ᠮᠠᠯ ᠤᠨ ᠡᠮ ᠤᠨ GMP ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢ ᠵᠥᠪᠰᠢᠶᠡᠷᠡᠬᠦ ᠪᠠᠷ ᠪᠠᠶᠢᠭ᠎ᠠ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/6/14
      ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ︵2020 ᠣᠨ ᠳᠤ ᠵᠠᠰᠠᠪᠤᠷᠢ ᠣᠷᠤᠭᠤᠯᠤᠭᠰᠠᠨ ︶︾ ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠴᠠᠭᠠᠵᠤ ᠰᠢᠯᠭᠠᠨ ᠠᠪᠬᠤ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GMP ᠪᠠᠶᠢᠴᠠᠭᠠᠵᠤ ᠰᠢᠯᠭᠠᠨ ᠠᠪᠬᠤ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠴᠢ ᠬᠤᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠮᠠᠯ ᠤᠨ ᠡᠮ ᠤᠨ GMP ᠲᠤᠬᠠᠢ ᠶᠢᠨ ᠲᠠᠯᠠᠪᠤᠷ ᠲᠤᠨᠢ ᠪᠠᠶᠢᠴᠠᠭᠠᠵᠤ ᠰᠢᠯᠭᠠᠨ ᠠᠪᠬᠤ ᠪᠠᠷ ᠳᠡᠮᠵᠢᠨ᠂ GMP ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢᠶᠠᠷ ᠵᠥᠪᠰᠢᠶᠡᠷᠡᠭᠦᠯᠬᠦ ᠪᠠᠷ ᠪᠣᠶ᠂ ᠡᠳᠦᠭᠡ ᠢᠯᠡ ᠨᠡᠶᠢᠲᠡᠯᠡᠪᠡ ᠃      ᠢᠯᠡ ᠨᠡᠶᠢᠲᠡᠯᠡᠬᠦ ᠬᠤᠭᠤᠴᠠᠭ᠎ᠠ  ᠨᠢ 2023 ᠣᠨ ᠤ 6 ᠰᠠᠷ᠎ᠠ ᠶᠢᠨ 12 ᠤᠨ ᠡᠳᠦᠷ ᠠᠴᠠ 16 ᠤ ᠡᠳᠦᠷ ᠪᠣᠯᠲᠠᠯ᠎ᠠ ᠃ ᠬᠡᠷᠪᠡ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠳᠤᠰᠬᠠᠭᠠᠷᠠᠢ ᠃      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ 70 ᠳ᠋ᠤᠭᠠᠷ ᠨᠣᠮᠧᠷ       ᠳᠠᠭᠠᠯᠳᠤᠭᠤᠯᠤᠯ᠄ ᠮᠠᠯ ᠤᠨ ᠡᠮ ᠤᠨ GMP ᠲᠤᠬᠠᠢ ᠶᠢᠨ ᠲᠠᠯᠠᠪᠤᠷ ᠲᠤ ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠢᠯᠡ ᠨᠡᠶᠢᠲᠡᠯᠡᠯ ᠤᠨ ᠬᠦᠰᠦᠨᠦᠭᠲᠦ                         ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2023 ᠣᠨ ᠤ 6 ᠰᠠᠷ᠎ᠠ ᠶᠢᠨ 10 ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号