ᠲᠠᠷᠢᠭᠰᠠᠨ ᠲᠠᠯᠠᠪᠠᠢ ᠨᠢᠭᠡ ᠳ᠋ᠦᠩᠰᠢᠭᠤᠷ ᠮᠦ ᠶᠢ ᠳᠠᠪᠠᠵᠤ ᠥᠪᠥᠷ ᠮᠣᠩᠭᠤᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠬᠠᠨᠳᠤᠰᠢ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2023/6/14
      ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ 6 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠠᠷᠢᠮᠠᠯ ᠢ ᠲᠠᠷᠢᠭᠰᠠᠨ ᠲᠠᠯᠠᠪᠠᠶ ᠨᠢᠭᠡᠨᠲᠡ 1 ᠳ᠋ᠦᠩᠰᠢᠭᠤᠷ ᠮᠦ ᠶᠢ ᠳᠠᠪᠠᠵᠤ᠂ ᠤᠯᠤᠰ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠥᠪᠥᠷ ᠮᠣᠩᠭᠤᠯ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠰᠡᠭᠦᠯ ᠬᠤᠷᠢᠶᠠᠬᠤ ᠱᠠᠲᠤᠨ ᠳᠤ ᠪᠠᠨ ᠣᠷᠣᠵᠤ᠂ ᠠᠬᠢᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠵᠠᠭᠤᠨ ᠤ ᠴᠡᠭ ᠲᠦᠷᠭᠡᠨ ᠪᠣᠯᠵᠤ᠂ ᠵᠢᠱᠢᠯᠲᠡ ᠪᠠᠷ 6 ᠳ᠋ᠤᠭᠠᠷ ᠰᠠᠷ᠎ᠠ ᠶᠢᠨ ᠳᠤᠮᠳᠠᠴᠢ ᠪᠠᠷ ᠪᠥᠬᠦ ᠣᠷᠣᠨ ᠤ ᠠᠮᠤ ᠪᠤᠳᠠᠭᠠᠨ ᠤ ᠲᠠᠷᠢᠶᠠᠯᠠᠭ᠎ᠠ ᠦᠨᠳᠦᠰᠦᠨ ᠳᠤ ᠪᠠᠨ ᠳᠠᠭᠤᠰᠬᠤ ᠪᠣᠯᠣᠨ᠎ᠠ᠃ 8642.8 ᠲᠦᠮᠡᠨ ᠮᠦ ᠠᠮᠤ ᠪᠤᠳᠠᠭᠠᠨ ᠤ ᠲᠠᠷᠢᠮᠠᠯ ᠨᠢᠭᠡᠨᠲᠡ ᠡᠬᠢᠯᠡᠨ ᠴᠢᠬᠢ ᠭᠠᠷᠴᠤ ᠰᠣᠶᠤᠭᠠᠯᠠᠪᠠ᠃ ᠡᠭᠦᠨ ᠳᠤ ᠨᠢᠭᠡᠳᠦᠭᠡᠷ ︵ᠢᠳᠡᠷᠡᠭᠦᠨ ᠴᠢᠬᠢ︶᠂ ᠬᠤᠶᠠᠳᠤᠭᠠᠷ ︵ᠡᠩ ᠤᠨ ᠴᠢᠬᠢ︶ ᠲᠥᠷᠥᠯ ᠤᠨ ᠴᠢᠬᠢ ᠶᠢᠨ ᠡᠵᠡᠯᠡᠬᠦ ᠬᠠᠷᠢᠴᠠᠯ ᠨᠢ 96.7% ᠪᠠᠶᠢᠵᠤ᠂ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠨᠡᠯᠢᠶᠡᠳ ᠰᠠᠶᠢᠨ ᠪᠠᠶᠢᠳᠠᠯ ᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠬᠥᠷᠥᠰᠥᠨ ᠤ ᠰᠢᠮᠡᠳᠬᠡᠯ ᠤᠨ ᠪᠠᠶᠢᠳᠠᠯ ᠶᠡᠷᠦᠩᠬᠡᠢ ᠳᠤ ᠪᠠᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ᠃      ᠡᠨᠡ ᠵᠢᠯ ᠡᠬᠢᠯᠡᠭᠰᠡᠨ ᠠᠴᠠ ᠨᠠᠭᠠᠰᠢ᠂ ᠥᠪᠥᠷ ᠮᠣᠩᠭᠤᠯ ᠤᠷᠢᠳᠴᠢᠯᠠᠨ ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠬᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠡᠭᠦᠷᠭᠡ ᠶᠢ ᠬᠤᠪᠢᠶᠠᠷᠢᠯᠠᠨ ᠳᠠᠭᠠᠭᠠᠯᠭᠠᠬᠤ᠂ ᠲᠦᠭᠡᠮᠡᠯ ᠬᠠᠷᠠᠭᠠᠯᠵᠠᠯᠲᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠯ᠎ᠡ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭᠠᠲᠤ ᠰᠡᠳᠬᠢᠯᠭᠡ ᠪᠠ ᠢᠳᠡᠪᠬᠢᠵᠢᠯ ᠢ ᠬᠥᠭᠵᠢᠭᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠰᠠᠭᠤᠷᠢ ᠲᠠᠯᠪᠢᠭᠰᠠᠨ ᠪᠠᠶᠢᠨ᠎ᠠ᠃      ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠤᠯᠠᠭᠠᠨᠰᠤᠬᠠᠢ ᠶᠢᠨ ᠪᠠᠷᠠᠭᠤᠨ ᠡᠷᠭᠢ ᠶᠢᠨ ᠥᠨᠳᠥᠷ ᠦᠷ᠎ᠡ ᠠᠰᠢᠭᠲᠤ ᠲᠠᠷᠢᠶᠠᠯᠠᠩ ᠤᠨ ᠰᠢᠨ᠎ᠡ ᠶᠢ ᠡᠭᠦᠳᠦᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠤᠭᠤᠳᠠᠢ ᠲᠠᠷᠢᠬᠤ ᠲᠣᠭᠤᠷᠢᠭ ᠲᠤ᠂ ᠪᠤᠭᠤᠳᠠᠢ ᠶᠢᠨ ᠴᠢᠬᠢ ᠶᠢᠨ ᠤᠷᠭᠤᠯᠲᠠ ᠬᠦᠮᠦᠰ ᠢ ᠪᠠᠶᠠᠰᠬᠠᠨ᠎ᠠ᠃ ᠥᠪᠥᠷ ᠮᠣᠩᠭᠤᠯ ᠤᠨ ᠾᠧ ᠰᠢᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠪᠠᠢ ᠧᠨ ᠽᠧ ᠬᠡᠯᠡᠬᠦ ᠳᠤ ᠪᠠᠨ᠂ ᠨᠢᠳᠤᠨᠤᠨ ᠤ ᠳᠠᠷᠢᠭᠰᠠᠨ ᠲᠤᠷᠰᠢᠯᠭ᠎ᠠ ᠠᠴᠠ ᠦᠵᠡᠪᠡᠯ᠂ ᠪᠸᠢ ᠳ᠋ᠸᠦ ᠵᠠᠮᠴᠢᠯᠠᠭᠤᠷ ᠤᠨ ᠮᠡᠷᠭᠡᠵᠢᠯ ᠢ ᠠᠰᠢᠭᠯᠠᠨ ᠲᠠᠷᠢᠭᠰᠠᠨ ᠭᠠᠵᠠᠷ ᠲᠠᠷᠢᠶᠠᠨ ᠤ ᠠᠰᠢᠭᠯᠠᠯᠲᠠ ᠨᠠᠩ ᠥᠨᠳᠥᠷ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠤᠰᠤᠯᠠᠬᠤ ᠨᠢ ᠤᠰᠤ ᠪᠠ ᠪᠣᠷᠳᠣᠭᠤᠷ ᠲᠤ ᠠᠷᠪᠢᠲᠠᠢ ᠪᠠᠶᠢᠳᠠᠭ᠃ ︽ᠣᠳᠣᠬᠠᠨ ᠳᠤ ᠪᠤᠭᠤᠳᠠᠢ ᠶᠢᠨ ᠦᠨᠳᠦᠷ ᠤᠨ ᠬᠡᠮᠵᠢᠶ᠎ᠡ 35 ᠰᠡᠨᠲ᠋ᠢᠮᠧᠲᠷ ᠣᠷᠴᠢᠮ ᠪᠣᠯᠵᠤ᠂ ᠲᠠᠷᠢᠶᠠᠨ ᠲᠦᠷᠦᠭᠦᠦ ᠪᠥᠭᠡᠯᠵᠢᠬᠦ ᠬᠤᠭᠤᠴᠠᠭᠠᠨ ᠳᠤ ᠣᠷᠣᠭᠠᠳ ᠪᠠᠶᠢᠨ᠎ᠠ᠃ ᠵᠢᠱᠢᠯᠲᠡ ᠪᠠᠷ ᠡᠨᠡ ᠵᠢᠯ ᠤᠨ ᠤᠨᠠᠯᠲᠠ ᠠᠳᠠᠭ ᠲᠤ ᠪᠠᠨ 10% ᠠᠴᠠ ᠳᠡᠭᠡᠭᠰᠢ ᠨᠡᠮᠡᠭᠳᠡᠬᠦ ᠪᠣᠯᠣᠨ᠎ᠠ︾ ᠭᠡᠵᠡᠢ᠃      ︽ᠠᠮᠤ ᠪᠤᠳᠠᠭᠠᠨ ᠤ ᠭᠠᠷᠤᠯᠲᠠ ᠶᠢᠨ ᠲᠣᠮᠣ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠲᠤᠭ᠎ᠠ ᠬᠡᠮᠵᠢᠶ᠎ᠡ ᠪᠠᠨ ᠦᠷᠭᠦᠯᠵᠢᠯᠡᠨ ᠨᠡᠮᠡᠭᠳᠡᠭᠦᠯᠬᠦ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠ ᠭᠠᠷᠤᠯᠲᠠ ᠪᠠᠨ ᠨᠡᠮᠡᠭᠳᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠪᠠᠶᠢᠨ᠎ᠠ᠃︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ ᠲᠠᠨᠢᠯᠴᠠᠭᠤᠯᠬᠤ ᠳᠤ ᠪᠠᠨ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠲᠠᠯᠠᠪᠠᠶ ᠶᠢ ᠲᠣᠭᠲᠠᠪᠤᠷᠢᠵᠢᠭᠤᠯᠬᠤ ᠶᠢᠨ ᠬᠠᠮᠲᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠲᠥᠮᠥᠰᠥ᠂ ᠤᠰᠤᠨ ᠲᠤᠲᠤᠷᠭ᠎ᠠ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠠᠯ᠎ᠠ ᠪᠠᠷ  ᠬᠢ᠂ ᠡᠯ᠎ᠡ ᠲᠦᠷᠦᠯ ᠤᠨ ᠪᠡᠯᠡ ᠮᠥᠩᠭᠦ ᠶᠢ 5 ᠳ᠋ᠦᠩᠰᠢᠭᠤᠷ ᠭᠠᠷᠤᠢ ᠲᠥᠭᠦᠷᠢᠭ ᠨᠡᠶᠢᠳᠬᠡᠨ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ 500 ᠲᠦᠮᠡᠨ ᠮᠦ ᠪᠦᠲᠦᠭᠡᠨ ᠪᠠᠶᠢᠭᠤᠯᠵᠤ᠂ ︽ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠮᠡᠷᠭᠡᠵᠢᠯ᠂ ᠰᠠᠶᠢᠨ ᠲᠣᠬᠢᠶᠠᠯ᠂ ᠰᠠᠶᠢᠨ ᠳᠦᠷᠢᠮ︾ ᠢ ᠨᠢᠭᠡᠳᠬᠡᠨ᠂ ᠥᠨᠳᠥᠷ ᠤᠨᠠᠯᠲᠠ ᠲᠠᠢ ᠵᠢᠱᠢᠶ᠎ᠡ ᠦᠵᠡᠭᠦᠯᠬᠦ ᠭᠤᠣᠯ ᠴᠣᠭᠴᠠ ᠪᠠ ᠥᠨᠳᠥᠷ ᠤᠨᠠᠯᠲᠠ ᠲᠠᠢ ᠵᠢᠱᠢᠶ᠎ᠡ ᠦᠵᠡᠭᠦᠯᠬᠦ‍ ᠨᠢᠭᠡ ᠪᠦᠯᠦᠭ ᠲᠣᠰᠬᠤᠨ ᠢ ᠪᠠᠶᠢᠭᠤᠯᠵᠤ᠂ ᠪᠦᠬᠦ ᠣᠷᠣᠨ ᠤ ᠠᠮᠤ ᠪᠤᠳᠠᠭ᠎ᠠ ᠶᠢ ᠶᠡᠭᠡ ᠲᠠᠯᠠᠪᠠᠢ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠨᠥᠯᠥᠭᠡᠯᠡᠨ ᠳᠠᠶᠢᠴᠢᠯᠠᠵᠤ ᠪᠠᠶᠢᠨ᠎ᠠ ᠭᠡᠪᠡ᠃      ︵6 ᠳ᠋ᠤᠭᠠᠷ ᠰᠠᠷ᠎ᠠ ᠶᠢᠨ 12 ᠤᠨ ᠡᠳᠦᠷ ᠤᠨ ︽ᠠᠵᠤ ᠠᠬᠤᠢ ᠶᠢᠨ ᠡᠳᠦᠷ ᠤᠨ ᠰᠣᠨᠢᠨ︾ ᠠᠴᠠ ᠳᠠᠮᠵᠢᠭᠤᠯᠪᠠ︶ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号