ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ ︵2021︱2025 ᠣᠨ︶
ᠨᠡᠶᠢᠲᠡᠯᠡᠭᠰᠡᠨ ᠴᠠᠭ᠄
2023/6/13
      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ︵ᠳᠣᠷᠣᠭᠰᠢ ︽ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ︽︿ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠢᠯᠤᠭᠤᠳᠬᠤ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠡᠳ᠋ ᠤᠨ ᠵᠠᠰᠠᠭ ᠲᠠᠷᠢᠶᠠᠯᠠᠩ ﹇2021﹈ 82 ᠳ᠋ᠤᠭᠠᠷ ᠨᠣᠮᠧᠷ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ  ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ      2011 ᠣᠨ ᠠᠴᠠ ᠡᠬᠢᠯᠡᠨ᠂ ᠤᠯᠤᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠡᠷᠭᠡ 13 ᠮᠤᠵᠢ ᠣᠷᠣᠨ ᠳᠤ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠡᠬᠢᠯᠡᠨ ᠬᠡᠷᠡᠭᠵᠢᠭᠦᠯᠵᠦ᠂ ᠠᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢ ᠢᠯᠡᠳᠲᠡ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢ ᠢᠯᠡᠳᠲᠡ ᠨᠡᠮᠡᠭᠳᠡᠭᠦᠯᠦᠨ᠂ ᠠᠮᠢᠳᠤᠷᠠᠯ ᠤᠨ ᠬᠢᠷᠢ ᠬᠡᠮᠵᠢᠶ᠎ᠡ ᠶᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠶᠢ ᠬᠠᠮᠠᠭᠠᠯᠠᠬᠤ ᠶᠢᠨ ᠳᠤᠮᠳᠠ ᠬᠥᠭᠵᠢᠭᠦᠯᠵᠦ᠂ ᠨᠤᠲᠤᠭ ᠪᠡᠯᠴᠢᠭᠡᠷ ᠤᠨ ᠥᠪᠡᠷ ᠢ ᠪᠠᠨ ᠰᠢᠨᠡᠳᠬᠡᠨ ᠰᠡᠷᠭᠦᠭᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠶᠢ ᠲᠣᠭᠲᠠᠭᠤᠨ ᠢᠶᠠᠷ ᠴᠢᠩᠭᠠᠷᠠᠭᠤᠯᠪᠠ᠃      ᠨᠤᠲᠤᠭ ᠪᠡᠯᠴᠢᠭᠡᠷ ᠨᠢ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠯᠡᠭᠡ ᠶᠢᠨ ᠬᠤᠭᠤᠴᠠᠭᠠᠨ ᠳᠤ᠂ ᠤᠯᠤᠰ ᠠᠴᠠ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠨᠢᠭᠡᠳᠦᠯᠲᠡᠢ ᠲᠥᠯᠥᠪᠯᠡᠬᠦ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠶᠢᠨ ᠪᠣᠳᠠᠲᠠᠢ ᠢᠯᠡᠷᠡᠯ ᠮᠥᠨ︔ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠮᠠᠯᠴᠢᠨ ᠲᠠᠷᠢᠶᠠᠴᠢᠨ ᠤ ᠠᠮᠢᠳᠤᠷᠠᠯ ᠢ ᠰᠠᠶᠢᠵᠢᠷᠠᠭᠤᠯᠬᠤ᠂ ᠮᠠᠯ ᠪᠡᠯᠴᠢᠭᠡᠷ ᠤᠨ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠬᠤ ᠪᠠ ᠦᠷᠭᠦᠯᠵᠢᠯᠡᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠶᠢᠨ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠦᠨ ᠃ ᠪᠦᠬᠦ ᠣᠷᠣᠨ ᠢᠶᠠᠷ ᠢᠶᠠᠨ ᠠᠮᠢ ᠠᠬᠤᠢ ᠶᠢᠨ ᠪᠣᠯᠪᠠᠰᠤᠨ ᠢ ᠲᠦᠷᠭᠡᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠭᠠᠷᠳᠠᠵᠦ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠡᠬᠢᠯᠡᠨ ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠤᠨ᠂ ᠬᠠᠮᠵᠢᠯᠴᠠᠭ᠎ᠠ ᠪᠠᠨ ᠴᠢᠩᠭᠠᠳᠬᠠᠨ᠂ ᠡᠨᠡ ᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠡᠷᠬᠡᠪᠰᠢ ᠴᠢᠬᠤᠯᠠ ᠶᠡᠭᠡ ᠡᠭᠦᠷᠭᠡ ᠪᠣᠯᠭᠠᠨ ᠪᠣᠳᠠᠲᠠᠢ ᠪᠥᠭᠡᠳ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃      ᠬᠤᠶᠠᠷ᠂ ᠶᠡᠷᠦᠩᠬᠡᠢ ᠬᠠᠷᠠᠯᠲᠠ ᠬᠢᠭᠡᠳ ᠦᠨᠳᠦᠰᠦᠨ ᠵᠠᠷᠴᠢᠮ      ︵ᠨᠢᠭᠡ︶ ᠶᠡᠷᠦᠩᠬᠡᠢ ᠬᠠᠷᠠᠯᠲᠠ      ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 45% ᠣᠷᠴᠢᠮ ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠲᠣᠪᠣᠶᠢᠮ᠎ᠠ ᠪᠣᠯᠭᠠᠬᠤ ᠪᠠᠷ  ᠴᠢᠷᠮᠠᠶᠢᠬᠤ ᠬᠡᠷᠡᠭᠲᠡᠢ︔ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ︔ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠪᠠᠶᠢᠭᠠᠯᠢ ᠶᠢᠨ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠭᠤᠯᠵᠤ᠂ ᠡᠪᠡᠰᠦ ᠪᠡᠯᠴᠢᠭᠡᠷ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠦ᠂ ᠡᠬᠡ ᠤᠯᠤᠰ ᠤᠨ ᠤᠮᠠᠷᠠᠲᠤ ᠶᠢᠨ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃      ︵ᠬᠤᠶᠠᠷ︶ ᠦᠨᠳᠦᠰᠦᠨ ᠵᠠᠷᠴᠢᠮ      ᠨᠢᠭᠡ ᠳᠤ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠦᠢᠯᠡᠳᠪᠦᠷᠢᠯᠡᠯ ᠠᠮᠢ ᠠᠬᠤᠢ ᠶᠢ ᠣᠷᠭᠠᠨᠢᠭ ᠢᠶᠠᠷ ᠤᠶᠠᠯᠳᠤᠭᠤᠯᠬᠤ︾ ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠯ᠎ᠡ ᠵᠦᠢᠯ ᠤᠨ ᠬᠠᠮᠠᠭᠠᠯᠠᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠵᠦ᠂ ᠮᠠᠯᠵᠢᠬᠤ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠰᠠᠭᠤᠷᠢ ᠶᠢ ᠪᠠᠬᠢᠵᠢᠭᠦᠯᠦᠨ᠎ᠡ᠃      ᠬᠤᠶᠠᠷ ᠲᠤ ᠡᠷᠬᠡ ᠬᠠᠷᠢᠭᠤᠴᠠᠯᠭ᠎ᠠ ᠶᠢ ᠲᠣᠳᠣᠷᠬᠠᠢ ᠪᠠᠶᠢᠯᠭᠠᠵᠤ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠎ᠠ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠶᠢᠨ ︽ᠲᠠᠪᠤ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ︵ᠳᠣᠷᠣᠭᠰᠢ ᠬᠤᠰᠢᠭᠤ ᠰᠢᠶᠠᠨ ᠭᠡᠵᠦ ᠲᠣᠪᠴᠢᠯᠠᠨ᠎ᠠ︶ ᠳᠤ ᠬᠦᠷᠦᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠷᠢᠮᠲᠠᠯᠠᠨ᠂ ᠬᠤᠰᠢᠭᠤ ᠰᠢᠶᠠᠨ ᠢᠶᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠠ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠵᠤ᠂ ᠲᠥᠰᠥᠯ ᠢᠶᠠᠨ ᠨᠠᠷᠢᠯᠢᠭᠵᠢᠭᠤᠯᠤᠨ᠂ ᠱᠠᠲᠤ ᠳᠠᠷᠠᠭᠠᠯᠠᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠡᠭᠦᠷᠭᠡ ᠶᠢᠨ ᠭᠦᠢᠴᠡᠳᠬᠡᠬᠦ ᠲᠤᠭ᠎ᠠ ᠶᠢ ᠵᠠᠳᠠᠯᠤᠨ᠎ᠠ ᠃      ᠭᠤᠷᠪᠠ ᠳᠤ ᠲᠦᠷᠦ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠵᠤ᠂ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠲᠣᠭᠲᠠᠭᠤᠨ ᠪᠠᠶᠢᠯᠭᠠᠬᠤ᠂ ᠬᠦᠷᠲᠡᠭᠡᠯ ᠭᠥᠷᠳᠡᠬᠦ ᠬᠥᠮᠥᠰ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠰᠤᠯᠠᠷᠠᠭᠤᠯᠬᠤ ᠦᠭᠡᠢ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠢᠵᠢ ᠪᠦᠷᠢᠳᠦᠭᠦᠯᠬᠦ ᠪᠡᠯᠡ ᠮᠥᠩᠭᠦ ᠶᠢ ᠲᠠᠰᠤᠷᠠᠯᠲᠠ ᠦᠭᠡᠢ ᠲᠠᠩᠰᠠ ᠡᠪᠬᠡᠮᠡᠯ ᠲᠠᠢ ᠪᠠᠶᠢᠯᠭᠠᠬᠤ ᠶᠢ ᠪᠠᠲᠤᠯᠠᠵᠤ᠂ ᠡᠮᠦᠨᠡᠬᠢ ᠬᠤᠶᠠᠷ ᠡᠭᠡᠯᠵᠢ ᠶᠢᠨ ᠰᠠᠶᠢᠨ ᠠᠷᠭ᠎ᠠ ᠬᠡᠮᠵᠢᠶ᠎ᠡ ᠪᠠ ᠠᠷᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃      ᠳᠥᠷᠪᠡ ᠳᠤ ᠡᠪᠡᠰᠦ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠵᠤ᠂ ᠦᠷᠭᠦᠯᠵᠢᠯᠡᠨ ᠬᠥᠭᠵᠢᠭᠦᠯᠬᠦ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠲᠤᠬᠠᠢ ᠶᠢᠨ ᠭᠠᠵᠠᠷ ᠤᠨ ᠪᠡᠯᠴᠢᠭᠡᠷ ᠤᠨ ᠡᠬᠢ ᠪᠠᠶᠠᠯᠢᠭ ᠤᠨ ᠪᠤᠰᠤᠳᠴᠢ ᠪᠣᠳᠠᠲᠤ ᠪᠠᠶᠢᠳᠠᠯ ᠢ ᠬᠦᠨᠳᠦᠳᠬᠡᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠵᠤ᠂ ᠪᠠᠶᠢᠭᠠᠯᠢ ᠶᠢᠨ ᠨᠤᠲᠤᠭ ᠪᠡᠯᠴᠢᠭᠡᠷ ᠲᠤ ᠲᠣᠬᠢᠷᠠᠬᠤ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠨ᠎ᠠ᠃ᠲᠠᠪᠤ ᠳᠤ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂ ᠶᠠᠳᠠᠭᠤ   ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠯᠦᠭᠡ ᠬᠠᠷᠢᠯᠴᠠᠨ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠯᠦᠭᠡ ᠬᠠᠷᠢᠯᠴᠠᠨ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠤᠨ᠎ᠠ᠃      ᠵᠢᠷᠭᠤᠭ᠎ᠠ ᠳᠤ ᠢᠯᠡ ᠲᠣᠳᠣ ᠪᠠᠶᠢᠯᠭᠠᠬᠤ ᠶᠢ ᠪᠠᠷᠢᠮᠲᠠᠯᠠᠵᠤ᠂ ᠨᠦᠬᠦᠪᠦᠷᠢ ᠪᠠ ᠱᠠᠩᠨᠠᠯ ᠤᠨ ︽ᠲᠠᠪᠤ ᠶᠢ ᠡᠷᠦᠬᠡ ᠳᠤ ᠬᠦᠷᠭᠡᠬᠦ︾ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠶᠢ ᠢᠯᠡ ᠲᠣᠳᠣ ᠪᠠᠶᠢᠯᠭᠠᠬᠤ ᠶᠢ ᠪᠠᠷᠢᠮᠲᠠᠯᠠᠨ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠡᠯᠡ ᠮᠥᠩᠭᠦ ᠲᠠᠷᠬᠠᠭᠠᠬᠤ᠂ ᠳᠡᠩᠰᠡᠯᠡᠨ ᠺᠠᠷᠲᠯᠠᠬᠤ᠂ ᠦᠢᠯᠡᠴᠢᠯᠡᠭᠡᠨ ᠤ ᠵᠢᠯᠣᠭᠤᠳᠤᠯᠭ᠎ᠠ᠂ ᠬᠢᠨᠠᠯᠲᠠ ᠬᠠᠮᠢᠶᠠᠷᠤᠯᠲᠠ ᠶᠢᠨ ︽ᠲᠠᠪᠤ ᠶᠢ ᠡᠷᠦᠬᠡ ᠳᠤ ᠬᠦᠷᠭᠡᠬᠦ︾ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠶᠢ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ ᠳᠦᠷᠢᠮ ᠢ ᠲᠡᠷᠡ ᠬᠡᠪ ᠢᠶᠠᠷ ᠨᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠯᠡ ᠪᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃      ᠭᠤᠷᠪᠠ᠂ ᠬᠡᠷᠡᠭᠵᠢᠭᠦᠯᠬᠦ ᠬᠡᠪᠴᠢᠶ᠎ᠡ ᠪᠠ ᠬᠤᠪᠢᠶᠠᠷᠢ ᠣᠷᠣᠨ      ︵ᠨᠢᠭᠡ︶ ᠬᠡᠷᠡᠭᠵᠢᠭᠦᠯᠬᠦ ᠬᠡᠪᠴᠢᠶ᠎ᠡ      ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠨᠢ ᠪᠥᠬᠦ ᠣᠷᠣᠨ ᠤ 12 ᠠᠶᠢᠮᠠᠭ ᠬᠤᠳᠠ ᠪᠣᠯᠣᠨ 2 ᠠᠰ ᠲᠠᠭᠠᠨ ᠲᠥᠯᠥᠪᠯᠡᠭᠡ ᠬᠢᠬᠦ ᠬᠤᠳᠠ ᠳᠤ ᠬᠤᠯᠪᠣᠭᠳᠠᠵᠤ᠂ ᠨᠤᠲᠤᠭ ᠪᠡᠯᠴᠢᠭᠡᠷ  ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠲᠣᠭᠲᠠᠭᠰᠠᠨ ᠲᠠᠷᠢᠶᠠᠴᠢᠨ ᠮᠠᠯᠴᠢᠳ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠲᠠᠯᠠᠪᠠᠢ ᠶᠢᠨ ᠠᠵᠢᠯᠲᠠᠨ ᠪᠦᠬᠦᠨ ᠴᠥᠮ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃      ︵ᠬᠤᠶᠠᠷ︶ ᠣᠷᠣᠨ ᠬᠤᠪᠢᠶᠠᠬᠤ      ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠣᠷᠣᠨ ᠪᠦᠰᠡ ᠶᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠭᠡᠵᠦ ᠬᠤᠪᠢᠶᠠᠨ᠎ᠠ᠃      1. ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠃ ᠳᠣᠣᠷ᠎ᠠ ᠵᠢᠭᠰᠠᠭᠠᠭᠰᠠᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠭᠠᠨ᠎ᠠ᠄ ᠬᠦᠨᠳᠦ ᠰᠦᠷᠡᠬᠡᠢ ᠮᠠᠭᠤᠳᠠᠭᠰᠠᠨ᠂ ᠡᠯᠡᠰᠦᠵᠢᠭᠰᠡᠨ ᠨᠤᠲᠤᠭ ᠪᠡᠯᠴᠢᠭᠡᠷ︔ ᠪᠡᠯᠴᠢᠭᠡᠷᠯᠡᠭᠦᠯᠦᠨ ᠠᠰᠢᠭᠯᠠᠬᠤ ᠳᠤ ᠲᠣᠬᠢᠷᠠᠮᠵᠢ ᠦᠭᠡᠢ ᠳᠤᠮᠳᠠ ᠬᠡᠮᠵᠢᠶᠡᠨ ᠤ ᠮᠠᠭᠤᠳᠠᠭᠰᠠᠨ᠂ ᠡᠯᠡᠰᠦᠵᠢᠭᠰᠡᠨ ᠨᠤᠲᠤᠭ ᠪᠡᠯᠴᠢᠭᠡᠷ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ︔ ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠᠲᠠᠢ ᠨᠤᠲᠤᠭ ᠪᠡᠯᠴᠢᠭᠡᠷ᠃      2. ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ  ᠠᠴᠠ ᠭᠠᠳᠠᠨᠠᠬᠢ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ ᠪᠡᠯᠴᠢᠭᠡᠷᠯᠡᠭᠦᠯᠬᠦ ᠳᠤ ᠲᠣᠬᠢᠷᠠᠬᠤ ᠬᠡᠮᠵᠢᠶ᠎ᠡ ᠶᠢ ᠬᠢᠨᠠᠨ ᠲᠣᠭᠲᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠣᠯᠭᠠᠨ ᠬᠤᠪᠢᠶᠠᠷᠢᠯᠠᠨ ᠲᠤᠭᠳᠠᠭᠠᠨ᠎ᠠ ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠡᠯᠴᠢᠭᠡᠷ ᠰᠡᠷᠭᠦᠭᠡᠬᠦ ᠳᠦᠷᠢᠮ ᠢ ᠬᠡᠷᠡᠭᠵᠢᠭᠦᠯᠵᠦ᠂ ᠪᠡᠯᠴᠢᠭᠡᠷ ᠬᠤᠪᠢᠶᠠᠨ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠨᠤᠲᠤᠭ ᠪᠡᠯᠴᠢᠭᠡᠷ ᠢ ᠦᠷᠭᠦᠯᠵᠢᠯᠡᠨ ᠠᠰᠢᠭᠯᠠᠬᠤ ᠳᠤ ᠠᠯᠬᠤᠮ ᠠᠯᠬᠤᠮ ᠢᠶᠠᠷ ᠬᠦᠷᠦᠭᠦᠯᠦᠨ᠎ᠡ᠃      ᠳᠥᠷᠪᠡ᠂ ᠨᠥᠬᠦᠪᠦᠷᠢ ᠪᠠ ᠱᠠᠩᠨᠠᠯ ᠤᠨ ᠠᠭᠤᠯᠭ᠎ᠠ      ︵ᠨᠢᠭᠡ︶ ᠤᠯᠤᠰ ᠤᠨ ᠲᠦᠷᠦ ᠶᠢᠨ ᠪᠣᠳᠣᠯᠭ᠎ᠠ      1. ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠭᠰᠠᠨ ᠱᠠᠩᠨᠠᠯ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠤᠨ ᠳᠠᠭᠠᠭᠠᠴᠠ ᠶᠢ ᠨᠢ ᠦᠨᠳᠦᠰᠦᠯᠡᠨ ᠵᠦᠢ ᠵᠣᠬᠢᠰᠲᠠᠢ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯ ᠤᠨ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠲᠠᠯᠠᠪᠠᠢ ᠶᠢᠨ ᠠᠵᠢᠯᠲᠠᠳ ᠲᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠱᠠᠩᠨᠠᠯ ᠣᠯᠭᠤᠬᠤ ᠬᠡᠷᠡᠭᠲᠡᠢ᠃      2. ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ᠶᠢᠨ ᠠᠵᠢᠯᠲᠠᠳ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠣᠯᠭᠤᠨ᠎ᠠ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ      ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ ᠦᠷᠭᠦᠯᠵᠢᠯᠡᠨ ᠵᠣᠬᠢᠬᠤ ᠬᠡᠮᠵᠢᠶᠡᠨ ᠤ ᠪᠡᠯᠡ ᠮᠥᠩᠭᠦ ᠲᠣᠬᠢᠷᠠᠭᠤᠯᠵᠤ ᠨᠤᠲᠤᠭ ᠪᠡᠯᠴᠢᠭᠡᠷ ᠢ ᠬᠠᠮᠢᠶᠠᠷᠴᠤ ᠬᠠᠮᠠᠭᠠᠯᠠᠬᠤ ᠨᠥᠬᠦᠪᠦᠷᠢ᠂ ᠮᠠᠯ ᠠᠵᠤ ᠠᠬᠤᠢ ᠶᠢᠨ ᠰᠠᠶᠢᠨ ᠦᠷ᠎ᠡ ᠶᠢᠨ ᠨᠥᠬᠦᠪᠦᠷᠢ᠂ ᠲᠠᠷᠢᠶᠠᠯᠠᠩ ᠤᠨ ᠮᠠᠰᠢᠨ ᠤ ᠨᠥᠬᠦᠪᠦᠷᠢ ᠳᠤ ᠬᠡᠷᠡᠭᠯᠡᠬᠦ ᠬᠡᠷᠡᠭᠲᠡᠢ᠃      ᠲᠠᠪᠤ᠂ ᠡᠭᠦᠷᠭᠡ ᠶᠢ ᠨᠠᠶᠢᠳᠠᠪᠤᠷᠢᠵᠢᠭᠤᠯᠬᠤ ᠪᠠ ᠪᠡᠯᠡ ᠮᠥᠩᠭᠦ ᠶᠢ ᠬᠤᠪᠢᠶᠠᠷᠢᠯᠠᠬᠤ      ︵ᠨᠢᠭᠡ︶ ᠡᠭᠦᠷᠭᠡ ᠶᠢ ᠨᠠᠶᠢᠳᠠᠪᠤᠷᠢᠵᠢᠭᠤᠯᠬᠤ      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ  ᠶᠢ ᠬᠤᠶᠠᠳᠤᠭᠠᠷ ᠡᠭᠡᠯᠵᠢ ᠶᠢᠨ ᠨᠠᠶᠢᠳᠠᠪᠤᠷᠢᠵᠢᠭᠤᠯᠤᠭᠰᠠᠨ ᠲᠠᠯᠠᠪᠠᠶ ᠪᠠᠷ ᠰᠠᠭᠤᠷᠢ ᠪᠣᠯᠭᠠᠨ ᠬᠠᠮᠠᠭᠠᠯᠠᠬᠤ ᠡᠭᠦᠷᠭᠡ ᠶᠢᠨ ᠬᠡᠮᠵᠢᠶ᠎ᠡ ᠶᠢ ᠲᠣᠭᠲᠠᠭᠠᠨ᠎ᠠ᠃      ︵ᠬᠤᠶᠠᠷ︶ ᠪᠡᠯᠡ ᠮᠥᠩᠭᠦ ᠶᠢᠨ ᠬᠤᠪᠢᠶᠠᠷᠢᠯᠠᠯᠲᠠ      ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠲᠤᠰᠠᠯᠠᠵᠤ ᠱᠠᠩᠨᠠᠬᠤ ᠪᠠᠷᠢᠮᠵᠢᠶ᠎ᠠ ᠬᠢᠭᠡᠳ ᠡᠯ᠎ᠡ ᠠᠶᠢᠮᠠᠭ ᠬᠤᠳᠠ ᠶᠢᠨ ᠪᠠᠷᠢᠮᠵᠢᠶ᠎ᠠ ᠮᠦ ᠶᠢᠨ ᠢᠯᠡᠳᠬᠡᠮᠵᠢ ᠪᠣᠯᠣᠨ ᠡᠭᠦᠷᠭᠡ ᠪᠠᠨ ᠪᠡᠶᠡᠯᠡᠭᠦᠯᠦᠭᠰᠡᠨ ᠲᠠᠯᠠᠪᠠᠢ ᠶᠢ ᠦᠨᠳᠦᠰᠦᠯᠡᠨ᠂ ᠡᠯ᠎ᠡ ᠠᠶᠢᠮᠠᠭ ᠬᠤᠳᠠ ᠶᠢᠨ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠶᠢ ᠲᠥᠰᠥᠭᠡᠯᠡᠨ ᠪᠤᠳᠤᠨ᠎ᠠ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠡᠷᠡᠭᠵᠢᠭᠦᠯᠬᠦ ᠭᠤᠣᠯ ᠴᠣᠭᠴᠠ ᠶᠢ ᠲᠣᠳᠣᠷᠬᠠᠶᠢᠯᠠᠨ᠎ᠠ      ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠳᠤ ᠪᠡᠯᠡ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠶᠢᠨ ︽ᠲᠠᠪᠤ ᠶᠢ ᠠᠶᠢᠮᠠᠭ ᠬᠤᠲᠠ᠂ ᠬᠤᠰᠢᠭᠤ ᠰᠢᠶᠠᠨ ᠳᠤ ᠬᠦᠷᠭᠡᠬᠦ︾ ᠵᠠᠷᠴᠢᠮ ᠢ ᠪᠠᠷᠢᠮᠲᠠᠯᠠᠵᠤ᠂ ᠬᠤᠰᠢᠭᠤ ᠰᠢᠶᠠᠨ ᠢᠶᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠠ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠨ᠎ᠠ᠃ ᠠᠶᠢᠮᠠᠭ ᠬᠤᠳᠠ ᠨᠤᠭᠤᠳ ᠬᠤᠰᠢᠭᠤ ᠰᠢᠶᠠᠨ ᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠤᠭᠰᠠᠨ ᠰᠠᠭᠤᠷᠢᠨ ᠳᠡᠭᠡᠷ᠎ᠡ᠂ ᠰᠢᠮᠳᠠᠭᠤᠯᠤᠨ ᠪᠠᠶᠢᠴᠠᠭᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠨ᠂ ᠪᠣᠳᠠᠲᠠᠢ ᠠᠳᠬᠤᠵᠤ᠂ ᠬᠤᠰᠢᠭᠤ ᠰᠢᠶᠠᠨ ᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠶᠠᠩᠵᠤ ᠶᠢ ᠨᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠤᠯᠤᠰ ᠤᠨ ᠮᠠᠯᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠮᠠᠯᠴᠢᠨ ᠲᠠᠷᠢᠶᠠᠴᠢᠳ ᠲᠤ ᠲᠤᠰᠢᠶᠠᠨ ᠦᠭᠭᠦᠨ᠎ᠡ ᠃      ︵ᠬᠤᠶᠠᠷ︶ ︽ᠳᠡᠭᠡᠳᠦ ᠲᠠᠯ᠎ᠠ ᠶᠢ ᠨᠢ ᠬᠢᠵᠠᠭᠠᠷᠯᠠᠨ ᠰᠠᠭᠤᠷᠢ ᠲᠠᠯ᠎ᠠ ᠶᠢ ᠪᠠᠲᠤᠯᠠᠬᠤ︾ ᠠᠷᠭ᠎ᠠ ᠬᠡᠮᠵᠢᠶ᠎ᠡ ᠶᠢ ᠠᠪᠴᠤ᠂ ᠲᠠᠷᠢᠶᠠᠴᠢᠨ ᠮᠠᠯᠴᠢᠳ ᠲᠤ ᠲᠡᠩᠴᠡᠭᠦᠷᠢᠲᠡᠢ ᠠᠰᠢᠭ ᠬᠦᠷᠲᠡᠭᠡᠬᠦ ᠶᠢ ᠪᠡᠶᠡᠯᠡᠭᠦᠯᠦᠨ᠎ᠡ᠃      ᠨᠥᠬᠦᠪᠦᠷᠢ ᠶᠢᠨ ᠲᠤᠭ᠎ᠠ ᠬᠡᠮᠵᠢᠶ᠎ᠡ ᠨᠢ ᠬᠡᠲᠦ ᠥᠨᠳᠥᠷ ᠠᠴᠠ ᠪᠣᠯᠵᠤ ︽ᠲᠣᠮᠣ ᠡᠷᠦᠬᠡ ᠪᠠᠶᠢᠭᠤᠯᠬᠤ︾ ᠪᠠ ᠨᠥᠬᠦᠪᠦᠷᠢ ᠨᠢ ᠬᠡᠲᠦ ᠪᠠᠭ᠎ᠠ ᠠᠴᠠ ᠪᠣᠯᠵᠤ ᠮᠠᠯᠴᠢᠨ ᠲᠠᠷᠢᠶᠠᠴᠢᠨ ᠤ ᠠᠮᠢᠳᠤᠷᠠᠯ ᠢ ᠨᠥᠯᠥᠭᠡᠯᠡᠬᠦ ᠦᠵᠡᠭᠳᠡᠯ ᠭᠠᠷᠬᠤ  ᠠᠴᠠ ᠵᠠᠶᠢᠯᠠᠰᠬᠢᠬᠦ ᠬᠡᠷᠡᠭᠲᠡᠢ᠃ ᠳᠡᠭᠡᠳᠦ ᠬᠢᠵᠠᠭᠠᠷ ᠤᠨ ᠪᠠᠷᠢᠮᠵᠢᠶ᠎ᠠ ᠶᠢ ᠲᠣᠰ ᠭᠠᠵᠠᠷ ᠣᠷᠣᠨ ᠤ ᠳᠡᠭᠡᠷ᠎ᠡ ᠬᠠᠭᠠᠰ ᠵᠢᠯ ᠤᠨ ᠮᠠᠯᠴᠢᠨ ᠲᠠᠷᠢᠶᠠᠴᠢᠨ ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠪᠠᠷ ᠯᠠᠪᠯᠠᠯᠲᠠ ᠪᠣᠯᠭᠠᠨ ᠬᠢᠵᠠᠭᠠᠷᠯᠠᠵᠤ ᠪᠣᠯᠣᠨ᠎ᠠ᠃ ᠡᠭᠦᠨ ᠤ ᠬᠠᠮᠲᠤ ᠪᠠᠰᠠ ᠲᠤᠰ ᠭᠠᠵᠠᠷ ᠣᠷᠣᠨ ᠤ ᠡᠳ᠋ ᠤᠨ ᠬᠦᠴᠦᠨ ᠢ ᠦᠨᠳᠦᠰᠦᠯᠡᠨ᠂ ᠮᠠᠯᠵᠢᠬᠤ ᠣᠷᠣᠨ ᠤ ᠮᠠᠯᠵᠢᠬᠤ ᠶᠢ ᠴᠠᠭᠠᠵᠠᠯᠠᠬᠤ ᠮᠠᠯᠴᠢᠨ ᠲᠠᠷᠢᠶᠠᠴᠢᠳ ᠤᠨ ᠰᠠᠭᠤᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠬᠡᠷᠡᠭᠲᠡᠢ᠃ ᠳᠡᠭᠡᠳᠦ ᠲᠠᠯ᠎ᠠ ᠶᠢ ᠨᠢ ᠬᠢᠵᠠᠭᠠᠷᠯᠠᠨ ᠰᠠᠭᠤᠷᠢ ᠲᠠᠯ᠎ᠠ ᠶᠢ ᠪᠠᠲᠤᠯᠠᠬᠤ ᠪᠣᠳᠠᠲᠠᠢ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠨᠤᠭᠤᠳ ᠲᠣᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠪᠡᠯᠴᠢᠭᠡᠷ ᠤᠨ ᠲᠠᠯᠠᠪᠠᠢ ᠨᠢ ᠪᠠᠭ᠎ᠠ ᠭᠠᠵᠠᠷ ᠣᠷᠣᠨ ᠳᠤ ᠨᠥᠬᠦᠪᠦᠷᠢ ᠥᠭᠬᠦ ᠱᠠᠩᠨᠠᠬᠤ ᠪᠠᠷᠢᠮᠵᠢᠶ᠎ᠠ ᠶᠢ ᠵᠣᠬᠢᠰᠲᠠᠢ ᠪᠠᠷ ᠳᠡᠭᠡᠭᠰᠢᠯᠡᠭᠦᠯᠵᠦ ᠪᠣᠯᠣᠨ᠎ᠠ᠃      ︵ᠭᠤᠷᠪᠠ︶ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠦᠯᠡᠳᠡᠪᠦᠷᠢ ᠪᠡᠯᠡ ᠮᠥᠩᠭᠦ ᠶᠢ ᠰᠠᠶᠢᠲᠤᠷ ᠠᠰᠢᠭᠯᠠᠨ᠎ᠠ᠃      ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠦᠯᠡᠳᠡᠪᠦᠷᠢ ᠪᠡᠯᠡ ᠮᠥᠩᠭᠦ ᠶᠢᠨ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ ᠪᠣᠳᠠᠲᠠᠢ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠨ᠎ᠡ ᠃      ︵ᠳᠥᠷᠪᠡ︶ ᠪᠡᠯᠡ ᠮᠥᠩᠭᠦ ᠶᠢᠨ ᠬᠠᠮᠢᠶᠠᠷᠤᠯᠲᠠ ᠶᠢ  ᠴᠢᠩᠭᠠᠷᠠᠭᠤᠯᠤᠨ᠎ᠠ ᠃      ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠶᠢ ᠬᠡᠷᠡᠭᠵᠢᠭᠦᠯᠦᠭᠰᠡᠨ ᠤ ᠳᠠᠷᠠᠭ᠎ᠠ ᠨᠥᠬᠦᠪᠦᠷᠢ ᠪᠠ ᠱᠠᠩᠨᠠᠯ ᠣᠯᠭᠤᠵᠤ᠂ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠨᠢᠭᠡ ᠺᠠᠷᠲ ᠢᠶᠠᠷ ᠨᠡᠪᠲᠡᠷᠡᠬᠦ︾ ᠪᠤᠶᠤ ︽ᠨᠢᠭᠡ ᠨᠤᠭᠤᠯᠵᠤ ᠨᠡᠪᠲᠡᠷᠡᠬᠦ︾ ᠪᠠᠷ ᠳᠠᠮᠵᠢᠭᠤᠯᠤᠨ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠲᠤᠬᠠᠢ ᠶᠢᠨ ᠵᠢᠯ ᠳᠤ ᠮᠠᠯᠴᠢᠨ ᠲᠠᠷᠢᠶᠠᠴᠢᠳ ᠲᠤ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠭᠤᠬᠤ ᠶᠢᠨ ᠬᠠᠮᠲᠤ᠂ ᠺᠠᠷᠲ ᠤᠨ ᠨᠤᠭᠤᠯᠤᠭᠠᠨ ᠳᠤ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠢ᠃ ᠪᠡᠯᠡ ᠮᠥᠩᠭᠦ ᠲᠠᠷᠬᠠᠭᠠᠬᠤ ᠳᠤ ᠭᠠᠴᠠᠭ᠎ᠠ ᠲᠣᠰᠬᠤᠨ ᠤ ᠱᠠᠲᠤᠨ ᠤ ᠢᠯᠡ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ  ᠶᠢ ᠬᠦᠯᠢᠶᠡᠬᠦ ᠬᠡᠷᠡᠭᠲᠡᠢ᠃ ᠠᠶᠢᠮᠠᠭ ᠬᠤᠲᠠ ᠬᠤᠰᠢᠭᠤ ᠰᠢᠶᠠᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠥᠷᠥ ᠶᠢᠨ ᠪᠣᠳᠣᠯᠭ᠎ᠠ ᠶᠢᠨ ᠡᠭᠦᠷᠭᠡ ᠪᠠ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠠᠪᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ︔ ᠣᠨᠴᠠᠭᠠᠢ ᠪᠠᠶᠢᠳᠠᠯ   ᠠᠴᠠ ᠪᠣᠯᠵᠤ ᠪᠣᠶ ᠪᠣᠯᠤᠭᠰᠠᠨ ᠨᠥᠬᠦᠪᠦᠷᠢ ᠪᠠ ᠱᠠᠩᠨᠠᠯ ᠤᠨ ᠦᠯᠡᠳᠡᠪᠦᠷᠢ ᠪᠡᠯᠡ ᠮᠥᠩᠭᠦ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠨ᠎ᠡ᠃ ᠡᠯ᠎ᠡ ᠠᠶᠢᠮᠠᠭ ᠬᠤᠲᠠ ᠨᠤᠭᠤᠳ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦᠨ ᠤ ᠰᠠᠯᠠᠭ᠎ᠠ ᠮᠥᠴᠢᠷ ᠲᠤ ᠳᠡᠭᠡᠷ᠎ᠡ ᠵᠢᠯ ᠤᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃      ︵ᠲᠠᠪᠤ︶ ᠤᠯᠤᠰ ᠤᠨ ᠠᠯᠪᠠᠨ ᠲᠤᠰᠢᠶᠠᠯᠲᠠᠨ ᠤ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠠᠤᠯᠢ ᠪᠤᠰᠤ ᠪᠠᠷ ᠭᠥᠷᠳᠡᠬᠦ ᠶᠢ ᠴᠢᠩᠭ᠎ᠠ ᠴᠠᠭᠠᠵᠠᠯᠠᠨ᠎ᠠ᠃      ᠤᠯᠤᠰ ᠤᠨ ᠠᠯᠪᠠᠨ ᠲᠤᠰᠢᠶᠠᠯᠲᠠᠨ ᠤ ᠡᠷᠬᠡ ᠲᠤᠰᠢᠶᠠᠯ ᠢᠶᠠᠨ ᠠᠰᠢᠭᠯᠠᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢ ᠡᠷᠡᠰ ᠴᠠᠭᠠᠵᠠᠯᠠᠬᠤ ᠶᠢᠨ ᠬᠠᠮᠲᠤ ᠶᠠᠮᠠᠷᠪᠠ ᠬᠡᠯᠪᠡᠷᠢ ᠪᠠᠷ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠡᠵᠡᠯᠡᠬᠦ ᠶᠢ ᠴᠠᠭᠠᠵᠠᠯᠠᠨ᠎ᠠ ᠃      ︵ᠵᠢᠷᠭᠤᠭ᠎ᠠ︶ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠣᠷᠣᠭᠤᠯᠬᠤ ᠪᠠ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ  ᠬᠢᠨ᠎ᠡ ᠃      ᠨᠤᠲᠤᠭ ᠪᠡᠯᠴᠢᠭᠡᠷ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠬᠡᠷᠡᠭᠯᠡᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠪᠠ ᠱᠠᠩᠨᠠᠯ  ᠢ ᠬᠠᠷᠭᠤᠭᠤᠯᠤᠨ ᠬᠢᠨᠠᠨ᠎ᠠ ᠃ ᠡᠯ᠎ᠡ ᠭᠠᠵᠠᠷ ᠣᠷᠣᠨ ᠨᠤᠭᠤᠳ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ  ᠲᠡᠭᠦᠯᠳᠡᠷᠵᠢᠭᠦᠯᠦᠨ᠎ᠡ ᠃ ᠲᠤᠭ᠎ᠠ ᠪᠠᠷᠢᠮᠲᠠ ᠶᠢ ᠣᠷᠣᠭᠤᠯᠬᠤ ᠪᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠶᠢᠨ ᠪᠡᠯᠡᠨ ᠵᠣᠭᠤᠰ ᠰᠣᠯᠢᠵᠤ ᠥᠭᠬᠦ ᠴᠠᠭ ᠯᠤᠭ᠎ᠠ ᠵᠡᠷᠭᠡ ᠪᠠᠷ᠂ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠣᠷᠣᠭᠤᠯᠬᠤ ᠶᠢ ᠦᠨᠡᠨ ᠬᠦ ᠪᠠᠲᠤᠯᠠᠵᠤ᠂ ᠪᠣᠳᠠᠲᠠᠢ ᠪᠡᠯᠡᠨ ᠵᠣᠭᠤᠰ ᠰᠣᠯᠢᠵᠤ ᠥᠭᠬᠦ ᠪᠡᠯᠡ ᠮᠥᠩᠭᠦ ᠯᠦᠭᠡ ᠨᠡᠶᠢᠴᠡᠬᠦ ᠶᠢ ᠦᠨᠡᠨ ᠬᠦ  ᠪᠠᠲᠤᠯᠠᠵᠤ᠂ ᠲᠤᠭ᠎ᠠ ᠪᠠᠷᠢᠮᠲᠠ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠳᠤᠯᠠᠨ᠎ᠠ ᠃      ︵ᠳᠣᠯᠤᠭ᠎ᠠ︶ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ᠨᠤᠲᠤᠭ ᠪᠡᠯᠴᠢᠭᠡᠷ ᠢ ᠲᠦᠷᠢᠶᠡᠰᠦᠯᠡᠭᠦᠯᠬᠦ ᠳᠤ ᠬᠢᠨᠠᠨ ᠬᠠᠮᠢᠶᠠᠷᠬᠤ ᠳᠤ ᠬᠦᠴᠢᠷᠲᠡᠢ ᠪᠠᠶᠢᠬᠤ ᠠᠰᠠᠭᠤᠳᠠᠯ ᠢ ᠦᠨᠡᠨ ᠬᠦ ᠰᠡᠶᠢᠳᠪᠦᠷᠢᠯᠡᠨ᠎ᠡ ᠃      ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠤᠭᠰᠠᠨ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠶᠢ ᠤᠤᠯ ᠤᠨ ᠳᠠᠭᠠᠭᠠᠴᠢᠯᠠᠭᠴᠢ ᠠᠴᠠ ᠠᠪᠤᠨ᠎ᠠ ᠃ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠤᠭᠠᠳᠤᠢ ᠨᠢᠭᠡᠨᠲᠡ ᠡᠷᠭᠢᠯᠲᠡ ᠳᠤ ᠣᠷᠣᠭᠤᠯᠤᠭᠰᠠᠨ ᠪᠡᠯᠴᠢᠭᠡᠷ ᠲᠤ ᠲᠤᠬᠠᠢ ᠶᠢᠨ ᠵᠢᠯ ᠤᠨ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠣᠯᠭᠤᠬᠤ ᠶᠢ ᠵᠣᠭᠰᠣᠭᠠᠭᠰᠠᠨ ᠢ ᠣᠯᠵᠤ ᠮᠡᠳᠡᠪᠡᠯ᠂ ᠳᠠᠩᠰᠠᠯᠠᠭᠰᠠᠨ ᠤ ᠳᠠᠷᠠᠭ᠎ᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢ ᠭᠦᠢᠴᠡᠳᠬᠡᠬᠦ ᠶᠢ ᠪᠠᠶᠢᠴᠠᠭᠠᠨ ᠲᠣᠳᠣᠯᠠᠭᠰᠠᠨ ᠤ ᠬᠠᠮᠲᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠪᠠᠶᠢᠪᠠᠯ᠂ ᠰᠡᠷᠭᠦᠭᠡᠨ ᠣᠯᠭᠤᠵᠤ ᠪᠣᠯᠣᠨ᠎ᠠ᠃ ᠬᠡᠷᠪᠡ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠪᠠ ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠲᠤᠬᠠᠢ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠬᠦ  ᠬᠢᠷᠢ ᠬᠡᠮ ᠢ ᠬᠦᠴᠦᠨ ᠦᠭᠡᠢ ᠪᠣᠯᠭᠠᠬᠤ ᠬᠡᠷᠡᠭᠲᠡᠢ᠃      ︵ᠨᠠᠢᠮᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠠᠪᠰᠠᠷᠯᠠᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠡᠯ᠎ᠡ ᠱᠠᠲᠤᠨ ᠤ ᠬᠢᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠠᠪᠰᠠᠷᠯᠠᠬᠤ ᠳᠦᠷᠢᠮ ᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠠᠪᠰᠠᠷᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠠᠪᠰᠠᠷᠯᠠᠬᠤ ᠠᠵᠢᠯ ᠢ ᠪᠣᠳᠠᠲᠠᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠠᠪᠰᠠᠷᠯᠠᠬᠤ ᠠᠵᠢᠯ ᠢ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠶᠢᠰᠦ︶ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠳᠦᠷᠢᠮ ᠢ ᠬᠡᠷᠡᠭᠵᠢᠭᠦᠯᠵᠦ᠂ ᠲᠣᠣᠷᠵᠢᠭᠤᠯᠤᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃      ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠲᠣᠬᠢᠷᠠᠭᠤᠯᠵᠤ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠠᠪᠰᠠᠷᠯᠠᠬᠤ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ︵ᠠᠷᠪᠠ︶ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠲᠠᠭᠠᠨ ᠰᠢᠨᠵᠢᠯᠡᠬᠦ ᠤᠬᠠᠭᠠᠨᠴᠢ ᠪᠥᠭᠡᠳ ᠴᠢᠩᠭ᠎ᠠ ᠨᠢᠮᠪᠠᠢ ᠪᠠᠶᠢᠬᠤ ᠬᠡᠷᠡᠭᠲᠡᠢ᠃      ᠵᠠᠷᠴᠢᠮ ᠳᠡᠭᠡᠷ᠎ᠡ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠳᠤ ᠳᠠᠭᠠᠭᠠᠴᠢᠯᠠᠬᠤ ᠨᠢᠭᠡᠴᠢ ᠪᠠᠷ ᠶᠠᠪᠤᠭᠳᠠᠭᠤᠯᠬᠤ ᠬᠡᠷᠡᠭᠲᠡᠢ᠂ ᠲᠥᠪᠯᠡᠷᠡᠨ ᠵᠠᠯᠭᠠᠯᠳᠤᠭᠰᠠᠨ᠂ ᠠᠳᠠᠯᠢ ᠨᠢᠭᠡ ᠡᠷᠬᠡ ᠶᠢᠨ ᠬᠠᠷᠢᠶ᠎ᠠ ᠪᠦᠬᠦᠢ ᠨᠤᠲᠤᠭ ᠪᠡᠯᠴᠢᠭᠡᠷ ᠳᠡᠭᠡᠷ᠎ᠡ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠠᠶᠢᠬᠤ ᠮᠥᠷᠲᠡᠭᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠᠶᠢᠵᠤ ᠪᠣᠯᠬᠤ ᠦᠭᠡᠢ᠂ ᠭᠡᠪᠡᠴᠦ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠭᠤᠣᠯ ᠣᠷᠣᠨ᠂ ᠴᠢᠬᠤᠯᠠ ᠴᠢᠭᠢᠭᠯᠢᠭ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠤᠨ ᠣᠷᠣᠨ ᠡᠭᠦᠨ ᠳᠤ ᠪᠠᠭᠲᠠᠬᠤ ᠦᠭᠡᠢ᠃      ︵ᠠᠷᠪᠠᠨ ᠨᠢᠭᠡ︶ ᠡᠯ᠎ᠡ ᠠᠶᠢᠮᠠᠭ ᠬᠤᠲᠠ ᠶᠢᠨ ᠭᠠᠵᠠᠷ ᠣᠷᠣᠨ ᠤ ᠪᠣᠳᠠᠲᠠᠢ ᠪᠠᠨ ᠦᠨᠳᠦᠰᠦᠯᠡᠨ᠂ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠬᠤ ᠶᠢ ᠵᠣᠷᠢᠭᠵᠢᠭᠤᠯᠤᠨ᠎ᠠ᠃      ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ᠂ ᠪᠦᠷᠢᠨ ᠭᠦᠢᠴᠡᠳ ᠡᠵᠡᠮᠰᠢᠭᠰᠡᠨ ᠰᠠᠭᠤᠷᠢᠨ ᠳᠡᠭᠡᠷ᠎ᠡ᠂ ᠡᠯ᠎ᠡ ᠭᠠᠵᠠᠷ  ᠤᠨ ᠬᠢᠨ ᠤ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠪᠡᠯᠡ ᠮᠥᠩᠭᠦ ᠣᠯᠭᠤᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ᠂ ᠨᠥᠬᠦᠪᠦᠷᠢ ᠪᠠ ᠱᠠᠩᠨᠠᠯ ᠤᠨ ᠪᠠᠷᠢᠮᠵᠢᠶ᠎ᠠ ᠵᠡᠷᠭᠡ ᠲᠠᠯ᠎ᠠ ᠪᠠᠷ᠂ ᠲᠤᠰ ᠭᠠᠵᠠᠷ  ᠤᠨ ᠪᠣᠳᠠᠲᠤ ᠪᠠᠶᠢᠳᠠᠯ ᠲᠠᠢ ᠨᠡᠶᠢᠴᠡᠬᠦ ᠵᠠᠭᠪᠤᠷ ᠢ ᠬᠠᠶᠢᠨ ᠰᠦᠪᠡᠭᠴᠢᠯᠡᠨ᠎ᠡ᠃      ᠳᠣᠯᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠤᠰᠬᠠᠢ ᠠᠩᠭᠢ ᠪᠠᠶᠢᠭᠤᠯᠤᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠪᠠᠶᠢᠭᠤᠯᠤᠨ  ᠪᠦᠷᠢᠨᠰᠢᠭᠦᠯᠦᠨ᠎ᠡ ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠢ ᠥᠪᠡᠷᠲᠡᠭᠡᠨ ᠵᠠᠰᠠᠬᠤ ᠣᠷᠣᠨ ᠲᠠᠢ ᠬᠠᠷᠢᠴᠠᠭᠤᠯᠵᠤ ᠪᠠᠶᠢᠭᠠᠳ ᠵᠣᠬᠢᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠤᠨ᠎ᠠ ᠃ ᠡᠯ᠎ᠡ ᠱᠠᠲᠤᠨ ᠤ ᠤᠳᠤᠷᠢᠳᠬᠤ ᠳᠤᠭᠤᠶᠢᠯᠠᠩ ᠤᠳ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠨᠢᠭᠲᠠ ᠬᠠᠮᠵᠢᠯᠴᠠᠨ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠪᠣᠯᠣᠨ ᠴᠢᠬᠤᠯᠠ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠤᠮᠤ ᠰᠢᠶᠠᠩ ᠪᠠᠯᠭᠠᠰᠤ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠴᠠᠭ᠎ᠠ ᠲᠣᠰᠬᠤᠨ ᠤ ᠱᠠᠩᠨᠠᠵᠤ ᠲᠣᠷᠭᠠᠬᠤ ᠡᠷᠬᠡ ᠬᠠᠷᠢᠭᠤᠴᠠᠯᠭ᠎ᠠ ᠶᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ᠠᠮᠢ ᠠᠬᠤᠢ ᠶᠢ ᠤᠷᠢᠳᠠᠪᠠᠷ ᠪᠣᠬᠢᠷᠲᠤᠯ ᠦᠭᠡᠢ ᠪᠠᠷ ᠬᠥᠭᠵᠢᠭᠦᠯᠬᠦ ᠡᠵᠡᠩᠨᠡᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠭᠦᠯᠬᠦ  ᠵᠠᠪᠰᠠᠷᠯᠠᠬᠤ ᠬᠠᠷᠢᠭᠤᠴᠠᠯᠭ᠎ᠠ ᠶᠢᠨ ᠪᠢᠴᠢᠭ ᠲᠤ ᠱᠠᠲᠤ ᠱᠠᠲᠤ ᠪᠠᠷ ᠭᠠᠷ ᠤᠨ ᠥᠰᠥᠭ ᠵᠢᠷᠤᠬᠤ ᠬᠡᠷᠡᠭᠲᠡᠢ᠃      ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ      ᠨᠥᠬᠦᠪᠦᠷᠢ ᠪᠠ ᠱᠠᠩᠨᠠᠯ ᠤᠨ ᠠᠵᠢᠯ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ᠨᠤᠭᠤᠳ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠵᠢᠯ ᠤᠨ ᠵᠠᠷᠤᠳᠠᠯ ᠢ ᠵᠣᠬᠢᠰᠲᠠᠢ ᠲᠣᠬᠢᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠵᠤ᠂ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠶᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠵᠦ ᠠᠵᠢᠯ ᠤᠨ ᠵᠠᠷᠤᠳᠠᠯ ᠳᠤ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠣᠯᠠᠨ ᠲᠠᠯ᠎ᠠ   ᠠᠴᠠ ᠢᠵᠢ ᠪᠦᠷᠢᠳᠦᠭᠦᠯᠬᠦ ᠪᠡᠯᠡ ᠮᠥᠩᠭᠦ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠣᠲᠣ ᠶᠢᠨ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠪ ᠤᠨ ᠪᠡᠯᠡ ᠮᠥᠩᠭᠦ ᠶᠢ ᠲᠥᠪ ᠤᠨ ᠪᠡᠯᠡ ᠮᠥᠩᠭᠦ ᠯᠦᠭᠡ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ   ᠪᠠᠳᠤᠯᠠᠨ᠎ᠠ ᠃      ︵ᠭᠤᠷᠪᠠ︶ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠨ᠎ᠠ ᠃      ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦ ᠲᠠᠷᠬᠠᠭᠠᠬᠤ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠪᠠᠶᠢᠳᠠᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ  ᠪᠡᠯᠡ ᠮᠥᠩᠭᠦ ᠶᠢᠨ ᠲᠤᠰᠬᠠᠢ ᠲᠠᠩᠰᠠ ᠪᠠᠶᠢᠭᠤᠯᠵᠤ᠂ ᠲᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠬᠡᠷᠡᠭᠲᠡᠢ︔ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠮᠠᠯᠴᠢᠨ ᠲᠠᠷᠢᠶᠠᠴᠢᠨ ᠢ ᠳᠡᠩᠰᠡᠯᠡᠨ ᠲᠡᠮᠳᠡᠭᠯᠡᠬᠦ ᠶᠢ  ᠬᠠᠷᠢᠭᠤᠴᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠳᠤ ᠲᠠᠶᠢᠯᠤᠮᠵᠢ ᠬᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠪᠤᠯᠪᠠᠰᠤᠷᠠᠯ ᠢ ᠴᠢᠩᠭᠠᠳᠬᠠᠵᠤ᠂ ᠠᠵᠢᠯ ᠤᠨ ᠰᠠᠭᠤᠷᠢ ᠪᠠᠨ ᠲᠠᠰᠤᠷᠠᠯᠲᠠ ᠦᠭᠡᠢ ᠪᠠᠲᠤᠳᠬᠠᠨ᠂ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠪᠤᠲᠠᠲᠠᠶᠢᠵᠢᠭᠤᠯᠤᠯᠲᠠ᠂ ᠨᠠᠷᠢᠯᠢᠭᠵᠢᠭᠤᠯᠤᠯᠲᠠ ᠶᠢ ᠠᠬᠢᠭᠤᠯᠬᠤ ᠬᠡᠷᠡᠭᠲᠡᠢ︔ ᠡᠯ᠎ᠡ ᠱᠠᠲᠤᠨ ᠤ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠰᠠᠶᠢᠲᠤᠷ ᠬᠡᠷᠡᠭᠯᠡᠵᠦ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠲᠣᠥᠷᠵᠢᠭᠤᠯᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ  ᠵᠠᠪᠰᠠᠷᠯᠠᠬᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ ᠃      ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ ᠃      ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠤ᠂ ᠷᠠᠳᠢᠣ᠋ ᠲᠧᠯᠸᠢᠰ᠂ ᠰᠣᠨᠢᠨ ᠰᠡᠳᠬᠦᠯ᠂ ᠭᠠᠷ ᠤᠲᠠᠰᠤᠨ ᠤ ᠰᠦᠯᠵᠢᠶ᠎ᠡ ᠵᠡᠷᠭᠡ ᠣᠯᠠᠨ ᠡᠰᠢᠲᠦ ᠰᠣᠨᠢᠨ ᠮᠡᠳᠡᠭᠡᠨ ᠤ ᠠᠴᠢᠶᠠᠯᠠᠪᠤᠷᠢ ᠳᠤ ᠲᠦᠰᠢᠭᠯᠡᠨ᠂ ᠠᠶᠢᠯ ᠲᠣᠰᠬᠤᠨ ᠳᠤ ᠬᠦᠷᠴᠦ ᠤᠬᠠᠭᠤᠯᠤᠨ ᠲᠠᠶᠢᠯᠪᠤᠷᠢᠯᠠᠵᠤ ᠪᠣᠯᠪᠠᠰᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠲᠣᠳᠤᠷᠬᠠᠢ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠨᠤᠲᠤᠭ ᠪᠡᠯᠴᠢᠭᠡᠷ ᠤᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠬᠡᠷᠡᠭᠵᠢᠭᠦᠯᠬᠦ ᠠᠷᠭ᠎ᠠ ᠵᠠᠮ ᠢ ᠣᠨᠣᠪᠴᠢᠲᠠᠶ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠠᠯᠪᠠᠨ ᠵᠢᠷᠤᠮ ᠢ ᠡᠷᠦᠬᠡ ᠪᠣᠯᠭᠠᠨ ᠳᠤ ᠮᠡᠳᠡᠭᠦᠯᠬᠦ ᠶᠢ ᠪᠡᠶᠡᠯᠡᠭᠦᠯᠦᠨ᠂ ᠪᠥᠬᠦ ᠨᠡᠶᠢᠭᠡᠮ ᠢᠶᠠᠷ ᠢᠶᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠨ᠂ ᠮᠠᠯᠴᠢᠨ ᠲᠠᠷᠢᠶᠠᠴᠢᠨ ᠤ ᠣᠷᠣᠯᠴᠠᠬᠤ ᠬᠡᠮᠵᠢᠶ᠎ᠡ ᠪᠠ ᠦᠭᠡ ᠬᠡᠯᠡᠬᠦ ᠡᠷᠬᠡ ᠶᠢ ᠲᠡᠭᠡᠭᠰᠢᠯᠡᠭᠦᠯᠦᠨ᠎ᠡ ᠃      ᠲᠣᠰ ᠵᠣᠬᠢᠶᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠨᠠᠮ ᠤᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠭᠤᠷᠪᠠᠳᠤᠭᠠᠷ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号