ᠡᠯ᠎ᠡ ᠲᠠᠷᠢᠶᠠᠯᠠᠩ ᠤᠨ ᠮᠠᠰᠢᠨ ᠤ ᠬᠤᠯᠪᠤᠭᠳᠠᠯ ᠪᠦᠬᠦᠢ ᠠᠵᠤ ᠠᠬᠤᠶᠢᠯᠠᠯ ᠤᠳ᠄ | ︽ᠲᠠᠷᠢᠶᠠᠯᠠᠩ ᠤᠨ ᠮᠠᠰᠢᠨ ᠮᠧᠬᠠᠨᠢᠭ ᠤᠨ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠠᠷᠭ᠎ᠠ︾ | ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠢᠭ 2018 ᠣᠨ ᠤ 3 ᠳ᠋ᠤᠭᠠᠷ ᠨᠣᠮᠧᠷ︶᠂ ︽ᠲᠠᠷᠢᠶᠠᠯᠠᠩ ᠤᠨ | ᠮᠠᠰᠢᠨ ᠮᠧᠬᠠᠨᠢᠭ ᠤᠨ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠠᠵᠢᠯ ᠤᠨ ᠵᠢᠷᠤᠮᠵᠢᠯ︾ ︵ᠲᠠᠷᠢᠶᠠᠯᠠᠩ ᠤᠨ | ᠮᠠᠰᠢᠨ ᠲᠠᠷᠬᠠᠭᠠᠭᠰᠠᠨ ﹇2019﹈ 3 ᠳ᠋ᠤᠭᠠᠷ ᠨᠣᠮᠧᠷ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠢ ᠳᠡᠯᠭᠡᠷᠡᠭᠦᠯᠦᠨ ᠬᠢᠨᠠᠨ ᠲᠣᠭᠲᠠᠭᠠᠯᠲᠠ ᠶᠢᠨ ᠬᠡᠷᠡᠭᠵᠢᠭᠦᠯᠬᠦ ᠨᠠᠷᠢᠨ | ᠳᠦᠷᠢᠮ︾ ︵ᠥᠪᠥᠷ ᠲᠠᠷᠢᠶᠠᠯᠠᠩ ᠤᠨ ᠮᠠᠰᠢᠨ ᠰᠢᠯᠭᠠᠨ ᠲᠠᠷᠬᠠᠭᠠᠭᠰᠠᠨ ﹇2019﹈ 15 ᠳ᠋ᠤᠭᠠᠷ ᠨᠣᠮᠧᠷ ︶ | ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠲᠤᠰᠬᠠᠢ | ᠬᠢᠨᠠᠨ ᠲᠣᠭᠲᠠᠭᠠᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ ᠥᠪᠥᠷ ᠲᠠᠷᠢᠶᠠᠯᠠᠩ ᠤᠨ ᠮᠠᠰᠢᠨ ᠰᠢᠯᠭᠠᠨ | ᠲᠠᠷᠬᠠᠭᠠᠭᠰᠠᠨ ﹇2019﹈ 17 ᠳ᠋ᠤᠭᠠᠷ ᠨᠣᠮᠧᠷ︶ ᠤᠨ ᠲᠣᠭᠲᠠᠭᠠᠯ ᠢ ᠦᠨᠳᠦᠰᠦᠯᠡᠪᠡᠯ᠂ ︽ᠤᠯᠤᠰ ᠠᠴᠠ | ᠳᠡᠮᠵᠢᠵᠦ ᠪᠠᠶᠢᠭ᠎ᠠ ᠲᠠᠷᠢᠶᠠᠯᠠᠩ ᠤᠨ ᠮᠠᠰᠢᠨ ᠮᠧᠬᠠᠨᠢᠭ ᠢ ᠳᠡᠯᠭᠡᠷᠡᠭᠦᠯᠦᠨ ᠬᠢᠨᠠᠨ ᠲᠣᠭᠲᠠᠭᠠᠬᠤ ᠦᠢᠯᠡᠳᠬᠦᠨ ᠤ | ᠲᠥᠷᠥᠯ ᠵᠦᠢᠯ ᠤᠨ ᠵᠦᠭᠯᠡᠭᠦᠷ︾ ᠪᠣᠯᠣᠨ ᠥᠪᠡᠷᠲᠡᠭᠡᠨ ᠵᠠᠰᠠᠬᠤ ᠣᠷᠣᠨ ᠤ ᠣᠲᠣ ᠶᠢᠨ ᠪᠠᠶᠢᠭ᠎ᠠ ᠬᠢᠨᠠᠨ | ᠲᠣᠭᠲᠠᠭᠠᠬᠤ ᠴᠢᠳᠠᠪᠤᠷᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠢᠶᠠᠷ ᠵᠥᠪᠰᠢᠶᠡᠷᠡᠭᠦᠯᠦᠭᠡᠳ᠂ ︽2023 ᠣᠨ ᠤ | ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠤᠨ | ᠲᠤᠷᠰᠢᠯᠲᠠ ᠶᠢᠨ ᠬᠢᠨᠠᠨ ᠲᠣᠭᠲᠠᠭᠠᠬᠤ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ︾ ᠢ ᠨᠡᠶᠢᠲᠡᠯᠡᠬᠦ ᠶᠢᠨ | ᠬᠠᠮᠲᠤ ᠲᠣᠰ ᠡᠳᠦᠷ ᠠᠴᠠ ᠡᠬᠢᠯᠡᠨ ᠬᠡᠷᠡᠭᠵᠢᠭᠦᠯᠵᠦ᠂ 2022 ᠣᠨ ᠳᠤ ᠨᠡᠶᠢᠲᠡᠯᠡᠭᠰᠡᠨ ᠵᠦᠭᠯᠡᠭᠦᠷ ᠢ ᠲᠣᠰ | ᠡᠳᠦᠷ ᠠᠴᠠ ᠡᠬᠢᠯᠡᠨ ᠬᠦᠴᠦᠨ ᠦᠭᠡᠢ ᠪᠣᠯᠭᠠᠨ᠎ᠠ᠃ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠳ ᠳᠡᠭᠡᠷᠡᠬᠢ | ᠪᠢᠴᠢᠭ ᠮᠠᠲ᠋ᠧᠷᠢᠶᠠᠯ ᠢ ᠦᠨᠳᠦᠰᠦᠯᠡᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ | ︵ http://zwfw.nmg.gov.cn ︶ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ | ᠮᠧᠬᠠᠨᠢᠭ ᠤᠨ ᠲᠤᠷᠰᠢᠯᠲᠠ ᠶᠢᠨ ᠬᠢᠨᠠᠨ ᠲᠣᠭᠲᠠᠭᠠᠯᠲᠠ ︵ᠳᠡᠯᠭᠡᠷᠡᠭᠦᠯᠬᠦ ᠬᠢᠨᠠᠨ ᠲᠣᠭᠲᠠᠭᠠᠯᠲᠠ᠂ ᠲᠤᠰᠬᠠᠢ | ᠵᠦᠢᠯ ᠤᠨ ᠬᠢᠨᠠᠨ ᠲᠣᠭᠲᠠᠭᠠᠯᠲᠠ ᠪᠠ ᠦᠨᠡᠮᠯᠡᠯ ᠤᠨ ᠬᠤᠭᠤᠴᠠᠭ᠎ᠠ ᠲᠤᠯᠪᠠᠯ ᠦᠨᠡᠮᠯᠡᠯ ᠰᠣᠯᠢᠬᠤ ᠪᠠᠭᠲᠠᠨ᠎ᠠ︶ ᠶᠢ | ᠭᠤᠶᠤᠴᠢᠯᠠᠵᠤ ᠪᠣᠯᠣᠨ᠎ᠠ᠃ | ᠲᠤᠰᠬᠠᠢ ᠵᠦᠢᠯ ᠤᠨ ᠬᠢᠨᠠᠨ ᠲᠣᠭᠲᠠᠭᠠᠯᠲᠠ ᠬᠢᠯᠭᠡᠬᠦ ᠪᠠᠷ ᠮᠡᠳᠡᠭᠦᠯᠬᠦ ᠦᠶ᠎ᠡ ᠳᠤ᠂ ᠬᠥᠲᠥᠯᠪᠦᠷᠢ ᠶᠢᠨ | ᠱᠠᠭᠠᠷᠳᠠᠯᠭ᠎ᠠ ᠳᠤ ᠨᠡᠶᠢᠴᠡᠬᠦ ᠰᠢᠨ᠎ᠡ ᠶᠢ ᠡᠭᠦᠳᠬᠦ ᠴᠢᠨᠠᠷᠲᠠᠢ ᠭᠡᠷᠡᠴᠢᠯᠡᠬᠦ ᠪᠢᠴᠢᠭ ᠮᠠᠲ᠋ᠧᠷᠢᠶᠠᠯ ᠢ ᠬᠡᠷᠡᠭᠯᠡᠭᠴᠢ ᠶᠢᠨ | ᠨᠡᠷᠡᠰ ᠤᠨ ᠭᠠᠵᠠᠷ ᠲᠤ ᠳᠠᠮᠵᠢᠭᠤᠯᠵᠤ᠂ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠬᠦ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠪᠤᠶᠤ ᠦᠢᠯᠡᠳᠬᠦᠨ ᠤ ᠬᠡᠷᠡᠭᠯᠡᠭᠡᠨ ᠤ ᠮᠡᠳᠡᠭᠦᠯᠦᠯᠲᠡ ︵ ᠬᠡᠷᠪᠡ ᠪᠠᠶᠢᠪᠠᠯ ︶ | ᠬᠢᠭᠡᠳ ᠰᠢᠨ᠎ᠡ ᠶᠢ ᠡᠭᠦᠳᠬᠦ ᠴᠢᠨᠠᠷᠲᠠᠢ ᠭᠡᠷᠡᠴᠢᠯᠡᠬᠦ ᠪᠢᠴᠢᠭ ᠮᠠᠲ᠋ᠧᠷᠢᠶᠠᠯ ᠢ ᠨᠡᠶᠢᠯᠡᠭᠦᠯᠦᠨ ᠳᠠᠮᠵᠢᠭᠤᠯᠤᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠲᠤᠷᠰᠢᠯᠲᠠ ᠶᠢᠨ | ᠬᠢᠨᠠᠨ ᠲᠣᠭᠲᠠᠭᠠᠯᠲᠠ ᠬᠢᠬᠦ ᠭᠤᠶᠤᠴᠢᠯᠠᠯ ᠤᠨ ᠬᠦᠰᠦᠨᠦᠭᠲᠦ︾᠂ ︽ᠬᠡᠷᠡᠭᠯᠡᠭᠴᠢ ᠶᠢᠨ ᠨᠡᠷᠡᠰ︾ ᠢ ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠬᠤᠭᠤᠰᠤᠨ ᠥᠯᠢᠭᠡᠷ ᠬᠦᠰᠦᠨᠦᠭᠲᠦ | ᠪᠠᠭᠤᠯᠭᠠᠵᠤ᠂ ᠪᠤᠰᠤᠳ ᠮᠠᠲ᠋ᠧᠷᠢᠶᠠᠯ ᠢ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠲᠥᠷᠥᠯ ᠬᠡᠯᠪᠡᠷᠢ ᠪᠠ ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠱᠠᠭᠠᠷᠳᠠᠯᠭ᠎ᠠ ᠶᠣᠰᠣᠭᠠᠷ ᠪᠡᠯᠡᠳᠬᠡᠵᠦ᠂ | ᠬᠠᠷᠠᠭᠠᠯᠵᠠᠭᠰᠠᠨ ᠪᠤᠯᠤᠩ ᠳᠤ ᠬᠠᠮᠢᠶ᠎ᠠ ᠪᠦᠬᠦᠢ ᠮᠠᠲ᠋ᠧᠷᠢᠶᠠᠯ ᠢ ᠳᠠᠮᠵᠢᠭᠤᠯᠬᠤ ᠬᠡᠷᠡᠭᠲᠡᠢ᠃ ᠳᠡᠯᠭᠡᠷᠡᠭᠦᠯᠬᠦ ᠬᠢᠨᠠᠨ | ᠲᠣᠭᠲᠠᠭᠠᠯᠲᠠ ᠪᠠ ᠲᠤᠰᠬᠠᠢ ᠵᠦᠢᠯ ᠤᠨ ᠬᠢᠨᠠᠨ ᠲᠣᠭᠲᠠᠭᠠᠯᠲᠠ ᠬᠢᠯᠭᠡᠬᠦ ᠪᠠᠷ ᠮᠡᠳᠡᠭᠦᠯᠬᠦ ᠦᠶ᠎ᠡ ᠳᠤ ᠂ | ᠭᠤᠶᠤᠴᠢᠯᠠᠯ ᠤᠨ ᠬᠦᠰᠦᠨᠦᠭᠲᠦ ᠪᠠ ᠦᠢᠯᠡᠳᠬᠦᠨ ᠤ ᠲᠣᠳᠣᠷᠬᠠᠶᠢᠯᠠᠯᠲᠠ ᠶᠢᠨ ᠪᠢᠴᠢᠭ ᠤᠨ ᠴᠠᠭᠠᠰᠤᠨ ᠮᠠᠲ᠋ᠧᠷᠢᠶᠠᠯ ᠢ | ᠰᠢᠤᠳᠠᠨ ᠢᠶᠠᠷ ᠢᠯᠡᠭᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠨᠢ 2023 ᠣᠨ ᠤ | 12 ᠰᠠᠷ᠎ᠠ ᠶᠢᠨ 31 ᠤ ᠡᠳᠦᠷ ᠬᠤᠭᠤᠴᠠᠭ᠎ᠠ ᠲᠤᠯᠤᠭᠰᠠᠳ᠂ 2023 ᠣᠨ ᠤ 6 ᠰᠠᠷ᠎ᠠ ᠶᠢᠨ 30 ᠤ | ᠡᠳᠦᠷ ᠠᠴᠠ ᠡᠮᠦᠨ᠎ᠡ ᠦᠨᠡᠮᠯᠡᠯ ᠢᠶᠠᠨ ᠰᠣᠯᠢᠬᠤ ᠪᠠᠷ ᠮᠡᠳᠡᠭᠦᠯᠬᠦ ᠬᠡᠷᠡᠭᠲᠡᠢ᠂ ᠬᠡᠷᠪᠡ ᠬᠤᠭᠤᠴᠠᠭ᠎ᠠ ᠲᠤᠯᠬᠤ ᠠᠴᠠ | ᠡᠮᠦᠨ᠎ᠡ ᠮᠡᠳᠡᠭᠦᠯᠦᠭᠰᠡᠨ ᠦᠭᠡᠢ ᠪᠣᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠦᠨᠡᠮᠯᠡᠯ ᠤᠨ | ᠳ᠋ᠤᠭᠠᠷᠯᠠᠯ ᠨᠢ ︽ᠥᠪᠥᠷ ᠮᠣᠩᠭᠤᠯ ᠤᠨ 2019 ︱ XXX︾ ᠪᠠᠶᠢᠪᠠᠯ ᠦᠨᠡᠮᠯᠡᠯ ᠰᠣᠯᠢᠬᠤ ᠪᠠᠷ ᠮᠡᠳᠡᠭᠦᠯᠬᠦ | ᠴᠢᠬᠤᠯᠠᠲᠠᠢ᠂ ᠦᠨᠡᠮᠯᠡᠯ ᠤᠨ ᠳ᠋ᠤᠭᠠᠷᠯᠠᠯ ᠨᠢ ︽T20191515XXX︾ ᠪᠠᠶᠢᠪᠠᠯ ᠦᠨᠡᠮᠯᠡᠯ ᠰᠣᠯᠢᠬᠤ ᠪᠠᠷ | ᠮᠡᠳᠡᠭᠦᠯᠬᠦ ᠴᠢᠬᠤᠯᠠ ᠦᠭᠡᠢ᠃ ᠬᠢᠨᠠᠨ ᠲᠣᠭᠲᠠᠭᠠᠯᠲᠠ ᠶᠢᠨ ᠦᠨᠡᠮᠯᠡᠯ ᠤᠨ ᠬᠤᠭᠤᠴᠠᠭ᠎ᠠ ᠨᠢ ᠲᠤᠯᠵᠤ ᠦᠨᠡᠮᠯᠡᠯ | ᠰᠣᠯᠢᠭᠰᠠᠨ ᠪᠣᠯ ᠲᠣᠰ ᠵᠦᠭᠯᠡᠭᠦᠷ ᠲᠤ ᠬᠢᠵᠠᠭᠠᠷᠯᠠᠭᠳᠠᠬᠤ ᠦᠭᠡᠢ᠂ ᠭᠡᠪᠡᠴᠦ ᠣᠲᠣ ᠶᠢᠨ ᠬᠡᠷᠡᠭᠵᠢᠭᠦᠯᠵᠦ ᠪᠠᠶᠢᠭ᠎ᠠ | ᠬᠦᠴᠦᠨ ᠪᠦᠬᠦᠢ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠭᠤᠶᠤᠴᠢᠯᠠᠬᠤ ᠦᠶ᠎ᠡ ᠳᠤ | ᠲᠠᠭᠯᠠᠨ ᠪᠢᠴᠢᠬᠦ ᠦᠢᠯᠡᠳᠬᠦᠨ ᠤ ᠲᠥᠷᠥᠯ ᠠᠩᠭᠢᠯᠠᠯ ᠪᠠ ᠲᠥᠷᠥᠯ ᠵᠦᠢᠯ ᠨᠢ ᠪᠦᠬᠦ ᠤᠯᠤᠰ ᠤᠨ ᠲᠠᠷᠢᠶᠠᠯᠠᠩ ᠤᠨ | ᠮᠠᠰᠢᠨ ᠮᠧᠬᠠᠨᠢᠭ ᠤᠨ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠦᠢᠯᠡᠴᠢᠯᠠᠭᠡᠨ ᠤ ᠮᠡᠳᠡᠭᠡ | ᠵᠠᠩᠭᠢᠵᠢᠯᠲᠠ ᠶᠢᠨ ᠲᠠᠪᠴᠠᠩ ︵http://202.127.42.49:8080/nongji/main/index0.do︶ | ᠲᠡᠭᠡᠷ᠎ᠡ ᠨᠡᠶᠢᠲᠡᠯᠡᠭᠰᠡᠨ ᠲᠠᠢ ᠨᠢᠭᠡᠳᠦᠯᠲᠡᠢ ᠪᠠᠶᠢᠬᠤ ᠬᠡᠷᠡᠭᠲᠡᠢ᠃ ᠡᠭᠦᠨ ᠤ ᠬᠠᠮᠲᠤ᠂ ᠦᠨᠡᠮᠯᠡᠯ ᠰᠣᠯᠢᠬᠤ ᠪᠠᠷ | ᠮᠡᠳᠡᠭᠦᠯᠬᠦ ᠦᠶ᠎ᠡ ᠳᠤ ᠭᠤᠶᠤᠴᠢᠯᠠᠯ ᠤᠨ ᠬᠦᠰᠦᠨᠦᠭᠲᠦ ᠪᠠ ᠠᠵᠤ ᠠᠬᠤᠶᠢᠯᠠᠯ ᠤᠨ ᠥᠪᠡᠷ ᠤᠨ ᠢᠯᠡᠷᠬᠡᠶᠢᠯᠡᠯᠲᠡ ᠤᠨ | ᠴᠠᠭᠠᠰᠤᠨ ᠮᠠᠲ᠋ᠧᠷᠢᠶᠠᠯ ᠢ ᠰᠢᠤᠳᠠᠨ ᠢᠶᠠᠷ ᠢᠯᠡᠭᠡᠬᠦ ︵ᠳᠠᠭᠠᠯᠳᠤᠭᠤᠯᠤᠯ 2 ᠢ ᠦᠵᠡ︶ ᠶᠢ ᠠᠩᠬᠠᠷᠬᠤ ᠬᠡᠷᠡᠭᠲᠡᠢ᠃ | ᠦᠨᠡᠮᠯᠡᠯ ᠰᠣᠯᠢᠬᠤ ᠪᠠᠷ ᠮᠡᠳᠡᠭᠦᠯᠬᠦ ᠦᠶ᠎ᠡ ᠳᠤ᠂ ᠦᠨᠡᠮᠯᠡᠯ ᠤᠨ ᠮᠡᠳᠡᠭᠡ ᠵᠠᠩᠭᠢ ᠳᠤ ᠬᠤᠪᠢᠷᠠᠯᠲᠠ ᠭᠠᠷᠪᠠᠯ᠂ | ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠬᠤᠪᠢᠷᠠᠭᠤᠯᠬᠤ ᠪᠠᠷ ᠮᠡᠳᠡᠭᠦᠯᠬᠦ ᠬᠡᠷᠡᠭᠲᠡᠢ ᠂ | ᠬᠡᠷᠪᠡ ᠴᠠᠭ ᠬᠤᠭᠤᠴᠠᠭ᠎ᠠ ᠠᠴᠠ ᠬᠡᠲᠦᠷᠡᠲᠡᠯ᠎ᠡ ᠦᠨᠡᠮᠯᠡᠯ ᠤᠨ ᠮᠡᠳᠡᠭᠡ ᠵᠠᠩᠭᠢ ᠶᠢ ᠬᠤᠪᠢᠷᠠᠭᠤᠯᠬᠤ ᠪᠠᠷ | ᠮᠡᠳᠡᠭᠦᠯᠦᠭᠰᠡᠨ ᠦᠭᠡᠢ ᠪᠠᠶᠢᠪᠠᠯ᠂ ᠦᠨᠡᠮᠯᠡᠯ ᠰᠣᠯᠢᠬᠤ ᠪᠠᠷ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠦᠭᠡᠢ | ᠪᠥᠭᠡᠳ ᠲᠣᠭᠲᠠᠭᠠᠯ ᠶᠣᠰᠣᠭᠠᠷ ᠦᠨᠡᠮᠯᠡᠯ ᠢ ᠬᠦᠴᠦᠨ ᠦᠭᠡᠢ ᠪᠣᠯᠭᠠᠵᠤ ᠰᠢᠢᠳᠪᠦᠷᠢᠯᠡᠨ᠎ᠡ᠃ | ᠥᠪᠡᠷᠲᠡᠭᠡᠨ ᠵᠠᠰᠠᠬᠤ ᠣᠷᠣᠨ ᠤ ᠲᠤᠰᠬᠠᠢ ᠵᠦᠢᠯ ᠤᠨ ᠬᠢᠨᠠᠨ ᠲᠣᠭᠲᠠᠭᠠᠭᠰᠠᠨ ᠦᠨᠡᠮᠯᠡᠯ ᠤᠨ ᠬᠦᠴᠦᠨ ᠲᠠᠢ | ᠬᠤᠭᠤᠴᠠᠭ᠎ᠠ ᠳᠠᠭᠤᠰᠬᠤ ᠠᠴᠠ 6 ᠰᠠᠷ᠎ᠠ ᠶᠢᠨ ᠳᠣᠲᠣᠷ᠎ᠠ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶ᠎ᠡ ᠳᠤ ᠦᠨᠡᠮᠯᠡᠯ ᠰᠣᠯᠢᠬᠤ ᠪᠠᠷ ᠮᠡᠳᠡᠭᠦᠯᠵᠦ᠂ ᠦᠨᠡᠮᠯᠡᠯ ᠰᠣᠯᠢᠬᠤ ᠦᠢᠯᠡᠳᠬᠦᠨ ᠨᠢ | ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠲᠠᠢ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠃ | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ᠠᠰᠠᠭᠤᠨ ᠯᠠᠪᠯᠠᠬᠤ | ᠤᠲᠠᠰᠤ᠄ 0471 ︱ 5332462 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ | ᠮᠧᠬᠠᠨᠢᠭ ᠤᠨ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ ᠶᠢᠨ ᠠᠰᠠᠭᠤᠨ ᠯᠠᠪᠯᠠᠬᠤ ᠤᠲᠠᠰᠤ᠄ 0471 ︱ | 4314387 | ᠮᠠᠲ᠋ᠧᠷᠢᠶᠠᠯ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | ᠴᠡᠯᠡᠭᠡᠷ ᠲᠠᠯ᠎ᠠ ᠶᠡᠭᠡ ᠵᠡᠭᠡᠯᠢ ᠬᠢᠭᠡᠳ ᠸᠠᠨ ᠲᠦᠩ ᠵᠠᠮ ᠤᠨ ᠠᠭᠤᠯᠵᠠᠷ ᠤᠨ ᠵᠡᠭᠦᠨ ᠡᠮᠦᠨ᠎ᠡ ᠥᠨᠴᠥᠭ | ᠬᠦᠯᠢᠶᠡᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠠᠰᠠᠷ ᠤᠨ 27 ᠳ᠋ᠤᠭᠠᠷ ᠨᠣᠮᠧᠷᠲᠤ ᠴᠣᠩᠬᠤᠪᠴᠢ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | ᠬᠦᠯᠢᠶᠡᠨ ᠠᠪᠤᠭᠴᠢ ᠶᠢᠨ ᠤᠲᠠᠰᠤ᠄ 0471 — 5332462 | ᠳᠠᠭᠠᠯᠳᠤᠭᠤᠯᠤᠯ 1᠄ 2023 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠦᠢᠯᠡᠳᠬᠦᠨ ᠤ | ᠲᠥᠷᠥᠯ ᠵᠦᠢᠯ ᠤᠨ ᠵᠦᠭᠯᠡᠭᠦᠷ | ᠳᠠᠭᠠᠯᠳᠤᠭᠤᠯᠤᠯ 2᠄ ︽ᠠᠵᠤ ᠠᠬᠤᠶᠢᠯᠠᠯ ᠤᠨ ᠥᠪᠡᠷ ᠤᠨ ᠢᠯᠡᠷᠬᠡᠶᠢᠯᠡᠯᠲᠡ︾ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ | ᠮᠠᠰᠢᠨ ᠮᠧᠬᠠᠨᠢᠭ ᠤᠨ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠦᠷᠲᠡᠭᠡ | 2023 ᠣᠨ ᠤ 5 ᠰᠠᠷ᠎ᠠ ᠶᠢᠨ 9 ᠤ ᠡᠳᠦᠷ |