ᠬᠤᠷᠠᠭᠠᠨ ᠤ ᠠᠷᠠᠴᠢᠯᠠᠭ᠎ᠠ ᠲᠤᠳᠤᠮᠳᠤᠯᠭ᠎ᠠ
ᠨᠡᠶᠢᠲᠡᠯᠡᠭᠰᠡᠨ ᠴᠠᠭ᠄
2023/6/1
      ᠬᠤᠷᠠᠭᠠᠨ ᠤ ᠡᠷᠲᠡᠬᠡᠨ ᠤᠭᠤᠷᠠᠭ ᠣᠯᠵᠤ ᠤᠤᠭᠤᠬᠤ ᠶᠢ ᠪᠠᠲᠤᠯᠠᠬᠤ ᠬᠡᠷᠡᠭᠲᠡᠢ ᠃ ᠰᠤᠳᠤᠯᠭᠠᠨ ᠢ ᠦᠨᠳᠦᠰᠦᠯᠡᠪᠡᠯ᠂ ᠰᠠᠶ᠋ᠢ ᠲᠦᠯᠯᠡᠭᠰᠡᠨ ᠬᠤᠷᠠᠭ᠎ᠠ ᠢᠰᠢᠭᠡᠨ ᠤ ᠠᠨᠲ᠋ᠢᠪᠤᠳᠢ ᠶᠢ ᠪᠦᠷᠢᠨ ᠰᠢᠩᠭᠡᠭᠡᠬᠦ ᠶᠢᠨ ᠬᠠᠷᠢᠴᠠᠯ ᠨᠢ 42% ᠣᠷᠴᠢᠮ ᠪᠠᠶᠢᠵᠤ᠂ 24h ᠤᠨ ᠳᠠᠷᠠᠭ᠎ᠠ ᠪᠦᠷᠢᠨ ᠪᠦᠲᠦᠨ ᠠᠨᠲ᠋ᠢᠪᠤᠳᠢ ᠶᠢ ᠰᠢᠩᠭᠡᠭᠡᠬᠦ ᠶᠢᠨ ᠠᠷᠭ᠎ᠠ ᠦᠭᠡᠢ ᠪᠤᠯᠳᠠᠭ ᠃ ᠡᠶᠢᠮᠦ ᠠᠴᠠ ᠬᠤᠷᠠᠭ᠎ᠠ ᠶᠢ ᠲᠦᠯᠯᠡᠭᠰᠡᠨ ᠤ ᠳᠠᠷᠠᠭ᠎ᠠ 1h ᠶᠢᠨ ᠳᠣᠲᠣᠷ᠎ᠠ ᠤᠭᠤᠷᠠᠭ ᠰᠦ ᠭᠦᠢᠴᠡᠳ ᠢᠳᠡᠭᠦᠯᠵᠦ ᠂ ᠡᠨᠧᠷᠭᠢ ᠶᠢ ᠨᠡᠮᠡᠭᠳᠡᠭᠦᠯᠦᠨ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠲᠦᠯᠯᠡᠭᠰᠡᠨ ᠤ 7d ᠠᠴᠠ ᠡᠬᠢᠯᠡᠨ ᠵᠠᠳᠠᠭᠠᠢ ᠪᠤᠷᠳᠤᠭ᠎ᠠ ᠢᠳᠡᠬᠦ ᠶᠢ ᠰᠤᠷᠭᠠᠵᠤ ᠂ ᠬᠤᠳᠣᠭᠤᠳᠤᠨ ᠤ ᠲᠦᠷᠭᠡᠨ ᠪᠤᠶᠢᠵᠢᠯᠲᠠ ᠳᠤ ᠰᠡᠳᠦᠯᠲᠡ ᠥᠭᠭᠦᠨ᠎ᠡ ᠃ 20 ᠡᠳᠦᠷ ᠪᠣᠯᠤᠭᠰᠠᠨ ᠤ ᠳᠠᠷᠠᠭ᠎ᠠ ᠵᠣᠬᠢᠬᠤ ᠬᠡᠮᠵᠢᠶᠡᠨ ᠤ ᠨᠠᠷᠢᠯᠢᠭ ᠪᠣᠷᠳᠤᠭ᠎ᠠ ᠨᠥᠬᠦᠵᠦ ᠢᠳᠡᠭᠦᠯᠦᠨ᠎ᠡ᠃ ᠨᠠᠷᠢᠯᠢᠭ ᠪᠣᠷᠳᠣᠭᠠᠨ ᠤ ᠰᠢᠮ᠎ᠡ ᠲᠡᠵᠢᠭᠡᠯ ᠢ ᠪᠦᠬᠦ ᠲᠠᠯ᠎ᠠ ᠶᠢᠨ᠂ ᠰᠢᠩᠭᠡᠭᠡᠬᠦ ᠳᠤ ᠠᠮᠠᠷᠬᠠᠨ ᠂ ᠬᠡᠮᠵᠢᠶ᠎ᠡ ᠪᠠᠭ᠎ᠠ᠂  ᠥᠭᠬᠦ ᠲᠤᠭ᠎ᠠ ᠶᠢ ᠨᠡᠮᠡᠭᠳᠡᠭᠦᠯᠦᠨ᠂ ᠪᠣᠷᠳᠤᠭ᠎ᠠ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠃ ᠨᠣᠭᠤᠭᠠᠨ ᠪᠣᠷᠳᠤᠭ᠎ᠠ ᠲᠡᠵᠢᠭᠡᠬᠦ ᠳᠡᠭᠡᠨ ᠬᠡᠷᠴᠢᠬᠦ ᠶᠢᠨ ᠬᠠᠮᠲᠤ ᠨᠠᠷᠢᠯᠢᠭ ᠪᠣᠷᠳᠤᠭ᠎ᠠ ᠲᠠᠢ ᠬᠤᠯᠢᠵᠤ ᠲᠡᠵᠢᠭᠡᠨ᠎ᠡ ᠃ ᠲᠡᠵᠢᠭᠡᠯ ᠨᠥᠬᠦᠬᠦ ᠬᠤᠭᠤᠴᠠᠭᠠᠨ ᠳᠤ ᠴᠡᠪᠡᠷ ᠤᠰᠤ ᠬᠠᠩᠭᠠᠵᠤ᠂ ᠬᠠᠰᠢᠶ᠎ᠠ ᠪᠠᠨ ᠦᠷᠭᠦᠯᠵᠢ ᠠᠷᠢᠭᠤᠳᠬᠠᠵᠤ᠂ ᠬᠤᠨᠢᠨ ᠤ ᠴᠢᠴᠠᠭ᠎ᠠ ᠳᠡᠯᠭᠡᠷᠡᠬᠦ ᠠᠴᠠ ᠵᠠᠶᠢᠯᠠᠰᠬᠢᠬᠦ ᠬᠡᠷᠡᠭᠲᠡᠢ᠃      ᠰᠦ ᠠᠴᠠ ᠪᠠᠨ ᠰᠠᠯᠤᠭᠰᠠᠨ ᠤ ᠳᠠᠷᠠᠭ᠎ᠠ ᠬᠤᠷᠠᠭᠠᠨ ᠳᠤ ᠨᠠᠷᠢᠯᠢᠭ ᠪᠣᠷᠳᠤᠭ᠎ᠠ ᠨᠥᠬᠦᠵᠦ ᠲᠡᠵᠢᠭᠡᠨ᠎ᠡ᠂ ᠡᠳᠦᠷ ᠪᠦᠷᠢ ᠨᠠᠷᠢᠯᠢᠭ ᠪᠣᠷᠳᠤᠭ᠎ᠠ ᠶᠢ 0.2~0.5kg ᠢᠳᠡᠭᠦᠯᠦᠨ᠎ᠡ᠂  ᠬᠤᠴᠠᠨ ᠤ ᠥᠰᠦᠯᠲᠡ ᠶᠢᠨ ᠬᠤᠷᠳᠤᠴᠠ ᠨᠢ ᠡᠮ᠎ᠡ ᠬᠤᠨᠢᠨ ᠤ ᠬᠢ ᠠᠴᠠ ᠬᠤᠷᠳᠤᠨ ᠤᠴᠢᠷ ᠠᠴᠠ ᠨᠠᠷᠢᠯᠢᠭ ᠪᠣᠷᠳᠤᠭ᠎ᠠ ᠶᠢ ᠢᠯᠡᠭᠦᠦ ᠰᠢᠭ  ᠢᠳᠡᠭᠦᠯᠦᠨ᠎ᠡ᠃ ᠪᠦᠳᠦᠭᠦᠯᠢᠭ ᠪᠣᠷᠳᠣᠭᠠᠨ ᠳᠤ ᠣᠨᠴᠠᠭᠠᠶᠢᠯᠠᠨ ᠴᠢᠨᠠᠷ ᠰᠠᠶᠢᠲᠠᠢ ᠬᠠᠭᠤᠷᠠᠢ ᠡᠪᠡᠰᠦ ᠂ ᠳᠠᠷᠤᠰᠢᠭᠤᠯᠤᠭᠰᠠᠨ ᠪᠣᠷᠳᠤᠭ᠎ᠠ ᠶᠢ ᠬᠡᠷᠡᠭᠯᠡᠪᠡᠯ ᠰᠠᠶᠢᠨ ᠃ ᠬᠤᠴᠠ ᠶᠢ ᠪᠣᠶᠢᠵᠢᠭᠤᠯᠬᠤ ᠳᠤ ᠪᠠᠰᠠ ᠬᠥᠳᠡᠯᠭᠡᠭᠡᠨ ᠢ  ᠴᠢᠩᠭᠠᠳᠬᠠᠬᠤ ᠬᠡᠷᠡᠭᠲᠡᠢ᠂ ᠥᠰᠦᠨ ᠪᠣᠶᠢᠵᠢᠬᠤ ᠳᠤ ᠠᠰᠢᠭᠲᠠᠢ ᠂ ᠡᠪᠡᠰᠦᠨ ᠤ ᠬᠡᠪᠡᠯᠢ ᠪᠠ ᠮᠠᠭᠤ ᠰᠢᠨᠤᠯ ᠡᠭᠦᠰᠬᠦ ᠠᠴᠠ ᠰᠡᠷᠭᠡᠶᠢᠯᠡᠬᠦ ᠬᠡᠷᠡᠭᠲᠡᠢ ᠃ ᠡᠭᠦᠨ ᠠᠴᠠ ᠭᠠᠳᠠᠨ᠎ᠠ ᠂ ᠬᠦᠢᠲᠡᠨ ᠢ ᠰᠡᠷᠭᠡᠶᠢᠯᠡᠨ ᠳᠤᠯᠠᠭᠠᠯᠠᠬᠤ  ᠶᠢ ᠠᠩᠬᠠᠷᠴᠤ ᠂ ᠥᠰᠦᠯᠲᠡ ᠪᠤᠶᠢᠵᠢᠯᠲᠠ ᠬᠠᠷᠰᠢᠯᠠᠭᠳᠠᠵᠤ ᠂ ᠦᠢᠯᠡᠳᠪᠦᠷᠢᠯᠡᠯ ᠤᠨ ᠴᠢᠳᠠᠪᠤᠷᠢ ᠶᠢ  ᠨᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号