮᠥᠨ ᠥᠪᠡᠰᠦᠪᠡᠨ ᠠᠯᠠᠵᠤ ᠥᠪᠡᠰᠦᠪᠡᠨ ᠢᠳᠡᠬᠦ ᠶᠠᠪᠤᠳᠠᠯ | ᠡᠭᠦᠨ ᠳᠤ ᠪᠠᠭᠲᠠᠬᠤ ᠦᠭᠡᠢ᠃ | ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠂ ᠲᠥᠪᠯᠡᠷᠡᠭᠦᠯᠦᠨ ᠨᠢᠲᠤᠯᠬᠤ ᠂ ᠭᠦᠢᠯᠭᠡᠭᠡᠨ ᠳᠤ | ᠠᠰᠢᠭᠲᠠᠢ ᠂ ᠤᠯᠠᠨ ᠲᠦᠮᠡᠨ ᠳᠤ ᠲᠦᠭᠦᠮ ᠪᠠᠶᠢᠯᠭᠠᠬᠤ ᠵᠠᠷᠴᠢᠮ ᠶᠣᠰᠣᠭᠠᠷ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠂ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠮᠠᠯ ᠵᠢᠭᠦᠷᠲᠡᠨ ᠤ ᠠᠰᠢᠭ ᠰᠢᠮ᠎ᠡ ᠶᠢᠨ ᠬᠡᠷᠡᠭᠯᠡᠭᠡ ᠵᠡᠷᠭᠡ | ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠮᠠᠯ ᠵᠢᠭᠦᠷᠲᠡᠨ ᠢ ᠨᠢᠲᠤᠯᠬᠤ ᠠᠵᠢᠯ ᠲᠦᠷᠦᠯ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ | ᠵᠢᠷᠠᠨ ᠵᠢᠷᠭᠤᠳᠤᠭᠠᠷ ᠵᠦᠢᠯ ᠤᠯᠤᠰ ᠠᠴᠠ ᠮᠠᠯ ᠵᠢᠭᠦᠷᠲᠡᠨ ᠢ ᠲᠤᠬᠠᠢ ᠶᠢᠨ ᠭᠠᠵᠠᠷ ᠲᠤᠨᠢ ᠨᠢᠲᠤᠯᠬᠤ ᠶᠢ | ᠵᠣᠷᠢᠭᠵᠢᠭᠤᠯᠵᠤ ᠂ ᠮᠠᠯ ᠵᠢᠭᠦᠷᠲᠡᠨ ᠢ ᠨᠢᠲᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠨ | ᠦᠷᠡᠵᠢᠭᠦᠯᠬᠦ ᠭᠤᠣᠯ ᠭᠠᠷᠤᠯᠲᠠ ᠶᠢᠨ ᠣᠷᠣᠨ ᠲᠡᠶᠢᠰᠢ ᠰᠢᠯᠵᠢᠭᠦᠯᠵᠦ ᠂ ᠮᠠᠯ ᠵᠢᠭᠦᠷᠲᠡᠨ ᠤ ᠠᠰᠢᠭ ᠰᠢᠮ᠎ᠡ ᠶᠢ | ᠪᠣᠯᠪᠠᠰᠤᠷᠠᠭᠤᠯᠬᠤ ᠂ ᠬᠠᠳᠠᠭᠠᠯᠠᠬᠤ ᠂ ᠲᠡᠭᠡᠭᠡᠪᠦᠷᠢᠯᠡᠬᠦ ᠬᠦᠢᠲᠡᠨ ᠬᠡᠯᠬᠢᠶᠡᠲᠦ ᠰᠢᠰᠲ᠋ᠧᠮ ᠪᠠᠶᠢᠭᠤᠯᠬᠤ ᠶᠢ ᠳᠡᠮᠵᠢᠨ᠎ᠡ᠃ | ᠵᠢᠷᠠᠨ ᠳᠣᠯᠣᠳᠤᠭᠠᠷ ᠵᠦᠢᠯ ᠮᠠᠯ ᠵᠢᠭᠦᠷᠲᠡᠨ ᠢ ᠨᠢᠲᠤᠯᠬᠤ ᠠᠵᠤ ᠠᠬᠤᠶᠢᠯᠠᠯ ᠨᠢ ᠳᠣᠣᠷ᠎ᠠ ᠵᠢᠭᠰᠠᠭᠠᠭᠰᠠᠨ | ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ ︶ ᠨᠢᠲᠤᠯᠬᠤ ᠬᠡᠪᠴᠢᠶ᠎ᠡ ᠯᠦᠭᠡ ᠲᠣᠬᠢᠷᠠᠯᠴᠠᠭᠰᠠᠨ ᠂ ᠤᠰᠤᠨ ᠤ ᠴᠢᠨᠠᠷ ᠨᠢ ᠤᠯᠤᠰ ᠠᠴᠠ ᠲᠣᠭᠲᠠᠭᠠᠭᠰᠠᠨ | ᠪᠠᠷᠢᠮᠵᠢᠶ᠎ᠠ ᠳᠤ ᠨᠡᠶᠢᠴᠡᠭᠰᠡᠨ ᠤᠰᠤ ᠬᠠᠩᠭᠠᠬᠤ ᠨᠥᠬᠦᠴᠡᠯ ᠲᠠᠢ ᠪᠠᠶᠢᠬᠤ︔ | ︵ᠬᠤᠶᠠᠷ ︶ ᠤᠯᠤᠰ ᠤᠨ ᠲᠣᠭᠲᠠᠭᠠᠯ ᠳᠤ ᠨᠡᠶᠢᠴᠡᠭᠰᠡᠨ ᠲᠥᠬᠦᠭᠡᠷᠦᠮᠵᠢ ᠪᠠ ᠲᠡᠭᠡᠭᠡᠪᠦᠷᠢ ᠶᠢᠨ ᠪᠠᠭᠠᠵᠢ ᠲᠠᠢ | ᠪᠠᠶᠢᠬᠤ︔ | ︵ᠭᠤᠷᠪᠠ ︶ ᠬᠠᠤᠯᠢ ᠶᠣᠰᠣᠭᠠᠷ ᠡᠷᠡᠭᠦᠯ ᠮᠡᠡᠳᠦ ᠶᠢᠨ ᠭᠡᠷᠡᠴᠢ ᠣᠯᠣᠭᠰᠠᠨ ᠠᠯᠠᠵᠤ ᠨᠢᠲᠤᠯᠬᠤ ᠮᠡᠷᠭᠡᠵᠢᠯ ᠤᠨ | ᠠᠵᠢᠯᠲᠠᠨ ᠲᠠᠢ ᠪᠠᠶᠢᠬᠤ︔ | ︵ ᠳᠥᠷᠪᠡ︶ ᠬᠢᠨᠠᠨ ᠰᠢᠯᠭᠠᠭᠠᠳ ᠬᠢᠷᠢ ᠲᠡᠩᠴᠡᠭᠰᠡᠨ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠢᠯᠭᠠᠨ | ᠪᠠᠶᠢᠴᠠᠭᠠᠬᠤ ᠠᠵᠢᠯᠲᠠᠨ ᠲᠠᠢ ᠪᠠᠶᠢᠬᠤ︔ | ︵ᠲᠠᠪᠤ ︶ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ ᠪᠠ ᠪᠤᠰᠤᠳ ᠬᠠᠤᠯᠢ | ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠭᠡᠷᠡᠴᠢᠯᠡᠬᠦ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠣᠯᠣᠭᠰᠠᠨ᠃ | ᠵᠢᠷᠠᠨ ᠨᠠᠢᠮᠠᠳᠤᠭᠠᠷ ᠵᠦᠢᠯ ᠮᠠᠯ ᠵᠢᠭᠦᠷᠲᠡᠨ ᠢ ᠨᠢᠲᠤᠯᠬᠤ ᠶᠢ ᠡᠵᠡᠩᠨᠡᠭᠴᠢ ᠮᠠᠯ ᠵᠢᠭᠦᠷᠲᠡᠨ ᠢ ᠨᠢᠲᠤᠯᠬᠤ ᠵᠢᠨᠶᠠᠰᠤ | ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠃ ᠮᠠᠯ ᠵᠢᠭᠦᠷᠲᠡᠨ ᠢ ᠨᠢᠲᠤᠯᠬᠤ ᠠᠵᠤ | ᠠᠬᠤᠶᠢᠯᠠᠯ ᠤᠳ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠪᠠᠶᠢᠭᠤᠯᠬᠤ ᠬᠡᠷᠡᠭᠲᠡᠢ᠃ | ᠰᠢᠯᠭᠠᠨ ᠪᠠᠶᠢᠴᠠᠭᠠᠯᠲᠠ ᠂ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠢ ᠪᠤᠶᠤ ᠰᠢᠯᠭᠠᠨ ᠪᠠᠶᠢᠴᠠᠭᠠᠯᠲᠠ ᠂ | ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠠᠰᠢᠭ ᠰᠢᠮ᠎ᠡ ᠶᠢ ᠦᠢᠯᠡᠳᠪᠦᠷᠢ ᠠᠴᠠ | ᠭᠠᠷᠭᠠᠨ ᠪᠣᠷᠣᠯᠠᠭᠤᠯᠵᠤ ᠪᠣᠯᠬᠤ ᠦᠭᠡᠢ ᠃ ᠰᠢᠯᠭᠠᠨ ᠪᠠᠶᠢᠴᠠᠭᠠᠭᠰᠠᠨ ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ | ᠦᠭᠡᠢ ᠮᠠᠯ ᠵᠢᠭᠦᠷᠲᠡᠨ ᠤ ᠠᠰᠢᠭ ᠰᠢᠮ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ | ᠭᠡᠷᠡᠭᠳᠡᠢ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠯ ᠶᠣᠰᠣᠭᠠᠷ ᠬᠤᠣᠷ | ᠦᠭᠡᠶᠢᠵᠢᠬᠦᠯᠦᠨ ᠰᠢᠢᠳᠪᠦᠷᠢᠯᠡᠭᠰᠡᠨ ᠵᠠᠷᠤᠳᠠᠯ ᠪᠠ ᠬᠤᠬᠢᠷᠠᠯ ᠳᠤ ᠨᠥᠬᠦᠪᠦᠷᠢ ᠥᠭᠬᠦ ᠬᠡᠷᠡᠭᠲᠡᠢ ᠃ | ᠵᠢᠷᠠ ᠶᠢᠰᠦᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠣᠭᠲᠠᠭᠠᠬᠤ ᠠᠵᠢᠯ ᠢ ᠬᠠᠷᠢᠭᠤᠴᠠᠨ᠎ᠠ᠃ | ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠯᠤᠰ ᠤᠨ ᠮᠠᠯ ᠵᠢᠭᠦᠷᠲᠡᠨ ᠢ ᠨᠢᠲᠤᠯᠬᠤ | ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠦᠨᠳᠦᠰᠦᠯᠡᠨ ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ ᠵᠢᠭᠦᠷᠲᠡᠨ ᠢ ᠨᠢᠲᠤᠯᠬᠤ ᠶᠠᠰᠤ | ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ᠨᠠᠢᠮᠠᠳᠤᠭᠠᠷ ᠪᠦᠯᠦᠭ ᠪᠠᠳᠤᠯᠠᠭ᠎ᠠ ᠪᠠ ᠬᠢᠨᠠᠯᠳᠠ | ᠳᠠᠯᠠᠳᠤᠭᠠᠷ ᠵᠦᠢᠯ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠥᠪᠡᠷ ᠤᠨ | ᠲᠥᠰᠥᠪ ᠤᠨ ᠳᠣᠲᠣᠷ᠎ᠠ ᠪᠠᠨ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠪᠠ ᠮᠠᠯ ᠠᠵᠤ ᠠᠬᠤᠢ ᠶᠢᠨ | ᠬᠥᠭᠵᠢᠯᠲᠡ ᠶᠢ ᠳᠡᠮᠵᠢᠬᠦ ᠰᠠᠶᠢᠨ ᠦᠷ᠎ᠡ ᠶᠢᠨ ᠨᠥᠬᠦᠪᠦᠷᠢ ᠂ ᠳᠠᠮ ᠬᠦᠦ ᠶᠢᠨ ᠨᠥᠬᠦᠪᠦᠷᠢ ᠂ ᠳᠠᠭᠠᠳᠬᠠᠯ ᠤᠨ ᠵᠠᠷᠤᠳᠠᠯ ᠤᠨ | ᠨᠥᠬᠦᠪᠦᠷᠢ ᠵᠡᠷᠭᠡ ᠪᠡᠯᠡ ᠮᠥᠩᠭᠦ ᠶᠢ ᠲᠣᠬᠢᠷᠠᠭᠤᠯᠬᠤ ᠬᠡᠷᠡᠭᠲᠡᠢ ᠃ ᠡᠭᠦᠨ ᠤ ᠬᠠᠮᠲᠤ ᠬᠤᠯᠪᠣᠭᠳᠠᠯ ᠪᠦᠬᠦᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ ᠂ ᠮᠠᠯ | ᠵᠢᠭᠦᠷᠲᠡᠨ ᠲᠡᠵᠢᠭᠡᠨ ᠦᠷᠡᠵᠢᠭᠦᠯᠦᠭᠴᠢᠳ ᠤᠨ ᠰᠢᠯᠢᠳᠡᠭ ᠰᠠᠶᠢᠨ ᠮᠠᠯ ᠵᠢᠭᠦᠷᠲᠡᠨ ᠬᠤᠳᠠᠯᠳᠤᠨ ᠠᠪᠬᠤ ᠂ ᠰᠠᠶᠢᠨ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠲᠡᠮᠵᠢᠵᠤ ᠂ ᠦᠢᠯᠡᠳᠪᠦᠷᠢᠯᠡᠯ ᠤᠨ | ᠲᠥᠬᠦᠭᠡᠷᠦᠮᠵᠢ ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠬᠤ ᠶᠢ ᠲᠡᠮᠵᠢᠵᠤ ᠂ ᠲᠡᠵᠢᠭᠡᠨ ᠦᠷᠡᠵᠢᠭᠦᠯᠬᠦ | ᠬᠡᠪᠴᠢᠶ᠎ᠡ ᠶᠢ ᠥᠷᠭᠡᠳᠬᠡᠵᠦ ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠳᠠᠯᠠᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠪᠤᠰᠤᠳ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠂ ᠲᠤᠰ ᠬᠠᠤᠯᠢ ᠪᠠ ᠬᠤᠯᠪᠣᠭᠳᠠᠯ ᠪᠦᠬᠦᠢ ᠬᠠᠤᠯᠢ ᠴᠠᠭᠠᠵᠠ ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠂ ᠮᠠᠯ ᠵᠢᠭᠦᠷᠲᠡᠨ ᠢ ᠲᠡᠵᠢᠭᠡᠨ ᠠᠷᠠᠴᠢᠯᠠᠬᠤ ᠣᠷᠴᠢᠨ | ᠨᠥᠬᠦᠴᠡᠯ ᠂ ᠦᠷ᠎ᠡ ᠶᠢᠨ ᠮᠠᠯ ᠵᠢᠭᠦᠷᠲᠡᠨ ᠤ ᠶᠠᠰᠤ ᠴᠢᠨᠠᠷ ᠂ ᠮᠠᠯ ᠵᠢᠭᠦᠷᠲᠡᠨ ᠢ ᠠᠷᠠᠯᠵᠢᠶᠠᠯᠠᠬᠤ ᠪᠠ ᠵᠥᠭᠡᠭᠡᠪᠦᠷᠢᠯᠡᠬᠦ ᠂ ᠮᠠᠯ | ᠵᠢᠭᠦᠷᠲᠡᠨ ᠢ ᠨᠢᠲᠤᠯᠬᠤ ᠵᠢᠴᠢ ᠲᠡᠵᠢᠭᠡᠯ ᠪᠣᠷᠳᠤᠭ᠎ᠠ ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠂ ᠮᠠᠯ ᠤᠨ ᠡᠮ ᠵᠡᠷᠭᠡ | ᠣᠷᠤᠭᠤᠯᠤᠯᠲᠠ ᠶᠢᠨ ᠡᠳ᠋ ᠤᠨ ᠦᠢᠯᠡᠳᠪᠦᠷᠢᠯᠡᠯ ᠂ ᠡᠵᠡᠩᠨᠡᠯᠲᠡ ᠂ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ | ᠳᠠᠯᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠢ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠵᠢᠭᠦᠷᠲᠡᠨ ᠤ ᠢᠯᠡᠳᠬᠡᠮᠵᠢ ᠲᠡᠮᠳᠡᠭ ᠪᠠ ᠲᠡᠵᠢᠭᠡᠨ ᠦᠷᠡᠵᠢᠭᠦᠯᠬᠦ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠂ ᠠᠷᠭ᠎ᠠ ᠬᠡᠮᠵᠢᠶ᠎ᠡ ᠠᠪᠴᠤ ᠪᠠᠶᠢᠭᠠᠳ ᠮᠠᠯ | ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠡᠭᠡᠬᠦᠯᠦᠨ ᠪᠠᠶᠢᠴᠠᠭᠠᠬᠤ ᠪᠠ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ | ᠳᠠᠯᠠᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠠᠯ ᠵᠢᠭᠦᠷᠲᠡᠨ ᠤ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠲᠥᠯᠥᠪᠯᠡᠭᠡ | ᠶᠣᠰᠣᠭᠠᠷ ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ | ᠳᠠᠯᠠᠨ ᠳᠥᠷᠪᠡᠳᠦᠭᠡᠷ ᠵᠦᠢᠯ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠠᠯ ᠵᠢᠭᠦᠷᠲᠡᠨ ᠤ ᠦᠢᠯᠡᠳᠪᠦᠷᠢᠯᠡᠯ ᠤᠨ | ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ ᠂ ᠮᠠᠯ ᠵᠢᠭᠦᠷᠲᠡᠨ ᠤ ᠠᠶᠤᠯᠭᠦᠢ ᠦᠢᠯᠡᠳᠪᠦᠷᠢᠯᠡᠯ ᠢ ᠵᠢᠯᠤᠭᠤᠳᠬᠤ | ᠬᠡᠷᠡᠭᠲᠡᠢ᠃ | ᠳᠠᠯᠠᠨ ᠲᠠᠪᠤᠳᠤᠭᠠᠷ ᠵᠦᠢᠯ ᠤᠯᠤᠰ ᠠᠴᠠ ᠮᠠᠯ ᠵᠢᠭᠦᠷᠲᠡᠨ ᠤ ᠦᠢᠯᠡᠳᠪᠦᠷᠢᠯᠡᠯ ᠪᠠ ᠮᠠᠯ ᠵᠢᠭᠦᠷᠲᠡᠨ ᠤ ᠠᠰᠢᠭ | ᠰᠢᠮ᠎ᠡ ᠶᠢᠨ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠨᠢᠭᠡᠳᠦᠯᠲᠡᠢ ᠳᠦᠷᠢᠮ ᠢ ᠪᠠᠶᠢᠭᠤᠯᠵᠤ ᠂ | ᠬᠤᠯᠪᠣᠭᠳᠠᠯ ᠪᠦᠬᠦᠢ ᠮᠠᠯ ᠵᠢᠭᠦᠷᠲᠡᠨ ᠤ ᠠᠰᠢᠭ ᠰᠢᠮ᠎ᠡ ᠶᠢ ᠨᠥᠭᠡᠴᠡᠯᠡᠵᠦ ᠲᠣᠬᠢᠷᠠᠭᠤᠯᠬᠤ ᠲᠣᠭᠲᠠᠴᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ ᠂ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ ᠂ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠪᠠ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠮᠠᠯ ᠵᠢᠭᠦᠷᠲᠡᠨ ᠢ ᠦᠢᠯᠡᠳᠪᠦᠷᠢᠯᠡᠵᠦ ᠪᠣᠷᠣᠯᠠᠭᠤᠯᠬᠤ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ ᠂ | ᠮᠠᠯ ᠵᠢᠭᠦᠷᠲᠡᠨ ᠢ ᠦᠢᠯᠡᠳᠪᠦᠷᠢᠯᠡᠨ ᠡᠵᠡᠩᠨᠡᠭᠴᠢ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠮᠠᠯ ᠵᠢᠭᠦᠷᠲᠡᠨ ᠢ ᠦᠢᠯᠡᠳᠪᠦᠷᠢᠯᠡᠬᠦ ᠂ ᠪᠣᠯᠪᠠᠰᠤᠷᠠᠭᠤᠯᠬᠤ ᠂ | ᠪᠣᠷᠣᠯᠠᠭᠤᠯᠬᠤ ᠂ ᠲᠡᠭᠡᠭᠡᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠮᠠᠯ ᠵᠢᠭᠦᠷᠲᠡᠨ ᠤ ᠠᠰᠢᠭ | ᠰᠢᠮ᠎ᠡ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠵᠢᠭᠦᠷᠲᠡᠨ ᠤ ᠠᠰᠢᠭ ᠰᠢᠮ᠎ᠡ ᠶᠢᠨ ᠬᠠᠩᠭᠠᠯᠭ᠎ᠠ ᠶᠢ ᠪᠠᠲᠤᠯᠠᠬᠤ ᠶᠢ | ᠬᠠᠷᠢᠭᠤᠴᠠᠵᠤ ᠂ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ | ᠪᠠ ᠬᠠᠷᠢᠭᠤᠴᠠᠯᠭ᠎ᠠ ᠶᠢᠨ ᠬᠢᠨᠠᠨ ᠰᠢᠯᠭᠠᠬᠤ ᠰᠢᠰᠲ᠋ᠧᠮ ᠢ ᠪᠠᠶᠢᠭᠤᠯᠤᠨ᠎ᠠ᠃ | ᠤᠯᠤᠰ ᠠᠴᠠ ᠮᠠᠯ ᠵᠢᠭᠦᠷᠲᠡᠨ ᠤ ᠭᠤᠣᠯ ᠪᠣᠷᠤᠯᠠᠭᠤᠯᠭ᠎ᠠ ᠶᠢᠨ ᠣᠷᠣᠨ ᠤ ᠣᠷᠣᠨ ᠪᠦᠰᠡ ᠠᠯᠤᠰᠯᠠᠨ ᠬᠠᠮᠲᠤᠷᠠᠯᠴᠠᠬᠤ ᠂ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠭᠤᠣᠯ | ᠭᠠᠷᠤᠯᠲᠠ ᠶᠢᠨ ᠣᠷᠣᠨ ᠯᠤᠭ᠎ᠠ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠶᠢ ᠵᠣᠷᠢᠭᠵᠢᠭᠤᠯᠤᠨ᠎ᠠ᠃ | ᠶᠢᠰᠦᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠯᠠᠨ ᠳᠣᠯᠣᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠵᠢᠴᠢ ᠲᠡᠭᠦᠨ ᠤ ᠠᠵᠢᠯᠲᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ ᠂ | ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠥᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄ | ︵ᠨᠢᠭᠡ ︶ ᠡᠭᠦᠷᠭᠡ ᠲᠤᠰᠢᠶᠠᠯ ᠤᠨ ᠢᠶᠠᠨ ᠲᠤᠶᠢᠬᠦᠮ ᠢ ᠠᠰᠢᠭᠯᠠᠨ ᠪᠤᠰᠤᠳ ᠤᠨ ᠵᠣᠭᠤᠰ ᠮᠥᠩᠭᠦ ᠡᠳ᠋ ᠪᠣᠳᠠᠰ ᠢ | ᠭᠥᠯᠢᠶᠡᠨ ᠠᠪᠬᠤ ᠪᠤᠶᠤ ᠪᠤᠰᠤᠳ ᠠᠰᠢᠭ ᠲᠤᠰᠠ ᠣᠯᠬᠤ︔ | ︵ᠬᠤᠶᠠᠷ ︶ ᠨᠥᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠶᠢ ᠵᠥᠪᠰᠢᠶᠡᠷᠡᠬᠦ ᠂ ᠡᠰᠡᠬᠦᠯ᠎ᠡ ᠬᠠᠤᠯᠢ ᠳᠤ | ᠲᠣᠭᠲᠠᠭᠠᠭᠰᠠᠨ ᠡᠷᠬᠡ ᠲᠤᠰᠢᠶᠠᠯ ᠠᠴᠠ ᠪᠠᠨ ᠳᠠᠪᠠᠵᠤ ᠵᠥᠪᠰᠢᠶᠡᠷᠡᠬᠦ︔ | ︵ᠭᠤᠷᠪᠠ ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ | ᠦᠭᠡᠢ︔ | ︵ᠳᠥᠷᠪᠡ ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠂ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠬᠢᠨᠠᠨ ᠬᠠᠮᠢᠶᠠᠷᠬᠤ ᠠᠵᠢᠯ ᠤᠨ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ᠃ | ᠳᠠᠯᠠᠨ ᠨᠠᠢᠮᠠᠳᠤᠭᠠᠷ ᠵᠦᠢᠯ ᠲᠤᠰ ᠬᠠᠤᠯᠢ ᠶᠢᠨ ᠠᠷᠪᠠᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ | ᠲᠣᠭᠲᠠᠭᠠᠯ ᠢ ᠵᠥᠷᠢᠴᠡᠵᠦ ᠂ ᠬᠠᠮᠠᠭᠠᠯᠠᠭᠳᠠᠵᠤ ᠪᠠᠶᠢᠭ᠎ᠠ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠳᠤᠷ᠎ᠠ ᠪᠠᠷ ᠢᠶᠠᠨ | ᠰᠢᠢᠳᠪᠦᠷᠢᠯᠡᠭᠡᠳ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠤᠬᠢᠷᠠᠭᠤᠯᠤᠭᠰᠠᠨ ᠪᠠᠶᠢᠪᠠᠯ ᠂ ᠮᠤᠵᠢ ᠶᠢᠨ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠠᠷᠪᠠᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ | ᠳᠠᠯ᠎ᠠ ᠶᠢᠰᠦᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠪᠠ ᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠲᠠᠪᠢᠨ | ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠄ | ︵ᠨᠢᠭᠡ ︶ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠦᠭᠡᠢ ᠪᠠᠷ ᠬᠢᠯᠢ ᠶᠢᠨ ᠭᠠᠳᠠᠨ᠎ᠠ ᠠᠴᠠ ᠮᠠᠯ ᠵᠢᠭᠦᠷᠲᠡᠨ ᠤ | ᠤᠳᠤᠮᠯᠠᠯ ᠤᠨ ᠡᠬᠢ ᠪᠠᠶᠠᠯᠢᠭ ᠢ ᠣᠷᠣᠭᠤᠯᠬᠤ︔ | ︵ᠬᠤᠶᠠᠷ ︶ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠦᠭᠡᠢ ᠪᠠᠷ ᠬᠢᠯᠢ ᠶᠢᠨ ᠳᠣᠲᠣᠷ᠎ᠠ ᠬᠢᠯᠢ ᠶᠢᠨ ᠭᠠᠳᠠᠨᠠᠬᠢ | ᠪᠠᠶᠢᠭᠤᠯᠤᠮᠵᠢ ᠂ ᠬᠤᠪᠢ ᠬᠥᠮᠥᠨ ᠲᠠᠢ ᠬᠠᠮᠲᠤᠷᠠᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠰᠤᠳᠤᠯᠤᠨ ᠠᠰᠢᠭᠯᠠᠬᠤ︔ | ︵ᠭᠤᠷᠪᠠ ︶ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠺᠣᠮᠢᠰ ᠢᠶᠠᠷ ᠬᠢᠨᠠᠨ | ᠲᠣᠭᠲᠠᠭᠠᠯᠭᠠᠭᠰᠠᠨ ᠦᠭᠡᠢ ᠰᠢᠨ᠎ᠡ ᠪᠠᠷ ᠢᠯᠡᠷᠡᠭᠦᠯᠦᠭᠰᠡᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ | ᠳᠣᠲᠣᠷ᠎ᠠ ᠬᠢᠯᠢ ᠶᠢᠨ ᠭᠠᠳᠠᠨᠠᠬᠢ ᠪᠠᠶᠢᠭᠤᠯᠤᠮᠵᠢ ᠂ ᠬᠤᠪᠢ ᠬᠥᠮᠥᠨ ᠲᠠᠢ ᠬᠤᠷᠰᠢᠨ ᠰᠤᠳᠤᠯᠵᠤ ᠠᠰᠢᠭᠯᠠᠬᠤ᠃ | ᠨᠠᠶᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠲᠦᠷᠦ ᠶᠢᠨ ᠶᠠᠪᠤᠳᠠᠯ ᠤᠨ ᠬᠤᠷᠢᠶᠠᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠭᠰᠠᠨ ᠪᠠᠶᠢᠪᠠᠯ ᠂ ︽ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠢᠨ | ᠬᠠᠷᠢᠭᠤᠴᠠᠯᠭ᠎ᠠ ᠨᠡᠬᠡᠮᠵᠢᠯᠡᠨ᠎ᠡ ᠃ ᠪᠣᠭᠤᠮᠲᠠ ᠠᠴᠠ ᠬᠤᠴᠣᠷᠭᠠᠨ ᠠᠪᠤᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠢ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ | ᠰᠢᠢᠳᠪᠦᠷᠢᠯᠡᠭᠦᠯᠬᠦ ᠬᠡᠷᠡᠭᠲᠡᠢ᠃ | ᠨᠠᠶᠠᠨ ᠨᠢᠭᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠬᠢᠨᠠᠨ ᠲᠣᠭᠲᠠᠭᠠᠯᠲᠠ ᠪᠤᠶᠤ | ᠰᠢᠯᠭᠠᠨ ᠲᠣᠭᠲᠠᠭᠠᠯᠲᠠ ᠶᠢ ᠳᠠᠮᠵᠢᠭᠰᠠᠨ ᠦᠭᠡᠢ ᠮᠠᠯ ᠵᠢᠭᠦᠷᠲᠡᠨ ᠤ ᠡᠭᠦᠯᠳᠡᠷ ᠂ ᠲᠥᠬᠦᠷᠵᠢᠭᠰᠡᠨ ᠤᠳᠤᠮ ᠢ ᠪᠣᠷᠣᠯᠠᠭᠤᠯᠵᠤ ᠂ | ᠳᠡᠯᠭᠡᠷᠡᠭᠦᠯᠦᠭᠰᠡᠨ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠬᠥᠳᠡᠭᠡ ᠲᠣᠰᠬᠤᠨ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ | ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠂ ᠮᠠᠯ ᠵᠢᠭᠦᠷᠲᠡᠨ ᠪᠠ ᠬᠠᠤᠯᠢ ᠠᠴᠠ ᠵᠥᠷᠢᠴᠡᠵᠦ ᠣᠯᠣᠭᠰᠠᠨ ᠣᠯᠵᠠ | ᠠᠰᠢᠭ ᠢ ᠨᠢ ᠬᠤᠷᠢᠶᠠᠨ ᠠᠪᠤᠨ᠎ᠠ ︔ ᠬᠠᠤᠯᠢ ᠠᠴᠠ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠲᠦᠮᠡᠨ | ᠲᠥᠭᠦᠷᠢᠭ ᠠᠴᠠ ᠳᠡᠭᠡᠭᠰᠢ ᠪᠠᠶᠢᠪᠠᠯ ᠂ ᠬᠠᠤᠯᠢ ᠠᠴᠠ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ | ᠳᠡᠭᠡᠭᠰᠢ ᠭᠤᠷᠪᠠᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠠᠴᠠ | ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠠᠴᠠ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ | ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ | ᠨᠠᠶᠠᠨ ᠬᠤᠶᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠦᠷ᠎ᠡ ᠶᠢᠨ ᠮᠠᠯ ᠵᠢᠭᠦᠷᠲᠡᠨ ᠢ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠪᠤᠶᠤ ᠦᠷ᠎ᠡ ᠶᠢᠨ ᠮᠠᠯ ᠵᠢᠭᠦᠷᠲᠡᠨ ᠢ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ ᠦᠢᠯᠡᠳᠪᠦᠷᠢᠯᠡᠵᠦ ᠡᠵᠡᠩᠨᠡᠵᠦ ᠂ | ᠡᠰᠡᠬᠦᠯ᠎ᠡ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ | ᠵᠣᠬᠢᠶᠠᠭᠰᠠᠨ ᠂ ᠬᠤᠪᠢᠷᠠᠭᠤᠯᠤᠨ ᠵᠣᠬᠢᠶᠠᠭᠰᠠᠨ ᠂ ᠰᠢᠯᠵᠢᠭᠦᠯᠦᠨ ᠥᠭᠭᠦᠭᠰᠡᠨ ᠂ ᠲᠦᠷᠢᠶᠡᠰᠦᠯᠡᠭᠦᠯᠦᠨ ᠵᠢᠭᠡᠯᠡᠭᠦᠯᠦᠭᠰᠡᠨ | ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠵᠠᠷᠯᠢᠭᠳᠠᠨ ᠵᠣᠭᠰᠣᠭᠠᠵᠤ ᠂ ᠬᠠᠭᠤᠷᠮᠠᠭᠯᠠᠨ ᠵᠣᠬᠢᠶᠠᠭᠰᠠᠨ ᠂ ᠬᠤᠪᠢᠷᠠᠭᠤᠯᠤᠨ ᠵᠣᠬᠢᠶᠠᠭᠰᠠᠨ ᠦᠷ᠎ᠡ ᠶᠢᠨ ᠮᠠᠯ ᠵᠢᠭᠦᠷᠲᠡᠨ ᠢ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠂ ᠦᠷ᠎ᠡ ᠶᠢᠨ ᠮᠠᠯ ᠵᠢᠭᠦᠷᠲᠡᠨ ᠂ | ᠲᠠᠸᠠᠷ ᠤᠨ ᠲᠥᠯ ᠮᠠᠯ ᠂ ᠴᠤᠷᠪᠠᠭ᠎ᠠ ᠵᠢᠭᠦᠷᠲᠡᠨ ᠪᠣᠯᠣᠨ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ | ᠬᠤᠷᠢᠶᠠᠨ ᠠᠪᠤᠨ᠎ᠠ ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠭᠤᠷᠪᠠᠨ ᠲᠦᠮᠡᠨ ᠲᠥᠭᠦᠷᠢᠭ ᠠᠴᠠ | ᠳᠡᠭᠡᠭᠰᠢ ᠪᠠᠶᠢᠪᠠᠯ ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠭᠤᠷᠪᠠᠨ | ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ | ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠭᠤᠷᠪᠠᠨ ᠲᠦᠮᠡᠨ ᠲᠥᠭᠦᠷᠢᠭ ᠲᠤ | ᠬᠦᠷᠬᠦ ᠦᠭᠡᠢ ᠪᠠᠶᠢᠪᠠᠯ ᠂ ᠭᠤᠷᠪᠠᠨ ᠮᠢᠩᠭᠠᠨ ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠦᠨᠡᠮᠯᠡᠯ ᠢ ᠦᠢᠯᠡᠳᠪᠦᠷᠢᠯᠡᠵᠦ ᠡᠵᠡᠩᠨᠡᠭᠰᠡᠨ ᠪᠤᠶᠤ ᠰᠢᠯᠵᠢᠭᠦᠯᠦᠨ ᠥᠭᠭᠦᠭᠰᠡᠨ ᠂ ᠲᠦᠷᠢᠶᠡᠰᠦᠯᠡᠭᠦᠯᠵᠦ | ᠲᠦᠷᠢᠶᠡᠰᠦᠯᠡᠭᠦᠯᠦᠭᠡᠳ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠂ ᠦᠷ᠎ᠡ ᠶᠢᠨ ᠮᠠᠯ ᠵᠢᠭᠦᠷᠲᠡᠨ ᠢ | ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠠᠷ | ᠨᠡᠶᠢᠯᠡᠭᠦᠯᠦᠨ ᠰᠢᠢᠳᠬᠡᠨ᠎ᠡ᠃ | ᠨᠠᠶᠠᠨ ᠭᠤᠷᠪᠠᠳᠤᠭᠠᠷ ᠵᠦᠢᠯ ᠲᠤᠰ ᠬᠠᠤᠯᠢ ᠶᠢᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠢ ᠵᠥᠷᠢᠴᠡᠭᠰᠡᠨ | ᠪᠠᠶᠢᠪᠠᠯ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ ︾ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠶᠠᠨ ᠳᠥᠷᠪᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠬᠡᠷᠡᠭᠯᠡᠭᠰᠡᠨ ᠦᠷ᠎ᠡ ᠶᠢᠨ ᠮᠠᠯ | ᠵᠢᠭᠦᠷᠲᠡᠨ ᠨᠢ ᠡᠭᠦᠯᠳᠡᠷ ᠲᠤ ᠬᠡᠷᠡᠭᠯᠡᠬᠦ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠂ ᠦᠷ᠎ᠡ ᠶᠢᠨ ᠮᠠᠯ | ᠵᠢᠭᠦᠷᠲᠡᠨ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ ︔ ᠬᠠᠤᠯᠢ ᠶᠢ ᠵᠥᠷᠢᠴᠡᠵᠦ | ᠣᠯᠣᠭᠰᠠᠨ ᠣᠯᠵᠠ ᠠᠰᠢᠭ ᠨᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠪᠠᠶᠢᠪᠠᠯ ᠂ ᠬᠠᠤᠯᠢ ᠶᠢ ᠵᠥᠷᠢᠴᠡᠵᠦ | ᠣᠯᠣᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠬᠤᠶᠠᠷ ᠲᠠᠬᠢᠨ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠦᠭᠡᠢ ᠪᠤᠶᠤ ᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠮᠢᠩᠭᠠᠨ ᠲᠥᠭᠦᠷᠢᠭ ᠲᠤ ᠬᠦᠷᠬᠦ ᠦᠭᠡᠢ ᠪᠠᠶᠢᠪᠠᠯ ᠂ ᠮᠢᠩᠭᠠᠨ | ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ | ᠰᠢᠢᠳᠬᠡᠨ᠎ᠡ᠃ | ᠨᠠᠶᠠᠨ ᠲᠠᠪᠤᠳᠤᠭᠠᠷ ᠵᠦᠢᠯ ᠦᠷ᠎ᠡ ᠶᠢᠨ ᠮᠠᠯ ᠵᠢᠭᠦᠷᠲᠡᠨ ᠢ ᠪᠣᠷᠣᠯᠠᠭᠤᠯᠬᠤ ᠳᠤ ᠲᠤᠰ ᠬᠠᠤᠯᠢ ᠶᠢᠨ ᠭᠤᠴᠢᠨ | ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠠᠴᠠ ᠳᠥᠷᠪᠡᠳᠦᠭᠡᠷ ᠵᠤᠷᠪᠤᠰ ᠬᠦᠷᠲᠡᠯᠡᠬᠢ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠪᠣᠷᠣᠯᠠᠭᠤᠯᠬᠤ ᠶᠢ ᠨᠢ ᠵᠣᠭᠰᠣᠭᠠᠵᠤ ᠂ ᠬᠠᠤᠯᠢ ᠶᠢ ᠵᠥᠷᠢᠴᠡᠵᠦ | ᠪᠣᠷᠣᠯᠠᠭᠤᠯᠤᠭᠰᠠᠨ ︵ᠡᠭᠦᠯᠳᠡᠷ ︶ ᠮᠠᠯ ᠵᠢᠭᠦᠷᠲᠡᠨ ᠪᠣᠯᠣᠨ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ | ᠬᠤᠷᠢᠶᠠᠨ ᠠᠪᠤᠨ᠎ᠠ ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠲᠦᠮᠡᠨ ᠲᠥᠭᠦᠷᠢᠭ ᠠᠴᠠ | ᠳᠡᠭᠡᠭᠰᠢ ᠪᠠᠶᠢᠪᠠᠯ ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠲᠠᠪᠤᠨ | ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ | ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ ᠲᠠᠪᠤᠨ ᠲᠦᠮᠡᠨ ᠲᠥᠭᠦᠷᠢᠭ ᠲᠤ | ᠬᠦᠷᠬᠦ ᠦᠭᠡᠢ ᠪᠠᠶᠢᠪᠠᠯ ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠂ ᠦᠷ᠎ᠡ ᠶᠢᠨ | ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠤᠶᠤ ᠡᠵᠡᠩᠨᠡᠯᠲᠡ ᠶᠢᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠠᠷ ᠨᠡᠶᠢᠯᠡᠭᠦᠯᠦᠨ ᠰᠢᠢᠳᠬᠡᠨ᠎ᠡ᠃ | ᠨᠠᠶᠠᠨ ᠵᠢᠷᠭᠤᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠲᠠᠯᠠᠪᠠᠢ ᠡᠷᠬᠢᠯᠡᠬᠦ ᠳᠡᠭᠡᠨ ᠳᠠᠩᠰᠠᠯᠠᠭᠤᠯᠤᠭᠰᠠᠨ ᠦᠭᠡᠢ ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ | ᠨᠢ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠪᠠᠶᠢᠭᠤᠯᠤᠭᠰᠠᠨ ᠦᠭᠡᠢ ᠪᠤᠶᠤ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠢ | ᠲᠣᠭᠲᠠᠭᠠᠯ ᠶᠣᠰᠣᠭᠠᠷ ᠬᠠᠳᠠᠭᠠᠯᠠᠭᠰᠠᠨ ᠦᠭᠡᠢ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ ᠂ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ | ᠨᠠᠶᠠᠨ ᠳᠣᠯᠣᠳᠤᠭᠠᠷ ᠵᠦᠢᠯ ᠲᠤᠰ ᠬᠠᠤᠯᠢ ᠶᠢᠨ ᠳᠥᠴᠢᠨ ᠭᠤᠷᠪᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ | ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠰᠡᠨ ᠪᠠᠶᠢᠪᠠᠯ ᠂ ᠬᠤᠯᠪᠣᠭᠳᠠᠯ ᠪᠦᠬᠦᠢ ᠬᠠᠤᠯᠢ ᠴᠠᠭᠠᠵᠠ ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠵᠦ ᠂ ᠰᠢᠢᠳᠬᠡᠨ᠎ᠡ᠃ | ᠨᠠᠶᠠᠨ ᠨᠠᠢᠮᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠪᠣᠷᠣᠯᠠᠭᠤᠯᠤᠭᠰᠠᠨ ᠦᠷ᠎ᠡ ᠶᠢᠨ ᠮᠠᠯ | ᠵᠢᠭᠦᠷᠲᠡᠨ ᠳᠤ ᠦᠷ᠎ᠡ ᠶᠢᠨ ᠮᠠᠯ ᠵᠢᠭᠦᠷᠲᠡᠨ ᠤ ᠬᠢᠷᠢ ᠲᠡᠩᠴᠡᠭᠰᠡᠨ ᠭᠡᠷᠡᠴᠢ ᠂ ᠭᠡᠷ ᠤᠨ ᠲᠡᠵᠢᠭᠡᠪᠦᠷᠢ ᠶᠢᠨ ᠤᠳᠤᠮ ᠤᠨ | ᠴᠠᠳᠢᠭ ᠢ ᠳᠠᠭᠠᠯᠳᠤᠭᠤᠯᠤᠭᠰᠠᠨ ᠦᠭᠡᠢ ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠢᠯᠭᠠᠬᠤ ᠲᠡᠮᠳᠡᠭ ᠲᠠᠯᠪᠢᠬᠤ ᠬᠡᠷᠡᠭᠲᠡᠢ ᠭᠡᠵᠦ ᠲᠣᠭᠲᠠᠭᠠᠭᠰᠠᠨ ᠪᠠᠶᠢᠲᠠᠯ᠎ᠠ | ᠢᠯᠭᠠᠬᠤ ᠲᠡᠮᠳᠡᠭ ᠦᠭᠡᠢ ᠮᠠᠯ ᠵᠢᠭᠦᠷᠲᠡᠨ ᠢ ᠪᠣᠷᠣᠯᠠᠭᠤᠯᠤᠭᠰᠠᠨ ᠂ ᠬᠤᠳᠠᠯᠳᠤᠨ ᠠᠪᠤᠭᠰᠠᠨ ᠂ ᠡᠰᠡᠬᠦᠯ᠎ᠡ ᠮᠠᠯ ᠵᠢᠭᠦᠷᠲᠡᠨ ᠤ | ᠢᠯᠭᠠᠬᠤ ᠲᠡᠮᠳᠡᠭ ᠢ ᠲᠠᠬᠢᠨ ᠳᠠᠪᠲᠠᠨ ᠬᠡᠷᠡᠭᠯᠡᠭᠰᠡᠨ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠵᠠᠷᠯᠢᠭᠳᠠᠨ ᠵᠠᠯᠠᠷᠠᠭᠤᠯᠤᠭᠤᠯᠵᠤ ᠂ ᠬᠤᠶᠠᠷ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠬᠡᠵᠦ ᠪᠣᠯᠣᠨ᠎ᠠ᠃ | ᠪᠣᠷᠣᠯᠠᠭᠤᠯᠤᠭᠰᠠᠨ ᠦᠷ᠎ᠡ ᠶᠢᠨ ᠮᠠᠯ ᠵᠢᠭᠦᠷᠲᠡᠨ ᠳᠤ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ | ᠳᠠᠭᠠᠯᠳᠤᠭᠤᠯᠤᠭᠰᠠᠨ ᠦᠭᠡᠢ ᠪᠠᠷ ᠮᠠᠯ ᠵᠢᠭᠦᠷᠲᠡᠨ ᠤ ᠢᠯᠡᠳᠬᠡᠮᠵᠢ ᠲᠡᠮᠳᠡᠭ ᠢ ᠬᠠᠭᠤᠷᠮᠠᠭᠯᠠᠨ ᠵᠣᠬᠢᠶᠠᠭᠰᠠᠨ ᠂ | ᠥᠭᠡᠷᠡᠲᠦᠭᠦᠯᠦᠨ ᠵᠣᠬᠢᠶᠠᠭᠰᠠᠨ ᠂ ᠡᠰᠡᠬᠦᠯ᠎ᠡ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠮᠠᠯ | ᠵᠢᠭᠦᠷᠲᠡᠨ ᠤ ᠢᠯᠡᠳᠬᠡᠮᠵᠢ ᠲᠡᠮᠳᠡᠭ ᠢ ᠡᠵᠡᠮᠰᠢᠭᠰᠡᠨ ᠂ ᠬᠡᠷᠡᠭᠯᠡᠭᠰᠡᠨ ᠪᠠᠶᠢᠪᠠᠯ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠨᠠᠶᠠ ᠶᠢᠰᠦᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠂ ᠮᠠᠯ ᠵᠢᠭᠦᠷᠲᠡᠨ ᠢ ᠨᠢᠲᠤᠯᠬᠤ | ᠠᠵᠢᠯᠯᠠᠭ᠎ᠠ ᠶᠢ ᠴᠡᠭ ᠲᠣᠭᠲᠠᠭᠠᠭᠰᠠᠨ ᠦᠭᠡᠢ ᠪᠠᠷ ᠬᠢᠭᠰᠡᠨ ᠪᠠᠶᠢᠪᠠᠯ ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠵᠦ ᠂ ᠰᠢᠢᠳᠬᠡᠨ᠎ᠡ᠃ | ᠶᠡᠷᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠮᠠᠯ ᠵᠢᠭᠦᠷᠲᠡᠨ ᠢ ᠨᠢᠲᠤᠯᠬᠤ | ᠠᠵᠤ ᠠᠬᠤᠶᠢᠯᠠᠯ ᠤᠨ ᠲᠤᠰ ᠬᠠᠤᠯᠢ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠬᠦ ᠪᠠᠨ ᠪᠣᠯᠢᠭᠰᠠᠨ ᠢ ᠣᠯᠵᠤ ᠮᠡᠳᠡᠪᠡᠯ ᠂ | ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠶᠢᠨ ᠬᠠᠮᠲᠤ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠭᠦᠯᠬᠦ ᠬᠡᠷᠡᠭᠲᠡᠢ ︔ ᠬᠤᠭᠤᠴᠠᠭ᠎ᠠ ᠬᠡᠲᠦᠷᠡᠲᠡᠯ᠎ᠡ ᠲᠤᠰ ᠬᠠᠤᠯᠢ ᠳᠤ ᠲᠣᠭᠲᠠᠭᠠᠭᠰᠠᠨ ᠨᠥᠬᠦᠴᠡᠯ ᠳᠤ ᠮᠥᠨ ᠯᠡ | ᠭᠦᠷᠦᠭᠰᠡᠨ ᠦᠭᠡᠢ ᠪᠠᠶᠢᠪᠠᠯ ᠂ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠨ᠎ᠠ ᠂ ᠴᠡᠭ ᠲᠣᠭᠲᠠᠭᠠᠨ ᠨᠢᠲᠤᠯᠬᠤ | ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠪᠠᠯ ᠂ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠴᠡᠭ ᠲᠣᠭᠲᠠᠭᠠᠨ ᠨᠢᠲᠤᠯᠬᠤ | ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ | ᠶᠡᠷᠡᠨ ᠨᠢᠭᠡᠳᠦᠭᠡᠷ ᠵᠦᠢᠯ ᠲᠤᠰ ᠬᠠᠤᠯᠢ ᠶᠢᠨ ᠵᠢᠷᠠᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ ᠂ ᠮᠠᠯ | ᠵᠢᠭᠦᠷᠲᠡᠨ ᠢ ᠨᠢᠲᠤᠯᠬᠤ ᠠᠵᠤ ᠠᠬᠤᠶᠢᠯᠠᠯ ᠨᠢ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠦᠭᠡᠢ ᠂ ᠡᠰᠡᠬᠦᠯ᠎ᠡ ᠮᠠᠯ ᠵᠢᠭᠦᠷᠲᠡᠨ ᠢ ᠨᠢᠲᠤᠯᠬᠤ ᠡᠵᠡᠩᠨᠡᠭᠴᠢ ᠨᠢ ᠰᠢᠯᠭᠠᠨ | ᠪᠠᠶᠢᠴᠠᠭᠠᠯᠭᠠᠭᠠᠳ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠠᠰᠢᠭ ᠰᠢᠮ᠎ᠡ ᠶᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠦᠭᠡᠢ ᠪᠠᠶᠢᠪᠠᠯ ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ ᠂ ᠰᠡᠷᠡᠮᠵᠢ ᠥᠭᠭᠦᠨ᠎ᠡ ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ ᠂ ᠵᠠᠷᠯᠢᠭᠳᠠᠵᠤ | ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠰᠢᠭᠤᠳ ᠬᠠᠷᠢᠭᠤᠴᠠᠵᠤ ᠪᠠᠶᠢᠭ᠎ᠠ | ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠬᠤᠶᠠᠷ ᠮᠢᠩᠭᠠᠨ | ᠲᠥᠭᠦᠷᠢᠭ ᠠᠴᠠ ᠳᠡᠭᠡᠭᠰᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ | ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠂ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠨ᠎ᠠ ᠂ ᠴᠡᠭ | ᠲᠣᠭᠲᠠᠭᠠᠨ ᠨᠢᠲᠤᠯᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠪᠠᠯ ᠂ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠴᠡᠭ | ᠲᠣᠭᠲᠠᠭᠠᠨ ᠨᠢᠲᠤᠯᠬᠤ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ | ᠲᠤᠰ ᠬᠠᠤᠯᠢ ᠶᠢᠨ ᠵᠢᠷᠠᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠶᠢ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠵᠦ ᠂ ᠰᠢᠢᠳᠬᠡᠨ᠎ᠡ᠃ | ᠶᠡᠷᠡᠨ ᠬᠤᠶᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠬᠢᠭᠰᠡᠨ ᠪᠠᠶᠢᠪᠠᠯ᠂ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠶᠡᠷᠡᠨ ᠭᠤᠷᠪᠠᠳᠤᠭᠠᠷ ᠵᠦᠢᠯ ᠲᠤᠰ ᠬᠠᠤᠯᠢ ᠳᠤ ᠬᠡᠯᠡᠵᠦ ᠪᠠᠶᠢᠭ᠎ᠠ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠭᠡᠳᠡᠭ ᠨᠢ ᠮᠠᠯ ᠵᠢᠭᠦᠷᠲᠡᠨ ᠵᠢᠴᠢ ᠲᠡᠭᠦᠨ ᠤ ᠥᠨᠳᠡᠭᠡᠨ ᠡᠰ ︵ᠥᠨᠳᠡᠭᠡ ︶᠂ ᠦᠷ᠎ᠡ ᠶᠢᠨ ᠰᠢᠩᠭᠡᠨ ᠂ ᠬᠦᠪᠦᠷᠡᠯ ᠂ | ᠭᠧᠨ ᠤ ᠪᠣᠳᠠᠰ ᠵᠡᠷᠭᠡ ᠤᠳᠤᠮᠯᠠᠯ ᠤᠨ ᠮᠠᠲ᠋ᠧᠷᠢᠶᠠᠯ ᠢ ᠵᠢᠭᠠᠵᠤ ᠪᠠᠶᠢᠨ᠎ᠠ᠃ | ᠲᠤᠰ ᠬᠠᠤᠯᠢ ᠳᠤ ᠬᠡᠯᠡᠵᠦ ᠪᠠᠶᠢᠭ᠎ᠠ ᠦᠷ᠎ᠡ ᠶᠢᠨ ᠮᠠᠯ ᠵᠢᠭᠦᠷᠲᠡᠨ ᠭᠡᠳᠡᠭ ᠨᠢ ᠰᠣᠩᠭᠤᠨ ᠪᠣᠶᠢᠵᠢᠭᠤᠯᠤᠭᠰᠠᠨ ᠂ | ᠡᠭᠦᠯᠳᠡᠷ ᠤᠨ ᠦᠨ᠎ᠡ ᠦᠷᠳᠡᠭ ᠲᠠᠢ ᠂ ᠬᠤᠶᠢᠴᠢ ᠦᠶ᠎ᠡ ᠪᠠᠨ ᠦᠷᠡᠵᠢᠭᠦᠯᠬᠦ ᠳᠤ ᠲᠣᠬᠢᠷᠠᠬᠤ ᠮᠠᠯ ᠵᠢᠭᠦᠷᠲᠡᠨ ᠵᠢᠴᠢ ᠲᠡᠭᠦᠨ ᠤ | ᠥᠨᠳᠡᠭᠡᠨ ᠡᠰ ︵ᠥᠨᠳᠡᠭᠡ ︶᠂ ᠦᠷ᠎ᠡ ᠶᠢᠨ ᠰᠢᠩᠭᠡᠨ ᠂ ᠬᠦᠪᠦᠷᠡᠯ ᠵᠡᠷᠭᠡ ᠶᠢ ᠵᠢᠭᠠᠵᠤ ᠪᠠᠶᠢᠨ᠎ᠠ ᠃ | ᠶᠡᠷᠡᠨ ᠳᠥᠷᠪᠡᠳᠦᠭᠡᠷ ᠵᠦᠢᠯ ᠲᠤᠰ ᠬᠠᠤᠯᠢ ᠶᠢ 2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |