ᠣᠷᠳᠣᠰ ᠬᠤᠲᠠ ᠠᠮᠤ ᠪᠤᠳᠠᠭ᠎ᠠ ᠪᠣᠳᠠᠲᠠᠢ ᠳᠠᠷᠢᠵᠦ ᠪᠠᠶᠢᠭ᠎ᠠ ᠲᠠᠷᠢᠶᠠᠴᠢᠳ ᠲᠤ ᠣᠯᠭᠤᠬᠤ ᠨᠢᠭᠡ ᠯᠠ ᠤᠳᠠᠭ᠎ᠠ ᠶᠢᠨ ᠴᠢᠨᠠᠷᠲᠠᠢ ᠨᠥᠬᠦᠪᠦᠷᠢ ᠮᠦᠩᠬᠦ ᠶᠢ 2899 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2023/6/19
      ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ ᠳᠡᠮᠵᠢᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠤᠯᠠᠮ ᠨᠢᠭᠡ ᠯᠠ ᠠᠯᠬᠤᠮ ᠳᠠᠶᠢᠴᠢᠯᠠᠬᠤ ᠶᠢᠨ ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠥᠪ ᠤᠨ ᠡᠳ᠋ ᠤᠨ ᠵᠠᠰᠠᠭ ᠠᠴᠠ 100 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠪᠣᠳᠠᠲᠠᠢ ᠠᠮᠤ ᠪᠤᠳᠠᠭ᠎ᠠ ᠳᠠᠷᠢᠵᠦ ᠪᠠᠶᠢᠭ᠎ᠠ ᠲᠠᠷᠢᠶᠠᠴᠢᠳ ᠲᠤ ᠨᠢᠭᠡ ᠯᠠ ᠤᠳᠠᠭ᠎ᠠ ᠶᠢᠨ ᠴᠢᠨᠠᠷᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠮᠦᠩᠬᠦ ᠣᠯᠭᠤᠪᠠ᠃ ᠡᠭᠦᠨ ᠳᠤ᠂ ᠣᠷᠳᠣᠰ ᠬᠤᠲᠠ ᠳᠤ 2899 ᠲᠦᠮᠡᠨ ᠲᠥᠭᠦᠷᠢᠭ ᠤᠨ ᠨᠥᠬᠦᠪᠦᠷᠢ ᠮᠥᠩᠭᠦ ᠬᠤᠪᠢᠶᠠᠷᠢᠯᠠᠪᠠ᠃ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠳᠡᠭᠡᠳᠦ ᠱᠠᠲᠤᠨ ᠤ ᠪᠡᠯᠡ ᠮᠥᠩᠭᠦ ᠶᠢ ᠲᠣᠰᠴᠤ ᠠᠪᠤᠭᠰᠠᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯ ᠤᠨ ᠬᠡᠷᠡᠭᠵᠢᠭᠦᠯᠬᠦ ᠲᠥᠰᠥᠯ ᠪᠠ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ ᠢ ᠱᠠᠯᠠᠪᠳᠠᠨ ᠲᠣᠭᠲᠠᠭᠠᠵᠤ᠂ 5 ᠳ᠋ᠤᠭᠠᠷ ᠰᠠᠷ᠎ᠠ ᠶᠢᠨ ᠡᠬᠢ ᠪᠠᠷ ᠡᠨᠡ ᠬᠦ ᠨᠥᠬᠦᠪᠦᠷᠢ ᠮᠥᠩᠭᠦ ᠶᠢ ᠡᠯ᠎ᠡ ᠬᠤᠰᠢᠭᠤ ᠲᠣᠭᠤᠷᠢᠭ ᠲᠤ ᠪᠠᠭᠤᠯᠭᠠᠭᠰᠠᠨ ᠪᠠᠶᠢᠨ᠎ᠠ᠃      ᠲᠤᠰ ᠤᠳᠠᠭᠠᠨ ᠤ ᠨᠥᠬᠦᠪᠦᠷᠢ ᠮᠥᠩᠭᠦ ᠣᠯᠭᠤᠬᠤ ᠡᠲᠡᠭᠡᠳ ᠨᠢ ᠮᠥᠨ ᠯᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠦᠭᠰᠡᠨ ᠥᠪᠡᠷ ᠤᠨ ᠥᠷᠲᠡᠭ ᠢ ᠪᠣᠳᠠᠲᠠᠢ ᠡᠭᠦᠷᠭᠡᠯᠡᠵᠦ ᠪᠠᠶᠢᠭ᠎ᠠ ᠠᠮᠤ ᠪᠤᠳᠠᠭ᠎ᠠ ᠲᠠᠷᠢᠭᠰᠠᠳ ᠪᠣᠯᠣᠨ᠎ᠠ᠃ ᠡᠭᠦᠨ ᠳᠤ ᠥᠪᠡᠷ ᠤᠨ ᠳᠠᠭᠠᠭᠠᠴᠢᠯᠠᠭᠰᠠᠨ ᠭᠠᠵᠠᠷ ᠲᠠᠷᠢᠶ᠎ᠠ ᠪᠠᠨ ᠠᠰᠢᠭᠯᠠᠨ ᠠᠮᠤ ᠪᠤᠳᠠᠭ᠎ᠠ ᠲᠠᠷᠢᠳᠠᠭ ᠲᠠᠷᠢᠶᠠᠴᠢᠳ ᠢ ᠪᠠᠭᠲᠠᠭᠠᠬᠤ ᠮᠥᠷᠲᠡᠭᠡᠨ ᠡᠷᠭᠢᠯᠲᠡ ᠳᠤ ᠣᠷᠣᠭᠤᠯᠤᠭᠰᠠᠨ ᠭᠠᠵᠠᠷ ᠰᠢᠷᠣᠢ ᠶᠢ ᠳᠠᠭᠠᠭᠠᠴᠢᠯᠠᠭᠰᠠᠨ ᠠᠮᠤ ᠪᠤᠳᠠᠭ᠎ᠠ ᠲᠠᠷᠢᠬᠤ ᠲᠣᠮᠣ ᠡᠷᠦᠭᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶᠠᠵᠢᠯ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠵᠢᠴᠢ ᠠᠮᠤ ᠪᠤᠳᠠᠭ᠎ᠠ ᠶᠢᠨ ᠭᠠᠵᠠᠷ ᠲᠠᠷᠢᠶ᠎ᠠ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠶᠢ ᠪᠠᠭᠲᠠᠭᠠᠨ᠎ᠠ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ ᠠᠴᠠ ᠪᠡᠯᠡ ᠮᠥᠩᠭᠦ ᠶᠢᠨ ᠲᠤᠭ᠎ᠠ ᠬᠡᠮᠵᠢᠶ᠎ᠡ᠂ ᠠᠮᠤ ᠪᠤᠳᠠᠭ᠎ᠠ ᠳᠠᠷᠢᠬᠤ ᠲᠠᠯᠠᠪᠠᠶ ᠵᠡᠷᠭᠡ ᠪᠠᠶᠢᠳᠠᠯ ᠲᠠᠢ ᠪᠠᠨ ᠤᠶᠠᠯᠳᠤᠭᠤᠯᠤᠨ ᠲᠣᠰ ᠣᠷᠣᠨ ᠬᠡᠪᠴᠢᠶᠡᠨ ᠳᠣᠲᠣᠷᠠᠬᠢ ᠨᠥᠬᠦᠪᠦᠷᠢ ᠶᠢᠨ ᠵᠣᠭᠤᠰ ᠤᠨ ᠲᠤᠭ᠎ᠠ ᠶᠢ ᠶᠡᠷᠦᠩᠬᠡᠶᠢᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠣᠷᠣᠨ ᠬᠡᠪᠴᠢᠶᠡᠨ ᠳᠣᠲᠣᠷᠠᠬᠢ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠨ᠎ᠠ᠃ ᠡᠭᠦᠨ ᠤ ᠵᠠᠷᠭᠡ ᠪᠠᠷ᠂ ᠨᠥᠬᠦᠪᠦᠷᠢ ᠮᠦᠩᠬᠦ ᠶᠢᠨ ᠢᠯᠡ ᠪᠠᠷ ᠨᠡᠶᠢᠲᠡᠯᠡᠬᠦ ᠳᠦᠷᠢᠮ ᠢ ᠬᠡᠷᠡᠭᠵᠢᠭᠦᠯᠦᠨ᠂ ︽ᠨᠢᠭᠡ ᠺᠠᠷᠲ ︵ᠬᠠᠳᠠᠭᠠᠯᠠᠮᠵᠢ︶ ᠪᠠᠷ ᠨᠡᠶᠢᠳᠡᠮ ᠭᠦᠢᠴᠡᠳᠬᠡᠬᠦ︾ ᠪᠠᠷ ᠳᠠᠮᠵᠢᠭᠤᠯᠤᠨ ᠨᠥᠬᠦᠪᠦᠷᠢ ᠮᠥᠩᠭᠦ ᠶᠢ ᠰᠢᠭᠤᠳ ᠣᠯᠭᠤᠵᠦ᠂ ᠨᠥᠬᠦᠪᠦᠷᠢ ᠮᠥᠩᠭᠦ ᠶᠢ ᠴᠠᠭ ᠲᠤᠬᠠᠢ ᠳᠤ ᠨᠢ ᠠᠮᠤ ᠪᠤᠳᠠᠭ᠎ᠠ ᠪᠣᠳᠠᠲᠠᠢ ᠳᠠᠷᠢᠵᠦ ᠪᠠᠶᠢᠭ᠎ᠠ ᠲᠠᠷᠢᠶᠠᠴᠢᠳ ᠲᠤ ᠣᠯᠭᠤᠵᠤ᠂ ᠨᠥᠬᠦᠪᠦᠷᠢ ᠮᠦᠩᠬᠦ ᠶᠢᠨ ᠪᠠᠶᠢᠪᠠᠰᠤ ᠵᠣᠬᠢᠬᠤ ᠦᠷ᠎ᠡ ᠠᠰᠢᠭ ᠢ ᠦᠨᠡᠨ ᠬᠦ ᠪᠠᠳᠠᠷᠠᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠢᠳᠡᠪᠬᠢᠲᠡᠢ ᠳᠣᠬᠢᠶ᠎ᠠ ᠶᠢ ᠭᠠᠷᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢᠨ ᠥᠰᠦᠯᠲᠡ ᠶᠢᠨ ᠪᠣᠳᠠᠲᠠᠢ ᠠᠮᠤ ᠪᠤᠳᠠᠭ᠎ᠠ ᠳᠠᠷᠢᠵᠦ ᠪᠠᠶᠢᠭ᠎ᠠ ᠲᠠᠷᠢᠶᠠᠴᠢᠳ ᠤᠨ ᠵᠠᠷᠤᠯᠭ᠎ᠠ ᠶᠢᠨ ᠨᠡᠮᠡᠭᠳᠡᠯ ᠳᠤ ᠦᠵᠡᠭᠦᠯᠬᠦ ᠳᠠᠷᠤᠯᠲᠠ ᠶᠢ ᠨᠠᠮᠳᠠᠭᠤᠯᠵᠤ᠂ ᠠᠮᠤ ᠪᠤᠳᠠᠭ᠎ᠠ ᠳᠠᠷᠢᠬᠤ ᠠᠰᠢᠭ ᠣᠷᠣᠯᠭ᠎ᠠ ᠶᠢ ᠪᠠᠲᠤᠯᠠᠨ᠂ ᠠᠮᠤ ᠪᠤᠳᠠᠭ᠎ᠠ ᠳᠠᠷᠢᠵᠦ ᠪᠠᠶᠢᠭ᠎ᠠ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠳᠠᠷᠢᠵᠦ ᠪᠠᠶᠢᠭ᠎ᠠ ᠲᠠᠷᠢᠶᠠᠴᠢᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠭᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号