ᠪᠥᠬᠦ ᠣᠷᠣᠨ ᠤ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠵᠢᠴᠢ ᠬᠤᠵᠢᠷᠰᠢᠭᠰᠠᠨ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠬᠠᠢ ᠶᠢᠨ ᠲᠠᠯᠠᠪᠠᠶ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/6/19
      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠵᠦ ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠦᠴᠢᠷᠳᠡᠯ ᠂ ᠲᠦᠭᠵᠢᠷᠡᠯ ᠢ ᠭᠦᠨᠵᠡᠭᠡᠢ ᠰᠤᠳᠤᠯᠤᠨ ᠰᠢᠢᠳᠪᠦᠷᠢᠯᠡᠪᠡ ᠃ 6 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠵᠢᠴᠢ ᠬᠤᠵᠢᠷᠰᠢᠭᠰᠠᠨ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠬᠠᠢ ᠶᠢᠨ ᠲᠠᠯᠠᠪᠠᠶ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ᠬᠤᠷᠠᠯ ᠢ ᠡᠷᠭᠢᠯᠡᠪᠡ᠃ 
1.jpg
  
2.jpg 
       ᠬᠤᠷᠠᠯ ᠳᠡᠭᠡᠷ᠎ᠡ ᠂ ᠣᠷᠣᠨ ᠤ ᠳᠣᠲᠣᠨ᠎ᠠ ᠭᠠᠳᠠᠨᠠᠬᠢ 4 ᠨᠡᠷᠡᠳᠦ ᠲᠤᠰᠬᠠᠢ ᠮᠡᠷᠭᠡᠵᠢᠯᠲᠡᠨ ︽ ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ ᠲᠤᠬᠠᠢ ᠪᠣᠳᠣᠯᠬᠢᠯᠠᠯ ᠪᠠ ᠪᠠᠷᠠᠯᠠᠯ ︾ ᠂ ︽ᠰᠤᠳᠠ ᠶᠢᠨ ᠬᠤᠵᠢᠷᠯᠢᠭ ᠭᠠᠵᠠᠷ ᠢ ᠰᠠᠶᠢᠵᠢᠷᠠᠭᠤᠯᠬᠤ ᠪᠠ ᠲᠠᠷᠢᠶᠠᠯᠠᠩ ᠤᠨ ᠠᠰᠢᠭᠯᠠᠯᠲᠠ ︾ ᠂ ︽ ᠥᠪᠥᠷ ᠮᠣᠩᠭᠤᠯ ᠤᠨ ᠬᠠᠳᠤᠨ ᠭᠤᠣᠯ ᠤᠨ ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠮᠡᠷᠭᠡᠵᠢᠯ ᠢ ᠬᠤᠷᠠᠮᠳᠤᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ︾ ᠂ ︽ ᠥᠪᠥᠷ ᠮᠣᠩᠭᠤᠯ ᠤᠨ ᠲᠠᠷᠢᠶᠠᠯᠠᠩ ᠤᠨ ᠤᠰᠤ ᠠᠷᠪᠢᠯᠠᠬᠤ ᠬᠥᠭᠵᠢᠯᠲᠡ ᠶᠢᠨ ᠰᠠᠨᠠᠭᠤᠯᠭ᠎ᠠ ︾ ᠵᠡᠷᠭᠡ ᠰᠡᠳᠦᠪ ᠢᠶᠠᠷ ᠲᠠᠶᠢᠯᠤᠮᠵᠢ ᠬᠢᠵᠡᠢ ᠃ ᠪᠠᠶᠠᠨᠨᠠᠭᠤᠷ ᠬᠤᠳᠠ ᠂ ᠬᠥᠯᠥᠨ ᠪᠤᠶᠢᠷ ᠬᠤᠳᠠ ᠂ ᠬᠢᠩᠭᠠᠨ ᠠᠶᠢᠮᠠᠭ ᠂ ᠲᠦᠩᠯᠢᠶᠣᠣ ᠬᠤᠳᠠ ᠂ ᠤᠯᠠᠭᠠᠨᠬᠠᠳᠠ ᠬᠤᠳᠠ ᠂ ᠣᠷᠳᠣᠰ ᠬᠤᠳᠠ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠂ ᠬᠤᠵᠢᠷᠰᠢᠭᠰᠠᠨ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠬᠢᠵᠡᠢ ᠃ ᠬᠤᠷᠠᠯ ᠳᠤ ᠣᠷᠣᠯᠴᠠᠭᠰᠠᠳ ᠪᠠᠰᠠ ᠦᠶᠤᠸᠠᠨ ᠰᠢᠶᠠᠨ ᠤ 5 ᠲᠦᠮᠡᠨ ᠮᠦ ᠶᠢᠨ ︽ᠬᠤᠵᠢᠷᠯᠢᠭ ᠭᠠᠵᠠᠷ ᠢ ᠥᠭᠡᠷᠡᠴᠢᠯᠡᠵᠦ ᠡᠪᠡᠰᠦ ︵ ᠪᠣᠷᠳᠤᠭ᠎ᠠ ︶ ᠶᠢ ᠨᠡᠮᠡᠭᠳᠡᠭᠦᠯᠦᠨ ᠮᠠᠯ ᠠᠵᠤ ᠠᠬᠤᠢ ᠶᠢ ᠬᠥᠭᠵᠢᠭᠦᠯᠬᠦ︾ ᠲᠤᠷᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ᠂ ᠲᠠ ᠡᠯ ᠬᠤ᠋ ᠪᠠᠯᠭᠠᠰᠤ ᠶᠢᠨ ᠴᠠᠩ ᠹᠧᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠬᠦᠷᠢᠶᠡᠯᠡᠩ ᠲᠣᠭᠤᠷᠢᠭ᠂ ᠬᠠᠩᠭᠢᠨ ᠬᠤᠶᠢᠲᠤ ᠬᠤᠰᠢᠭᠤᠨ ᠤ ᠡᠯ ᠳ᠋ᠣᠣ ᠴᠢᠶᠣᠤ ᠪᠠᠯᠭᠠᠰᠤ ᠶᠢᠨ ᠲᠠᠷᠢᠶᠠᠯᠠᠩ ᠤᠨ ᠤᠰᠤ ᠶᠢ ᠭᠦᠨᠵᠡᠭᠡᠢ ᠠᠷᠪᠢᠯᠠᠵᠤ ᠤᠰᠤ ᠶᠢ ᠬᠢᠵᠠᠭᠠᠷᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠥᠭᠵᠢᠯᠲᠡ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠮᠡᠷᠭᠡᠵᠢᠯ᠂ ᠤᠰᠤ ᠠᠷᠪᠢᠯᠠᠬᠤ ᠰᠢᠨ᠎ᠡ ᠮᠡᠷᠭᠡᠵᠢᠯ ᠢ ᠳᠡᠯᠭᠡᠷᠡᠭᠦᠯᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠡᠭᠦᠨ ᠤ ᠬᠠᠮᠲᠤ ᠰᠢᠨ ᠬᠥᠩ ᠵᠥᠩ ᠪᠠᠯᠭᠠᠰᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠳᠤ ᠥᠪᠥᠷ ᠮᠣᠩᠭᠤᠯ ᠤᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠫᠠᠶᠢᠰᠠ ᠰᠡᠬᠦᠵᠦ ᠪᠠᠶᠢᠭᠤᠯᠤᠭᠳᠠᠬᠤ ᠠᠵᠢᠯᠯᠠᠭ᠎ᠠ ᠥᠷᠨᠢᠭᠦᠯᠪᠡ᠃ 
4.jpg
 
5.jpg
       ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠷᠢᠶᠠᠯᠠᠩ ᠤᠨ ᠤᠰᠤ  ᠶᠢ ᠭᠦᠨᠵᠡᠭᠡᠢ ᠠᠷᠪᠢᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠨ ᠠᠩᠬᠠᠷᠴᠤ ᠪᠠᠶᠢᠭ᠎ᠠ ᠶᠡᠭᠡ ᠶᠠᠪᠤᠳᠠᠯ ᠮᠥᠨ᠂ ᠮᠠᠨ ᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠪᠠ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠴᠢᠬᠤᠯᠠ ᠠᠷᠭ᠎ᠠ ᠵᠠᠮ ᠮᠥᠨ᠂ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠡᠨᠡ ᠬᠤᠶᠠᠷ ᠵᠦᠢᠯ ᠤᠨ ᠠᠵᠢᠯ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠡᠷᠡᠰ ᠪᠠᠷᠢᠮᠲᠠᠯᠠᠵᠤ᠂ ᠬᠢᠨᠠᠮᠠᠭᠠᠢ ᠰᠤᠳᠤᠯᠤᠨ᠂ ᠠᠵᠠ ᠲᠣᠬᠢᠶᠠᠯ ᠢ ᠠᠮᠵᠢᠨ᠂ ᠡᠨᠡ ᠬᠤᠶᠠᠷ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ ᠃ 
6.jpg
 
7.jpg
       ᠬᠤᠷᠠᠯ ᠠᠴᠠ ᠂ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ ᠂ ᠡᠬᠡ ᠲᠠᠩᠰᠠ ᠶᠢ ᠰᠠᠶᠢᠲᠤᠷ ᠪᠠᠶᠢᠭᠤᠯᠬᠤ ᠬᠡᠷᠡᠭᠲᠡᠢ ᠃ ︽ᠭᠤᠷᠪᠠ ᠶᠢ ᠲᠦᠭᠡᠮᠡᠯᠵᠢᠭᠦᠯᠬᠦ︾ ᠲᠤᠰᠬᠠᠢ ᠵᠦᠢᠯ ᠤᠨ ᠨᠡᠶᠢᠳᠡᠮ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠤᠵᠢᠷᠯᠢᠭ ᠭᠠᠵᠠᠷ᠂ ᠲᠠᠷᠢᠶᠠᠯᠠᠩ ᠤᠨ ᠤᠰᠤ ᠠᠷᠪᠢᠯᠠᠬᠤ ᠪᠠᠶᠢᠳᠠᠯ ᠢ ᠰᠢᠰᠲ᠋ᠧᠮ ᠲᠠᠢ ᠡᠮᠬᠢᠯᠡᠨ ᠳᠢᠭᠯᠡᠵᠦ᠂ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠪᠥᠬᠦ ᠣᠷᠣᠨ ᠤ ᠲᠠᠷᠢᠶᠠᠯᠠᠩ ᠤᠨ ᠤᠰᠤ ᠠᠷᠪᠢᠯᠠᠬᠤ ︽ᠨᠢᠭᠡ ᠵᠢᠷᠤᠭ︾ ᠢ ᠪᠣᠶ ᠪᠣᠯᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ ᠃ ᠬᠦᠷᠢᠶᠡᠯᠡᠩ ᠲᠣᠭᠤᠷᠢᠭ ᠤᠨ ᠰᠡᠳᠬᠢᠬᠦᠢ ᠶᠢ ᠪᠣᠶ ᠪᠣᠯᠭᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠴᠤᠭᠯᠠᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦ᠂ ᠴᠢᠳᠠᠪᠤᠷᠢᠲᠠᠨ ᠤ ᠡᠩᠨᠡᠭᠡ ᠵᠡᠷᠭᠡ ᠲᠠᠯ᠎ᠠ ᠶᠢᠨ ᠬᠦᠴᠦᠨ ᠢ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠢᠯᠠᠰ ᠴᠡᠭ ᠢ ᠠᠳᠬᠤᠨ᠂ ᠦᠷ᠎ᠡ ᠪᠦᠲᠦᠮᠵᠢ ᠶᠢ ᠠᠳᠬᠤᠨ᠂ ᠳᠡᠯᠭᠡᠷᠡᠭᠦᠯᠵᠦ ᠪᠣᠯᠬᠤᠶᠢᠴᠠ ᠨᠡᠶᠢᠲᠡᠯᠢᠭ ᠲᠤᠷᠰᠢᠯᠭ᠎ᠠ ᠶᠢ ᠪᠣᠶ ᠪᠣᠯᠭᠠᠬᠤ ᠬᠡᠷᠡᠭᠲᠡᠢ ᠃ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠥᠨᠳᠥᠷ ᠪᠦᠲᠦᠮᠵᠢᠲᠡᠶ ᠤᠰᠤ ᠠᠷᠪᠢᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ︽ᠰᠤᠳᠤᠯᠬᠤ ᠂ ᠦᠢᠯᠡᠳᠪᠦᠷᠢᠯᠡᠬᠦ ᠂ ᠳᠡᠯᠭᠡᠷᠡᠭᠦᠯᠬᠦ᠂ ᠬᠡᠷᠡᠭᠯᠡᠬᠦ︾ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠂ ᠰᠢᠨ᠎ᠡ ᠦᠷ᠎ᠡ ᠪᠦᠲᠦᠭᠡᠯ ᠢ ᠬᠤᠪᠢᠷᠠᠭᠤᠯᠬᠤ᠂ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ ᠤᠳ ᠰᠢᠰᠲ᠋ᠧᠮᠲᠦ ᠰᠡᠳᠬᠢᠬᠦᠢ ᠶᠢ ᠪᠣᠶ ᠪᠣᠯᠭᠠᠵᠤ᠂ ᠰᠠᠯᠠᠭ᠎ᠠ ᠮᠥᠴᠢᠷ ᠤᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠡᠯ᠎ᠡ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠠᠮᠢ ᠠᠬᠤᠢ ᠶᠢᠨ ᠬᠠᠮᠲᠤ ᠶᠢᠨ ᠴᠣᠭᠴᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ 
8.jpg
 
9.jpg
       ᠬᠤᠷᠠᠯ ᠠᠴᠠ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠬᠦ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠲᠤᠰᠠᠯᠠᠬᠤ᠂ ᠰᠦᠨ ᠤ ᠦᠢᠯᠡᠰ ᠤᠨ ᠬᠥᠭᠵᠢᠯᠲᠡ᠂ ᠠᠶᠤᠯᠭᠦᠢ ᠦᠢᠯᠡᠳᠪᠦᠷᠢᠯᠡᠯ ᠪᠠ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ ᠢᠯᠠᠩᠭᠤᠶ᠎ᠠ ᠬᠡᠰᠡᠭ ᠠᠶᠢᠮᠠᠭ ᠬᠤᠳᠠ ᠳᠤ ᠭᠠᠷᠤᠭᠰᠠᠨ ᠭᠠᠩ ᠬᠠᠭᠰᠠᠷᠠᠭᠠᠨ ᠤ ᠪᠠᠶᠢᠳᠠᠯ ᠳᠤ ᠴᠢᠭᠯᠡᠭᠦᠯᠦᠨ ᠥᠴᠥᠬᠡᠨ ᠴᠦ ᠬᠤᠶᠢᠷᠭᠤᠰᠢᠵᠤ ᠪᠣᠯᠬᠤ ᠦᠭᠡᠢ ᠂ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠴᠠᠭ ᠠᠭᠤᠷ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ ᠂ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ ᠂ ᠲᠠᠷᠢᠶᠠᠨ ᠴᠢᠬᠢᠨ ᠤ ᠪᠠᠶᠢᠳᠠᠯ ᠢ ᠨᠢᠭᠲᠠ ᠠᠩᠬᠠᠷᠴᠤ ᠂ ᠭᠠᠩ ᠬᠠᠭᠰᠠᠷᠠᠭᠠᠨ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠶᠢ ᠬᠠᠮᠤᠭ ᠤᠨ ᠬᠡᠷᠡᠭᠴᠡᠭᠡ ᠲᠠᠢ ᠭᠠᠵᠠᠷ ᠲᠤ ᠴᠠᠭ ᠲᠤᠬᠠᠢ ᠳᠤᠨᠢ ᠲᠠᠷᠬᠠᠭᠠᠵᠤ ᠂ ᠡᠯᠪᠡᠭ ᠬᠤᠷᠢᠶᠠᠯᠲᠠ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠡᠭᠦᠨ ᠤ ᠬᠠᠮᠲᠤ ᠂ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠵᠤ ᠂ ᠠᠵᠢᠯ ᠲᠦᠷᠦᠯ ᠢ ᠬᠠᠮᠢᠶᠠᠷᠬᠤ ᠰᠠᠯᠠᠭ᠎ᠠ ᠮᠥᠴᠢᠷ ᠢ ᠬᠠᠮᠢᠶᠠᠷᠬᠤ ᠳᠤ ᠠᠮᠤᠷ ᠲᠦᠪᠰᠢᠨ ᠢ ᠬᠠᠮᠢᠶᠠᠷᠬᠤ ᠣᠶᠢᠯᠠᠭᠠᠭᠳᠠᠬᠤᠨ ᠢ ᠴᠢᠩᠭ᠎ᠠ ᠪᠤᠢ ᠪᠣᠯᠭᠠᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠵᠢᠭᠰᠠᠭᠠᠯ ᠤᠨ ᠭᠠᠵᠠᠷ ᠢ ᠪᠠᠲᠤ ᠰᠠᠬᠢᠬᠤ ᠬᠡᠷᠡᠭᠲᠡᠢ ᠭᠡᠵᠠᠢ ᠃ ᠬᠤᠷᠠᠯ ᠠᠴᠠ ᠴᠢᠬᠤᠯᠠᠴᠢᠯᠠᠭᠰᠠᠨ  ᠨᠢ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ᠂ ᠡᠭᠦᠨ ᠤ ᠬᠠᠮᠲᠤ ᠪᠠᠰᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠴᠠᠭ ᠪᠢᠳᠡᠨ ᠢ ᠬᠦᠯᠢᠶᠡᠬᠦ ᠦᠭᠡᠢ ᠪᠠᠴᠢᠮ ᠲᠤᠯᠭᠠᠮ᠎ᠠ ᠰᠡᠳᠬᠢᠯᠭᠡ ᠲᠠᠢ ᠪᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠨ᠂ ᠲᠦᠷᠭᠡᠨ ᠬᠥᠳᠡᠯᠦᠯᠴᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠠᠮᠢ ᠠᠬᠤᠢ ᠶᠢᠨ ᠬᠠᠮᠠᠭᠠᠯᠠᠯᠲᠠ ᠶᠢ ᠣᠷᠭᠠᠨᠢᠭ ᠢᠶᠠᠷ ᠤᠶᠠᠯᠳᠤᠭᠤᠯᠤᠨ᠂ ᠡᠯ᠎ᠡ ᠵᠦᠢᠯ ᠤᠨ ᠠᠵᠢᠯ ᠢᠶᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠣᠨ ᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ ᠃ 
10.jpg
11.jpg
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ 
12.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号