ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢᠨ ᠠᠵᠢᠯ ᠢ ᠡᠬᠢᠯᠡᠭᠦᠯᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/19
      2023 ᠣᠨ ᠤ 6 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠥᠬᠡᠬᠤᠲᠠ ᠳᠤ ᠪᠥᠬᠦ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠰᠥᠯ ᠢ ᠭᠦᠨᠵᠡᠭᠡᠢ ᠨᠠᠶᠢᠳᠠᠪᠤᠷᠢᠵᠢᠭᠤᠯᠤᠨ ᠂ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠬᠦ ᠡᠷᠬᠡ ᠲᠠᠢ ᠰᠢᠯᠢᠳᠡᠭ ᠡᠭᠦᠯᠳᠡᠷ ᠢ ᠲᠦᠷᠭᠡᠳᠬᠡᠨ ᠪᠣᠶᠢᠵᠢᠭᠤᠯᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠡᠬᠢ ᠡᠭᠦᠰᠦᠯ ᠠᠴᠠ ᠨᠢ ᠪᠠᠲᠤᠯᠠᠬᠤ ᠬᠡᠷᠡᠭᠲᠡᠢ ᠭᠡᠪᠡ᠃
1.png
 
2.png
      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ᠦᠷ᠎ᠡ ᠶᠢᠨ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠰᠠᠭᠤᠷᠢ᠂ ᠠᠵᠤ ᠦᠢᠯᠡᠰ ᠤᠨ ᠬᠡᠷᠡᠭᠴᠡᠭᠡ ᠪᠣᠯᠣᠨ ᠬᠠᠷᠢᠴᠠᠭᠤᠯᠤᠭᠰᠠᠨ ᠳᠠᠪᠠᠭᠤᠯᠢᠭ ᠲᠤ ᠰᠠᠭᠤᠷᠢᠯᠠᠵᠤ᠂ ︽ᠬᠢᠬᠦ ᠪᠣᠯᠬᠤ ᠶᠢ ᠬᠢᠵᠦ ᠂ ᠬᠢᠵᠦ ᠪᠣᠯᠬᠤ ᠦᠭᠡᠢ ᠶᠢ ᠬᠢᠬᠦ ᠦᠭᠡᠢ ︾ ᠶᠢ ᠪᠠᠷᠢᠮᠲᠠᠯᠠᠵᠤ᠂ ᠳᠠᠪᠠᠭᠤᠯᠢᠭ ᠢᠶᠠᠨ ᠴᠢᠩᠭᠠᠳᠬᠠᠵᠤ᠂ ᠳᠤᠲᠠᠭᠤᠳᠠᠯ ᠢᠶᠠᠨ ᠨᠥᠬᠦᠪᠦᠷᠢᠯᠡᠬᠦ ᠬᠥᠭᠵᠢᠯᠲᠡ ᠶᠢᠨ ᠰᠡᠳᠬᠢᠴᠡ ᠪᠠᠷ᠂ ᠮᠠᠨ ᠤ ᠣᠷᠣᠨ ᠤ ᠡᠭᠦᠯᠳᠡᠷ ᠪᠣᠶᠢᠵᠢᠭᠤᠯᠬᠤ ᠳᠠᠪᠠᠭᠤᠯᠢᠭ ᠪᠠ ᠰᠤᠳᠤᠯᠤᠨ ᠨᠡᠭᠡᠭᠡᠬᠦ ᠰᠠᠭᠤᠷᠢ ᠲᠠᠢ ᠰᠢᠷ᠎ᠠ ᠪᠤᠷᠴᠠᠭ ᠂ ᠨᠠᠷᠢᠮᠤ ᠂ ᠨᠡᠷᠡᠨ ᠬᠤᠸᠠᠷ ᠪᠠ ᠠᠵᠤ ᠦᠢᠯᠡᠰ ᠤᠨ ᠳᠠᠪᠠᠭᠤᠯᠢᠭ ᠲᠠᠢ ᠂ ᠦᠷ᠎ᠡ ᠶᠢᠨ ᠦᠢᠯᠡᠰ ᠲᠤ ᠳᠤᠲᠠᠭᠤᠳᠠᠯ ᠲᠠᠢ ᠡᠷᠳᠡᠨᠢ ᠰᠢᠰᠢ ᠂ ᠲᠥᠮᠥᠰᠥ ᠂ ᠤᠰᠤᠨ ᠲᠤᠲᠤᠷᠭ᠎ᠠ ᠂ ᠪᠤᠭᠤᠳᠠᠢ ᠂ ᠨᠣᠬᠠᠢ ᠶᠢᠨ ᠬᠤᠰᠢᠭᠤ ᠂ ᠠᠯᠠᠰᠢᠨ ᠦᠬᠡᠷ ᠂ ᠠᠯᠠᠰᠢᠨ ᠬᠤᠨᠢ ᠂ ᠠᠮᠢᠳᠤ ᠭᠠᠭ᠋ᠠᠢ ᠵᠡᠷᠭᠡ 11 ᠵᠦᠢᠯ ᠤᠨ ᠳᠦᠷᠰᠦ ᠶᠢ ᠰᠣᠩᠭᠤᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢ ᠦᠷᠨᠢᠭᠦᠯᠵᠦ᠂ ᠪᠣᠭᠤᠮᠲᠠ ᠰᠢᠪᠲᠤᠯᠤᠯᠲᠠ ᠶᠢᠨ ᠠᠵᠢᠯ ᠤᠨ ᠳᠠᠭᠠᠭᠤᠯᠤᠭᠴᠢ ᠨᠢᠭᠡᠴᠢ ᠪᠣᠯᠣᠨ ᠲᠦᠷᠦᠭᠦᠦ ᠲᠤᠰᠬᠠᠢ ᠮᠡᠷᠭᠡᠵᠢᠯᠲᠡᠨ ᠢ ᠰᠣᠩᠭᠤᠨ ᠲᠣᠭᠲᠠᠭᠠᠵᠤ᠂ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠦᠷ᠎ᠡ ᠡᠳ᠋ ᠤᠨ ᠡᠬᠢ ᠪᠠᠶᠠᠯᠢᠭ᠂ ᠴᠢᠳᠠᠪᠤᠷᠢᠲᠠᠨ ᠤ ᠡᠬᠢ ᠪᠠᠶᠠᠯᠢᠭ᠂ ᠲᠠᠪᠴᠠᠩ ᠤᠨ ᠡᠬᠢ ᠪᠠᠶᠠᠯᠢᠭ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠨᠡᠶᠢᠳᠭᠡᠵᠦ ᠂ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠵᠤ ᠬᠢᠨᠠᠨ ᠲᠣᠭᠲᠠᠭᠠᠬᠤ᠂ ᠮᠣᠯᠧᠺᠦ᠋ᠯ ᠤᠨ ᠡᠭᠦᠯᠳᠡᠷ ᠪᠣᠶᠢᠵᠢᠭᠤᠯᠬᠤ ᠰᠠᠭᠤᠷᠢ ᠰᠤᠳᠤᠯᠤᠯ᠂ ᠰᠢᠨ᠎ᠡ ᠮᠠᠲ᠋ᠧᠷᠢᠶᠠᠯ ᠢ ᠡᠭᠦᠳᠬᠦ ᠪᠠ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠡᠯ᠎ᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠣᠷᠭᠠᠨᠢᠭ ᠢᠶᠠᠷ ᠵᠣᠯᠭᠠᠭᠤᠯᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤᠪᠠᠷ ᠡᠳ᠋ᠯᠡᠵᠦ ᠬᠠᠮᠲᠤᠪᠠᠷ ᠠᠰᠢᠭ ᠭᠥᠷᠳᠡᠬᠦ ᠥᠨᠳᠥᠷ ᠦᠷ᠎ᠡ ᠪᠦᠲᠦᠮᠵᠢᠲᠡᠶ ᠡᠭᠦᠯᠳᠡᠷ ᠪᠣᠶᠢᠵᠢᠭᠤᠯᠬᠤ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠢ ᠭᠡᠪᠡ ᠃ᠬᠤᠷᠠᠯ ᠠᠴᠠ ᠂ ᠦᠷ᠎ᠡ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠳᠤ 1 ᠵᠢᠯ ᠳᠤ ᠰᠠᠶᠢᠨ ᠡᠬᠢᠯᠡᠭᠦᠯᠬᠦ᠂ 3 ᠵᠢᠯ ᠳᠤ ᠰᠠᠭᠤᠷᠢ ᠲᠠᠯᠪᠢᠬᠤ ᠂ 5 ᠵᠢᠯ ᠳᠤ ᠦᠷ᠎ᠡ ᠪᠦᠲᠦᠮᠵᠢ ᠣᠯᠬᠤ ᠰᠡᠳᠬᠢᠴᠡ ᠪᠠᠷ ᠤᠷᠳᠤ ᠬᠤᠭᠤᠴᠠᠭ᠎ᠠ ᠪᠠᠷ ᠲᠣᠭᠲᠠᠭᠤᠨ ᠳᠡᠮᠵᠢᠯᠭᠡ ᠦᠵᠡᠭᠦᠯᠵᠦ ᠂ ︽ ᠬᠤᠯᠪᠣᠭᠠᠯᠠᠬᠤ ︾ ᠡᠨᠡ ᠬᠦ ᠵᠠᠩᠭᠢᠯᠠᠭ᠎ᠠ ᠶᠢ ᠣᠨᠣᠪᠴᠢᠲᠠᠢ ᠣᠶᠢᠯᠠᠭᠠᠨ ᠡᠵᠡᠮᠳᠡᠵᠦ ᠂ ︽ ᠬᠡᠨ ᠲᠠᠢ ᠬᠤᠯᠪᠣᠭᠠᠯᠠᠬᠤ ᠂ ᠬᠡᠷᠬᠢᠨ ᠬᠤᠯᠪᠣᠭᠠᠯᠠᠬᠤ ᠂ ᠬᠡᠷᠬᠢᠨ ᠠᠵᠢᠯᠯᠠᠭᠤᠯᠬᠤ ︾ ᠭᠤᠷᠪᠠᠨ ᠭᠤᠣᠯ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠲᠤᠰᠬᠠᠢ ᠮᠡᠷᠭᠡᠵᠢᠯᠲᠡᠨ ᠤ ᠪᠦᠯᠬᠦᠮ ᠪᠣᠯᠣᠨ ᠬᠡᠷᠡᠭᠵᠢᠭᠦᠯᠬᠦ ᠲᠥᠰᠥᠯ ᠢ ᠴᠢᠨᠠᠭᠰᠢᠳᠠ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠲᠡᠢ᠃ ᠨᠢᠭᠡ ᠢᠵᠢ ᠦᠷ᠎ᠡ ᠪᠣᠶᠢᠵᠢᠭᠤᠯᠬᠤ ᠪᠣᠭᠤᠮᠲᠠ ᠰᠢᠪᠲᠤᠯᠤᠯᠲᠠ ᠶᠢᠨ ᠲᠥᠰᠥᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ ᠂ ᠪᠣᠭᠤᠮᠲᠠ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ ᠂ ᠪᠣᠭᠤᠮᠲᠠ ᠰᠢᠪᠲᠤᠯᠤᠯᠲᠠ ᠶᠢᠨ ᠡᠭᠦᠷᠭᠡ ᠶᠢ ᠨᠠᠷᠢᠯᠢᠭᠵᠢᠭᠤᠯᠵᠤ ᠂ ᠱᠠᠲᠤ ᠬᠤᠪᠢᠶᠠᠭᠰᠠᠨ ᠬᠠᠷᠠᠯᠲᠠ ᠶᠢ ᠳᠤᠷᠠᠳᠴᠤ ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠵᠢᠭᠰᠠᠭᠠᠵᠤ ᠂ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠣᠭᠲᠠᠭᠠᠵᠤ ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠬᠤ ᠂ ᠨᠠᠶᠢᠳᠠᠪᠤᠷᠢᠵᠢᠭᠤᠯᠵᠤ ᠪᠣᠯᠬᠤ ᠂ ᠬᠡᠮᠵᠢᠶᠡᠵᠢᠭᠦᠯᠵᠦ ᠪᠣᠯᠬᠤ ᠂ ᠬᠢᠨᠠᠨ ᠰᠢᠯᠭᠠᠵᠤ ᠪᠣᠯᠬᠤ ᠶᠢ ᠪᠠᠲᠤᠯᠠᠬᠤ ᠬᠡᠷᠡᠭᠲᠡᠢ ᠃ ᠡᠯ᠎ᠡ ᠲᠦᠷᠦᠯ ᠤᠨ ᠪᠣᠳᠠᠰ ᠤᠨ ᠲᠦᠷᠦᠯ ᠤᠨ ᠣᠳᠣᠬᠠᠨ ᠤ ᠵᠠᠬ᠎ᠠ ᠳᠡᠯᠭᠡᠭᠦᠷ ᠪᠣᠯᠣᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠡᠪᠡᠷᠰᠢᠶᠡᠯ ᠳᠤ ᠴᠢᠭᠯᠡᠭᠦᠯᠵᠦ ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠵᠦ ᠂ ᠪᠣᠭᠤᠮᠲᠠ ᠰᠢᠪᠲᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ ᠂ ᠮᠡᠷᠭᠡᠵᠢᠯ ᠢ ᠬᠤᠷᠠᠮᠳᠤᠭᠤᠯᠬᠤ ᠂ ᠴᠢᠳᠠᠪᠤᠷᠢᠲᠠᠨ ᠢ ᠴᠤᠭᠯᠠᠷᠠᠭᠤᠯᠬᠤ ᠂ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠵᠤ ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ ᠂ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠪᠣᠯᠣᠨ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃
3.png
4.png 
      ᠬᠤᠷᠠᠯ ᠠᠴᠠ ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ ᠂ ᠦᠷ᠎ᠡ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠣᠪᠣᠶᠢᠮ᠎ᠠ ᠪᠠᠶᠢᠷᠢᠨ ᠳᠤ ᠲᠠᠯᠪᠢᠵᠤ ᠂ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠨᠢ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠠᠳᠬᠤᠵᠤ᠂ ᠴᠢᠭᠯᠡᠯ ᠢ ᠲᠣᠭᠲᠠᠭᠠᠨ᠂ ᠭᠤᠣᠯᠳᠠᠯᠭ᠎ᠠ ᠶᠢ ᠠᠳᠬᠤᠵᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠪᠣᠭᠤᠮᠲᠠ ᠰᠢᠪᠲᠤᠯᠤᠯᠲᠠ ᠶᠢᠨ ᠠᠵᠢᠯ ᠢ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠴᠢᠬᠤᠯᠠ ᠡᠭᠦᠷᠭᠡ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠩ ᠣᠯᠠᠨ ᠪᠡᠯᠡ ᠮᠥᠩᠭᠦ᠂ ᠴᠢᠳᠠᠪᠤᠷᠢᠲᠠᠨ᠂ ᠮᠡᠷᠭᠡᠵᠢᠯ᠂ ᠮᠡᠳᠡᠭᠡ ᠵᠠᠩᠭᠢ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠬᠥᠲᠥᠯᠥᠨ ᠵᠢᠯᠤᠭᠤᠳᠴᠤ ᠪᠠᠶᠢᠭᠠᠳ ᠪᠣᠭᠤᠮᠲᠠ ᠰᠢᠪᠲᠤᠯᠤᠯᠲᠠ ᠶᠢᠨ ᠪᠦᠯᠬᠦᠮ ᠨᠡᠶᠢᠲᠡ ᠳᠤ ᠴᠤᠭᠯᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠪᠣᠭᠤᠮᠲᠠ ᠰᠢᠪᠲᠤᠯᠤᠯᠲᠠ ᠶᠢᠨ ᠠᠭᠤᠯᠭ᠎ᠠ ᠲᠠᠢ ᠤᠶᠠᠯᠳᠤᠭᠤᠯᠤᠨ᠂ ᠲᠣᠰ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ ᠃      ᠬᠤᠷᠠᠯ ᠳᠡᠭᠡᠷ᠎ᠡ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᠵᠢᠶᠠᠨ ᠮᠧᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠸᠠᠩ ᠲᠢᠶᠠᠨ ᠢᠦᠢ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠢ ᠮᠠᠯ ᠡᠮᠨᠡᠯᠭᠡ ᠶᠢᠨ ᠭᠠᠵᠠᠷ ᠤᠨ ᠰᠤᠳᠤᠯᠤᠭᠴᠢ ᠯᠢ ᠵᠢᠶᠦ᠋ᠨ ᠶᠠ ᠲᠤᠰᠬᠠᠢ ᠰᠡᠳᠦᠪᠲᠦ ᠮᠡᠳᠡᠭᠦᠯᠦᠯᠲᠡ ᠬᠢᠵᠡᠢ ᠃ ᠥᠪᠡᠷᠲᠡᠭᠡᠨ ᠵᠠᠰᠠᠬᠤ ᠣᠷᠣᠨ ᠤ ᠦᠷ᠎ᠡ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢᠨ ᠲᠥᠯᠥᠭᠡᠯᠡᠭᠴᠢᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠡᠯ᠎ᠡ ᠪᠣᠭᠤᠮᠲᠠ ᠰᠢᠪᠲᠤᠯᠤᠯᠲᠠ ᠶᠢᠨ ᠪᠦᠯᠬᠦᠮ ᠤᠨ ᠬᠢᠨ ᠪᠣᠳᠠᠰ ᠤᠨ ᠲᠦᠷᠦᠯ ᠬᠤᠪᠢᠶᠠᠨ ᠪᠣᠭᠤᠮᠲᠠ ᠰᠢᠪᠲᠤᠯᠤᠯᠲᠠ ᠶᠢᠨ ᠠᠵᠢᠯ ᠢ ᠰᠤᠳᠤᠯᠤᠨ ᠶᠠᠷᠢᠯᠴᠠᠵᠤ ᠰᠣᠯᠢᠯᠴᠠᠨ᠂ ᠦᠷ᠎ᠡ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠪᠠᠷ ᠬᠠᠮᠲᠤᠪᠠᠷ ᠠᠷᠭ᠎ᠠ ᠰᠦᠪᠡᠭᠴᠢᠯᠡᠵᠦ ᠪᠦᠬᠦ ᠬᠦᠴᠦᠨ ᠢᠶᠠᠷ ᠢᠶᠠᠨ ᠠᠬᠢᠭᠤᠯᠪᠠ ᠃      ᠲᠢᠩᠬᠢᠮ ᠤᠨ ᠬᠤᠯᠪᠣᠭᠳᠠᠯ ᠪᠦᠬᠦᠢ ᠭᠠᠵᠠᠷ ᠠᠯᠪᠠᠨ ᠭᠡᠷ ᠪᠣᠯᠣᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠪᠣᠭᠤᠮᠲᠠ ᠰᠢᠪᠲᠤᠯᠤᠯᠲᠠ ᠶᠢᠨ ᠪᠦᠯᠬᠦᠮ ᠤᠨ ᠲᠡᠷᠢᠭᠦᠨ ᠲᠤᠰᠬᠠᠢ ᠮᠡᠷᠭᠡᠵᠢᠯᠲᠡᠨ᠂ ᠳᠠᠭᠠᠭᠤᠯᠤᠭᠴᠢ ᠨᠢᠭᠡᠴᠢ ᠶᠢᠨ ᠬᠠᠷᠢᠭᠤᠴᠠᠯᠭᠠᠲᠠᠨ᠂ ᠣᠷᠣᠯᠴᠠᠭᠰᠠᠨ ᠨᠢᠭᠡᠴᠢ ᠪᠣᠯᠣᠨ ᠲᠤᠰᠬᠠᠢ ᠮᠡᠷᠭᠡᠵᠢᠯᠲᠡᠨ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号