6 ᠰᠠᠷ᠎ᠠ ᠶᠢᠨ 8 ᠤ ᠡᠳᠦᠷ ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ 3 ᠠᠵᠢᠯᠲᠠᠨ ᠰᠠᠶᠢᠬᠠᠨ ᠲᠣᠭᠤᠷᠢᠭ ᠤᠨ ᠠᠮᠤᠷ ᠲᠦᠪᠰᠢᠨ ᠤ | ᠲᠥᠪ ᠤᠨ ᠨᠥᠬᠦᠳ ᠲᠠᠢ ᠬᠠᠮᠲᠤᠷᠠᠨ ᠰᠠᠶᠢᠬᠠᠨ ᠲᠣᠭᠤᠷᠢᠭ ᠲᠤ ᠮᠠᠯ ᠵᠢᠭᠦᠷᠲᠡᠨ ᠤ ᠲᠥᠷᠥᠯ ᠤᠨ ᠪᠦᠲᠦᠭᠡᠭᠳᠡᠬᠦᠨ ᠢ | ᠰᠤᠭᠤᠴᠢᠨ ᠪᠠᠶᠢᠴᠠᠭᠠᠬᠤ ᠠᠵᠢᠯ ᠥᠷᠨᠢᠭᠦᠯᠪᠡ᠃ | | | | | ᠠᠵᠢᠯᠲᠠᠳ ᠶᠠᠭᠤᠨ ᠤ ᠡᠮᠦᠨ᠎ᠡ ᠵᠢᠶᠧ ᠵᠢᠩ ᠯᠦᠩ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ | ᠡᠷᠦᠬᠡ ᠠᠴᠠ ᠲᠠᠬᠢᠶᠠᠨ ᠥᠨᠳᠡᠭᠡᠨ ᠤ ᠥᠯᠢᠭᠡᠷ ᠡᠳ᠋ 5 ᠪᠦᠯᠦᠭ ᠤᠳᠠᠭ᠎ᠠ ᠠᠪᠴᠤ᠂ ᠯᠢ ᠶᠦᠩ ᠱᠧᠦ ᠥᠨᠳᠡᠭᠡᠨ | ᠲᠠᠬᠢᠶ᠎ᠠ ᠲᠡᠵᠢᠭᠡᠨ ᠦᠷᠡᠵᠢᠭᠦᠯᠬᠦ ᠡᠷᠦᠬᠡ ᠠᠴᠠ ᠲᠠᠬᠢᠶᠠᠨ ᠥᠨᠳᠡᠭᠡᠨ ᠤ ᠥᠯᠢᠭᠡᠷ ᠡᠳ᠋ 4 ᠪᠦᠯᠦᠭ ᠤᠳᠠᠭ᠎ᠠ ᠠᠪᠴᠤ᠂ | ᠯᠢᠦ ᠶᠦᠩ ᠫᠢᠩ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠡᠷᠦᠬᠡ ᠠᠴᠠ ᠲᠠᠬᠢᠶᠠᠨ ᠥᠨᠳᠡᠭᠡᠨ ᠤ ᠥᠯᠢᠭᠡᠷ | ᠡᠳ᠋ 4 ᠪᠦᠯᠦᠭ ᠤᠳᠠᠭ᠎ᠠ ᠠᠪᠤᠪᠠ᠂ ᠲᠣᠰ ᠤᠳᠠᠭᠠᠨ ᠤ ᠰᠤᠭᠤᠴᠢᠨ ᠪᠠᠶᠢᠴᠠᠭᠠᠯᠲᠠ ᠳᠤ 1 ᠡᠳᠦᠷ ᠤᠨ ᠴᠠᠭ | ᠬᠡᠷᠡᠭᠯᠡᠵᠦ᠂ ᠨᠡᠶᠢᠲᠡ 13 ᠪᠦᠯᠦᠭ ᠤᠳᠠᠭᠠᠨ ᠤ ᠥᠯᠢᠭᠡᠷ ᠡᠳ᠋ ᠠᠪᠤᠪᠠ ᠃ | | | | | ᠲᠣᠰ ᠤᠳᠠᠭᠠᠨ ᠤ ᠮᠠᠯ ᠵᠢᠭᠦᠷᠲᠡᠨ ᠤ ᠪᠦᠲᠦᠭᠡᠭᠳᠡᠬᠦᠨ ᠢ ᠵᠤᠷᠰᠢᠯ ᠶᠣᠰᠣᠭᠠᠷ ᠰᠤᠭᠤᠴᠢᠨ ᠪᠠᠶᠢᠴᠠᠭᠠᠬᠤ | ᠠᠵᠢᠯ ᠢᠶᠠᠷ ᠳᠠᠮᠵᠢᠭᠤᠯᠤᠨ ᠬᠥᠬᠡᠬᠤᠲᠠ ᠶᠢᠨ ᠮᠠᠯ ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠤᠯᠠᠮ ᠨᠢᠭᠡ ᠠᠯᠬᠤᠮ ᠠᠬᠢᠭᠤᠯᠵᠤ᠂ ᠲᠣᠮᠣ ᠳ᠋ᠠᠶᠢᠲ᠋ᠠ ᠶᠢᠨ ᠲᠠᠪᠴᠠᠩ ᠤᠨ ᠬᠢᠨᠠᠯᠲᠠ | ᠬᠠᠮᠢᠶᠠᠷᠤᠯᠲᠠ ᠪᠠᠷ ᠳᠠᠮᠵᠢᠭᠤᠯᠤᠨ ᠪᠠᠰᠠ ᠪᠦᠲᠦᠭᠡᠭᠳᠡᠬᠦᠨ ᠤ ᠤᠭ ᠦᠨᠳᠦᠰᠦ ᠶᠢ ᠨᠢ ᠡᠷᠢᠬᠦ ᠳᠤ ᠢᠳᠡᠪᠬᠢᠲᠡᠢ | ᠦᠢᠯᠡᠳᠦᠯ ᠦᠵᠡᠭᠦᠯᠪᠡ᠃ | ᠰᠢᠨᠵᠢᠯᠡᠬᠦ ᠤᠬᠠᠭᠠᠨ ᠮᠡᠷᠭᠡᠵᠢᠯᠲᠡᠳ ᠬᠥᠳᠡᠭᠡ ᠪᠠᠭᠤᠵᠤ ᠮᠠᠯ ᠵᠢᠭᠦᠷᠲᠡᠨ ᠢ ᠰᠤᠭᠤᠴᠢᠨ ᠪᠠᠶᠢᠴᠠᠭᠠᠬᠤ ᠠᠵᠢᠯ | ᠥᠷᠨᠢᠭᠦᠯᠬᠦ ᠶᠢᠨ ᠬᠠᠮᠲᠤ ᠪᠠᠰᠠ ᠲᠡᠵᠢᠭᠡᠨ ᠦᠷᠡᠵᠢᠭᠦᠯᠬᠦ ᠲᠠᠯᠠᠪᠠᠢ ᠶᠢᠨ ᠠᠵᠢᠯᠲᠠᠳ ᠲᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠂ ᠤᠯᠠᠨ ᠢᠶᠠᠷ ᠢᠶᠠᠨ ᠭᠠᠷ | ᠬᠤᠯᠪᠣᠯᠴᠠᠨ ᠤᠳᠤ ᠦᠶ᠎ᠡ ᠶᠢᠨ ᠪᠣᠯᠪᠠᠰᠤᠨ ᠬᠥᠮᠥᠨ ᠪᠣᠯᠬᠤ ᠪᠠᠷ ᠴᠢᠷᠮᠠᠶᠢᠵᠤ ᠂ ᠮᠠᠨ ᠤ ᠠᠮᠢᠳᠤᠷᠠᠯ ᠢᠶᠠᠨ ᠨᠡᠩ | ᠰᠠᠶᠢᠨ ᠰᠠᠶᠢᠬᠠᠨ ᠪᠣᠯᠭᠠᠪᠠ ᠃ | |