ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠠᠩᠭᠢ ᠤᠯᠠᠭᠠᠨᠵᠢᠯᠢᠨ ᠲᠣᠰᠬᠤᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠠᠬᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/19
      2023 ᠣᠨ ᠤ 6 ᠰᠠᠷ᠎ᠠ ᠶᠢᠨ 13  ᠤ ᠡᠳᠦᠷ ᠠᠴᠠ 14  ᠤ ᠡᠳᠦᠷ ᠪᠣᠯᠲᠠᠯ᠎ᠠ ᠂ ᠣᠷᠳᠣᠰ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠠᠩᠭᠢ ᠶᠢᠨ ᠳᠠᠷᠤᠭ᠎ᠠ ᠂ ᠬᠢᠵᠢᠭ ᠰᠡᠷᠭᠡᠶᠢᠯᠡᠬᠦ ᠲᠥᠪ ᠤᠨ ᠡᠷᠬᠢᠯᠡᠭᠴᠢ ᠪᠠᠢ ᠭᠠᠩ ᠪᠦᠯᠬᠦᠮ ᠳᠠᠭᠠᠭᠤᠯᠵᠤ ᠂ ᠤᠲᠤᠭ ᠬᠤᠰᠢᠭᠤᠨ ᠤ ᠮᠦᠺᠠᠢ ᠨᠠᠭᠤᠷ ᠪᠠᠯᠭᠠᠰᠤ ᠶᠢᠨ ᠤᠯᠠᠭᠠᠨᠵᠢᠯᠢᠨ ᠲᠣᠰᠬᠤᠨ ᠳᠤ ︽ ᠦᠬᠡᠷ ᠬᠤᠨᠢᠨ ᠤ ᠪᠷᠦ᠋ᠼᠧᠯ ᠡᠪᠡᠳᠴᠢᠨ ᠢ ᠴᠡᠪᠡᠷᠰᠢᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠠᠬᠢᠭᠤᠯᠬᠤ ᠬᠤᠷᠠᠯ ︾  ᠤᠨ ᠰᠢᠷᠢᠰ ᠠᠵᠢᠯᠯᠠᠭ᠎ᠠ ᠦᠷᠨᠢᠭᠦᠯᠪᠡ ᠃ ᠤᠲᠤᠭ ᠬᠤᠰᠢᠭᠤᠨ ᠤ ᠬᠢᠵᠢᠭ ᠰᠡᠷᠭᠡᠶᠢᠯᠡᠬᠦ ᠲᠥᠪ ᠂ ᠮᠦᠺᠠᠢ ᠨᠠᠭᠤᠷ ᠪᠠᠯᠭᠠᠰᠤ ᠂ ᠤᠯᠠᠭᠠᠨᠵᠢᠯᠢᠨ ᠲᠣᠰᠬᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ 80 ᠭᠠᠷᠤᠢ ᠲᠣᠰᠬᠤᠨ ᠤ ᠠᠷᠠᠳ ᠠᠵᠢᠯᠯᠠᠭ᠎ᠠ ᠳᠤ ᠣᠷᠣᠯᠴᠠᠪᠠ ᠃
11.png
       ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠠᠩᠭᠢ ᠪᠣᠯᠣᠨ ᠦᠬᠡᠷ ᠬᠤᠨᠢᠨ ᠤ ᠪᠷᠦ᠋ᠼᠧᠯ ᠡᠪᠡᠳᠴᠢᠨ ᠢ ᠴᠡᠪᠡᠷᠰᠢᠭᠦᠯᠬᠦ ᠲᠥᠷᠥᠯ ᠵᠦᠢᠯ ᠤᠨ ᠣᠨ ᠤ ᠠᠵᠢᠯ ᠤᠨ ᠲᠥᠯᠥᠪᠯᠡᠭᠡ ᠶᠣᠰᠣᠭᠠᠷ᠂ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ  ᠨᠢ ᠮᠠᠯᠴᠢᠨ ᠲᠠᠷᠢᠶᠠᠴᠢᠨ ᠳᠤ ᠬᠠᠨᠳᠤᠭᠤᠯᠤᠨ ᠬᠥᠮᠥᠨ ᠮᠠᠯ ᠳᠤ ᠪᠦᠷ ᠬᠠᠯᠳᠠᠪᠤᠷᠢᠯᠠᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠵᠤ ᠂ ᠮᠠᠯᠴᠢᠨ ᠲᠠᠷᠢᠶᠠᠴᠢᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠨ᠂ ᠭᠡᠷ ᠤᠨ ᠲᠡᠵᠢᠭᠡᠪᠦᠷᠢ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ 2022 ᠣᠨ ᠤ ᠲᠥᠷᠥᠯ ᠵᠦᠢᠯ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠣᠯᠪᠠᠰᠤᠷᠠᠯ ᠪᠠ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠬᠢᠨᠠᠨ ᠬᠡᠮᠵᠢᠵᠦ ᠴᠡᠪᠡᠷᠰᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ ᠃
22.png
       ᠠᠵᠢᠯᠯᠠᠭ᠎ᠠ ᠳᠤ ᠶᠠᠷᠢᠯᠴᠠᠨ ᠰᠣᠯᠢᠯᠴᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠥᠯᠢᠭᠡᠷ ᠡᠳ᠋ ᠠᠪᠴᠤ ᠪᠠᠶᠢᠴᠠᠭᠠᠨ ᠰᠢᠯᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠤᠯᠠᠭᠠᠨᠵᠢᠯᠢᠨ ᠲᠣᠰᠬᠤᠨ ᠤ 140 ᠭᠠᠷᠤᠢ ᠮᠠᠯᠴᠢᠨ ᠲᠠᠷᠢᠶᠠᠴᠢᠨ ᠡᠷᠦᠬᠡ ᠶᠢ ᠬᠠᠮᠤᠷᠴᠤ᠂ 10 ᠭᠠᠷᠤᠢ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1000 ᠭᠠᠷᠤᠢ ᠬᠤᠪᠢ ᠲᠠᠷᠬᠠᠭᠠᠵᠠᠢ᠃ ᠥᠯᠢᠭᠡᠷ ᠡᠳ᠋ ᠠᠪᠴᠤ ᠪᠠᠶᠢᠴᠠᠭᠠᠨ ᠰᠢᠯᠭᠠᠬᠤ ᠠᠵᠢᠯ ᠶᠠᠭ ᠶᠠᠪᠤᠭᠳᠠᠵᠤ ᠪᠣᠶ᠂ 10 ᠡᠳᠦᠷ ᠤᠨ ᠴᠠᠭ ᠢ ᠠᠰᠢᠭᠯᠠᠨ 4500 ᠭᠠᠷᠤᠢ ᠬᠤᠪᠢ ᠥᠯᠢᠭᠡᠷ ᠡᠳ᠋ ᠴᠤᠭᠯᠠᠭᠤᠯᠵᠤ ᠪᠠᠶᠢᠴᠠᠭᠠᠨ ᠰᠢᠯᠭᠠᠵᠤ᠂ ᠴᠡᠪᠡᠷᠰᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠪᠠᠷ ᠲᠥᠯᠥᠪᠯᠡᠵᠦ ᠪᠣᠶ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号