ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠵᠢᠴᠢ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/6/13
      6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠵᠢᠴᠢ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠪᠠᠰᠠ ᠱᠦᠵᠢ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠬᠤᠷᠢᠶ᠎ᠠ ᠶᠢᠨ 81 ᠳ᠋ᠤᠭᠡᠷ ᠤᠳᠠᠭᠠᠨ ᠤ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ ᠃
1.png
       ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠲᠢᠩᠬᠢᠮ ᠤᠨ ᠰᠢᠰᠲ᠋ᠧᠮ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠶᠢᠨ ᠬᠠᠶᠢᠷ᠎ᠠ ᠬᠠᠯᠠᠮᠵᠢ ᠪᠣᠯᠣᠨ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠪᠣᠳᠠᠲᠠᠢ ᠠᠵᠢᠯᠯᠠᠨ ᠲᠡᠷᠢᠭᠦᠨ ᠳᠤ ᠣᠷᠣᠬᠤ ᠪᠠᠷ ᠴᠢᠷᠮᠠᠶᠢᠵᠤ ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ ᠂ ᠪᠣᠳᠠᠲᠠᠢ ᠠᠳᠬᠤᠨ ᠰᠤᠷᠤᠯᠴᠠᠬᠤ ᠪᠠᠷ ᠰᠤᠷᠲᠠᠯ ᠢ ᠲᠥᠪ ᠪᠣᠯᠭᠠᠵᠤ ᠂ ᠯᠠᠪᠳᠠᠭᠤᠨ ᠪᠠᠲᠤᠲᠠᠢ ᠰᠤᠷᠤᠯᠴᠠᠬᠤ ᠰᠤᠷᠲᠠᠯ ᠪᠣᠯᠣᠨ ᠴᠠᠭᠠᠷᠠᠭᠰᠠᠨ ᠰᠤᠷᠲᠠᠯ ᠢᠶᠠᠷ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠤ ᠦᠨᠳᠦᠰᠦᠯᠡᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠲᠢᠩᠬᠢᠮ ᠤᠨ ᠳᠡᠭᠡᠳᠦ ᠳᠣᠣᠷᠠᠳᠤ ᠱᠠᠲᠤᠨ ᠤ ᠲᠡᠷᠢᠭᠦᠨ ᠴᠢᠬᠤᠯᠠ ᠶᠡᠭᠡ ᠶᠠᠪᠤᠳᠠᠯ ᠪᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ ᠂ ᠤᠯᠠᠨ ᠬᠡᠯᠪᠡᠷᠢ ᠶᠢᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠵᠤ ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠣᠷᠣᠭᠤᠯᠵᠤ ᠂ ᠤᠨᠤᠯ ᠢᠶᠠᠷ ᠵᠡᠪᠰᠡᠭᠯᠡᠬᠦ ᠶᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ ᠃ ᠡᠭᠦᠨ ᠤ ᠬᠠᠮᠲᠤ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠪᠠᠶᠢᠴᠠᠭᠠᠨ ᠰᠤᠳᠤᠯᠤᠯᠲᠠ ᠶᠢᠨ ᠲᠠᠯ᠎ᠠ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠬᠤᠷᠳᠤᠴᠠ ᠪᠠᠨ ᠲᠦᠷᠭᠡᠳᠬᠡᠵᠦ᠂ ᠳᠦᠷᠢᠮ ᠢ ᠲᠡᠭᠦᠯᠳᠡᠷᠵᠢᠭᠦᠯᠬᠦ ᠲᠠᠯ᠎ᠠ ᠪᠠᠷ ᠦᠷ᠎ᠡ ᠪᠦᠲᠦᠮᠵᠢ ᠭᠠᠷᠭᠠᠵᠤ᠂ ᠭᠤᠣᠯ ᠰᠡᠳᠦᠪᠲᠦ ᠬᠥᠮᠦᠵᠢᠯ ᠤᠨ ︽ᠠᠷᠪᠠᠨ ᠨᠢᠭᠡ ᠪᠦᠯᠦᠭ︾ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠦᠨᠡᠨᠬᠦ ᠬᠤᠪᠢᠷᠠᠭᠤᠯᠬᠤ ᠬᠡᠷᠡᠭᠲᠡᠢ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠭᠰᠡᠨ ᠰᠠᠭᠤᠷᠢᠨ ᠳᠡᠭᠡᠷ᠎ᠡ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠥᠨᠳᠥᠷ ᠦᠷ᠎ᠡ ᠠᠰᠢᠭᠲᠤ ᠲᠠᠷᠢᠶᠠᠯᠠᠩ ᠮᠠᠯ ᠠᠵᠤ ᠠᠬᠤᠢ᠂ ᠤᠰᠤ ᠠᠷᠪᠢᠯᠠᠬᠤ ᠠᠵᠤ ᠦᠢᠯᠡᠰ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠰᠠᠶᠢᠲᠤᠷ ᠠᠳᠬᠤᠵᠤ᠂ ᠪᠣᠬᠢᠷᠲᠤᠯ ᠦᠭᠡᠢ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠠᠮᠲᠤᠪᠠᠷ ᠪᠠᠶᠠᠵᠢᠭᠤᠯᠬᠤ ᠶᠢ ᠠᠬᠢᠭᠤᠯᠬᠤ ᠬᠡᠷᠡᠭᠲᠡᠢ ᠃ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠠᠯᠢᠰᠤ ᠂ ᠨᠢᠮᠪᠡᠭᠡ ᠶᠢ ᠰᠤᠳᠤᠯᠤᠨ ᠪᠣᠶᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ 1 ᠰᠢᠨ᠎ᠡ ᠲᠥᠰᠥᠯ + 1 ᠡᠬᠡ ᠲᠠᠩᠰᠠ + 1 ᠨᠠᠷᠢᠨ ᠲᠠᠩᠰᠠ + ᠮᠠᠰᠢ ᠣᠯᠠᠨ ᠲᠥᠰᠥᠯ + ᠮᠠᠰᠢ ᠣᠯᠠᠨ ᠲᠤᠬᠠᠢ ᠶᠢᠨ ᠲᠠᠯᠠᠪᠤᠷ ᠤᠨ ᠲᠣᠬᠢᠷᠠᠭᠤᠯᠤᠯᠲᠠ ᠶᠢᠨ ᠬᠤᠷᠠᠯ + ︽ᠵᠢᠷᠭᠤᠭᠠᠨ ᠨᠢᠭᠡ︾ ᠶᠢᠨ ᠠᠬᠢᠭᠤᠯᠬᠤ ᠲᠣᠭᠲᠠᠴᠠ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠬᠤ ᠪᠠᠷ ᠳᠡᠮᠵᠢᠨ᠂ ᠶᠡᠷᠦᠩᠬᠡᠢ ᠱᠦᠵᠢ ᠶᠢᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ ᠃
2.png
       ᠠᠯᠪᠠᠨ ᠳᠠᠭᠠᠨ ᠪᠠᠶᠢᠭ᠎ᠠ ᠲᠢᠩᠬᠢᠮ ᠤᠨ ᠤᠳᠤᠷᠢᠳᠤᠯᠭ᠎ᠠ ᠂ ᠶᠡᠷᠦᠩᠬᠡᠢ ᠢᠨᠵᠧᠨᠧᠷ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠂ ᠲᠢᠩᠬᠢᠮ ᠤᠨ ᠪᠠᠶᠢᠭᠤᠯᠤᠯᠭ᠎ᠠ ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号