ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠬᠥᠳᠡᠭᠡ ᠲᠣᠰᠬᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠠᠷᠢᠶᠠᠯᠠᠩ ᠤᠨ ᠮᠠᠰᠢᠨᠴᠢᠯᠠᠯᠲᠠ ᠶᠢᠨ ᠭᠤᠣᠯᠳᠠᠯᠭ᠎ᠠ ᠲᠠᠢ ᠠᠵᠢᠯ ᠢ ᠵᠢᠯᠤᠭᠤᠳᠪᠠ
ᠨᠡᠶᠢᠲᠡᠯᠡᠭᠰᠡᠨ ᠴᠠᠭ᠄
2023/6/2
      5 ᠰᠠᠷ᠎ᠠ ᠶᠢᠨ 29 ᠤ ᠡᠳᠦᠷ ᠠᠴᠠ 31 ᠤ ᠡᠳᠦᠷ ᠪᠣᠯᠲᠠᠯ᠎ᠠ ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠠᠩ ᠬᠢᠩᠭᠠᠨ ᠲᠠᠷᠢᠶᠠᠯᠠᠩ ᠤᠨ ᠮᠠᠰᠢᠨ ᠤ ᠹᠷᠣᠨᠲ ᠤᠨ ᠬᠠᠮᠢᠶ᠎ᠠ ᠪᠦᠬᠦᠢ ᠠᠵᠢᠯᠲᠠᠳ ᠢ ᠳᠠᠭᠠᠭᠤᠯᠤᠨ᠂ ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ ᠭᠠᠵᠠᠷ ᠣᠷᠣᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠰᠡᠭᠦᠯ ᠬᠤᠷᠢᠶᠠᠬᠤ᠂ ᠴᠢᠬᠢᠯᠡᠬᠦ ᠬᠤᠭᠤᠴᠠᠭᠠᠨ ᠳᠤ ᠬᠦᠷᠦᠰᠤ ᠶᠢ ᠭᠦᠨ ᠰᠤᠯᠠᠷᠠᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ᠂ ᠠᠵᠢᠯ ᠤᠨ ᠨᠥᠬᠦᠪᠦᠷᠢ ᠣᠯᠭᠤᠬᠤ᠂ ︽ᠤᠯᠤᠰ ᠤᠨ ᠭᠤᠷᠪᠠᠳᠤᠭᠠᠷ︾ ᠠᠴᠠ ︽ᠤᠯᠤᠰ ᠤᠨ ᠳᠥᠷᠪᠡᠳᠦᠭᠡᠷ︾ ᠮᠠᠰᠢᠨ ᠪᠠᠭᠠᠵᠢ ᠶᠢᠨ ᠲᠠᠪᠴᠠᠩ ᠳᠤ ᠳᠠᠪᠰᠢᠨ ᠣᠷᠣᠭᠤᠯᠬᠤ ᠪᠠ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠭᠡᠨ ᠥᠷᠭᠡᠳᠬᠡᠬᠦ᠂ ᠲᠠᠷᠢᠶᠠᠯᠠᠩ ᠤᠨ ᠮᠠᠰᠢᠨ ᠤ ᠠᠶᠤᠯ ᠦᠭᠡᠢ ᠦᠢᠯᠡᠳᠪᠦᠷᠢᠯᠡᠯ ᠵᠡᠷᠭᠡ ᠲᠠᠷᠢᠶᠠᠯᠠᠩ ᠤᠨ ᠮᠠᠰᠢᠨᠴᠢᠯᠠᠯᠲᠠ ᠶᠢᠨ ᠭᠤᠣᠯᠳᠠᠯᠭ᠎ᠠ ᠲᠠᠢ ᠠᠵᠢᠯ ᠢ ᠵᠢᠯᠤᠭᠤᠳᠪᠠ ᠃      ᠵᠢᠯᠤᠭᠤᠳᠬᠤ ᠳᠤᠭᠤᠶᠢᠯᠠᠩ ᠤᠨ ᠬᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠭᠠᠵᠠᠷ᠂ ᠬᠡᠷᠡᠭᠯᠡᠭᠡᠨ ᠤ ᠳᠡᠯᠭᠡᠷᠡᠭᠦᠯᠦᠯᠲᠡ ᠶᠢᠨ ᠰᠠᠭᠤᠷᠢᠨ ᠭᠠᠵᠠᠷ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠬᠡᠮᠵᠢᠬᠦ ᠴᠡᠭ ᠲᠤ ᠭᠦᠨᠵᠡᠭᠡᠶᠢᠷᠡᠵᠦ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠵᠢᠭᠦᠯᠦᠭᠰᠡᠨ ᠲᠠᠯᠠᠪᠠᠶ ᠵᠢᠴᠢ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠨ᠂ ᠲᠤᠬᠠᠢ ᠶᠢᠨ ᠲᠠᠯᠠᠪᠤᠷ ᠲᠤᠨᠢ ᠴᠢᠬᠢ ᠶᠢᠨ ᠪᠠᠶᠢᠳᠠᠯ ᠢ ᠪᠠᠶᠢᠴᠠᠭᠠᠨ ᠦᠵᠡᠵᠦ᠂ ᠡᠯ᠎ᠡ ᠭᠠᠵᠠᠷ ᠤᠨ ᠬᠢᠨ ᠢ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠠᠭᠠᠯᠪᠤᠷᠢᠯᠠᠬᠤ ᠦᠭᠡᠢ ᠪᠠᠷ ᠳᠠᠷᠢᠵᠤ ᠰᠡᠭᠦᠯ ᠬᠤᠷᠢᠶᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠣᠨ ᠤ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠣᠳᠣᠬᠠᠨ ᠤ ᠭᠠᠩ ᠬᠠᠭᠰᠠᠷᠠᠭᠠᠨ ᠤ ᠪᠠᠶᠢᠳᠠᠯ ᠲᠠᠢ ᠤᠶᠠᠯᠳᠤᠭᠤᠯᠤᠨ ᠂ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠂ ᠲᠠᠷᠢᠶᠠᠯᠠᠩ ᠤᠨ ᠮᠠᠰᠢᠨ ᠤ ᠬᠤᠷᠰᠢᠶ᠎ᠠ ᠵᠢᠴᠢ ᠲᠠᠷᠢᠶᠠᠯᠠᠩ ᠤᠨ ᠮᠠᠰᠢᠨ ᠤ ᠲᠣᠮᠣ ᠡᠷᠦᠬᠡ ᠶᠢ ᠵᠢᠯᠤᠭᠤᠳᠴᠤ ᠂ ᠤᠰᠤᠨ ᠤ ᠡᠬᠢ ᠰᠤᠷᠪᠤᠯᠵᠢ ᠶᠢᠨ ᠨᠥᠬᠦᠴᠡᠯ ᠲᠠᠢ ᠂ ᠨᠡᠯᠢᠶᠡᠳ ᠬᠦᠨᠳᠦ ᠭᠠᠩ ᠬᠠᠭᠰᠠᠷᠠᠭᠠᠨ ᠲᠠᠢ ᠭᠠᠵᠠᠷ ᠲᠤ ᠮᠠᠰᠢᠨ ᠵᠢᠴᠢ ᠤᠰᠤᠯᠠᠯᠲᠠ ᠶᠢᠨ ᠲᠥᠬᠦᠭᠡᠷᠦᠮᠵᠢ ᠶᠢ ᠱᠠᠯᠠᠪᠳᠠᠨ ᠲᠣᠬᠢᠷᠠᠭᠤᠯᠵᠤ ᠂ ᠭᠠᠩ ᠬᠠᠭᠰᠠᠷᠠᠭᠠᠨ ᠲᠠᠢ ᠲᠡᠮᠡᠴᠡᠵᠦ ᠴᠢᠬᠢ ᠶᠢ ᠬᠠᠮᠠᠭᠠᠯᠠᠬᠤ ᠂ ᠦᠷᠭᠦᠯᠵᠢᠯᠡᠨ ᠮᠠᠰᠢᠨᠴᠢᠯᠠᠯᠲᠠ ᠪᠠᠷ ᠤᠷᠭᠤᠮᠠᠯ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠥᠷᠨᠢᠭᠦᠯᠬᠦ ᠬᠡᠷᠡᠭᠲᠡᠢ ︔ ᠡᠭᠦᠨ ᠤ ᠬᠠᠮᠲᠤ ᠲᠦᠴᠢᠦᠸᠠᠨ ᠰᠢᠶᠠᠨ ᠤ ᠬᠠᠭᠠᠯᠪᠤᠷᠢᠯᠠᠬᠤ ᠦᠭᠡᠢ ᠪᠠᠷ ᠡᠷᠲᠡ ᠴᠢᠬᠢᠯᠡᠬᠦ ᠲᠠᠷᠢᠶᠠᠨ ᠭᠠᠵᠠᠷ ᠲᠤ ᠲᠤᠬᠠᠢ ᠶᠢᠨ ᠲᠠᠯᠠᠪᠠᠢ ᠳᠤ ᠴᠢᠬᠢᠯᠡᠬᠦ ᠬᠤᠭᠤᠴᠠᠭᠠᠨ ᠳᠤ ᠭᠦᠨ ᠰᠤᠯᠠᠷᠠᠭᠤᠯᠬᠤ ᠲᠤᠷᠰᠢᠯᠲᠠ ᠶᠢᠨ ᠠᠵᠢᠯ ᠢ ᠪᠠᠶᠢᠴᠠᠭᠠᠨ ᠦᠵᠡᠵᠦ ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠣᠨ ᠲᠠᠷᠢᠶᠠᠯᠠᠩ ᠤᠨ ᠮᠠᠰᠢᠨᠴᠢᠯᠠᠯᠲᠠ ᠶᠢᠨ ᠡᠵᠡᠩᠨᠡᠯᠲᠡ ᠶᠢᠨ ᠦᠢᠯᠡᠴᠢᠯᠡᠭᠡᠨ ᠤ ᠭᠤᠣᠯ ᠴᠣᠭᠴᠠ ᠶᠢ ᠵᠢᠯᠣᠭᠤᠳᠤᠨ ᠭᠦᠨ ᠰᠤᠯᠠᠷᠠᠭᠤᠯᠬᠤ ᠮᠠᠰᠢᠨ ᠢ ᠰᠣᠩᠭᠤᠬᠤ ᠵᠢᠴᠢ ᠬᠥᠳᠡᠯᠭᠡᠬᠦ ᠬᠦᠴᠦᠨ ᠢ ᠢᠵᠢ ᠪᠦᠷᠢᠳᠦᠭᠦᠯᠬᠦ ᠂ ᠠᠵᠢᠯ ᠤᠨ ᠭᠦᠨᠴᠡ ᠵᠢᠴᠢ ᠠᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠵᠦ ᠂ ᠬᠠᠪᠤᠷ ᠨᠠᠮᠤᠷ ᠤᠨ ᠬᠤᠭᠤᠴᠠᠭᠠᠨ ᠤ ᠭᠦᠨ ᠰᠤᠯᠠᠷᠠᠭᠤᠯᠬᠤ ᠵᠢᠴᠢ ᠴᠢᠬᠢᠯᠡᠬᠦ ᠬᠤᠭᠤᠴᠠᠭᠠᠨ ᠳᠤ ᠭᠦᠨ ᠰᠤᠯᠠᠷᠠᠭᠤᠯᠬᠤ ᠲᠤᠭ᠎ᠠ ᠪᠠᠷᠢᠮᠲᠠ ᠶᠢ ᠬᠤᠷᠠᠮᠳᠤᠭᠤᠯᠬᠤ ᠪᠠ ᠪᠦᠬᠦ ᠶᠠᠪᠤᠴᠠ ᠶᠢ ᠬᠠᠷᠢᠴᠠᠭᠤᠯᠤᠨ ᠲᠤᠷᠰᠢᠬᠤ ᠶᠢ ᠰᠠᠶᠢᠲᠤᠷ ᠠᠳᠬᠤᠬᠤ ᠬᠡᠷᠡᠭᠲᠡᠢ  ᠭᠡᠵᠦ ᠱᠠᠭᠠᠷᠳᠠᠪᠠ ᠃ ᠵᠢᠯᠤᠭᠤᠳᠬᠤ ᠳᠤᠭᠤᠶᠢᠯᠠᠩ ᠤᠨ ᠬᠢᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠲᠤ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠲᠠᠯᠠᠪᠤᠷ ᠤᠨ ᠭᠠᠵᠠᠷ ᠰᠣᠩᠭᠤᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠰᠠᠯᠭᠠᠵᠤ ᠬᠡᠷᠴᠢᠬᠦ ᠲᠥᠬᠦᠭᠡᠷᠦᠮᠵᠢ ᠶᠢ ᠵᠠᠬᠢᠶᠠᠯᠠᠨ ᠠᠪᠬᠤ ᠵᠡᠷᠭᠡ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠲᠠᠯᠠᠪᠤᠷ ᠢ ᠲᠥᠯᠥᠪᠵᠢᠭᠦᠯᠦᠨ ᠵᠢᠷᠤᠵᠤ ᠲᠥᠯᠥᠪᠯᠡᠬᠦ᠂ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠣᠷᠴᠢᠨ ᠠᠬᠤᠢ ᠶᠢᠨ ᠬᠠᠮᠠᠭᠠᠯᠠᠯᠲᠠ ᠵᠢᠴᠢ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠬᠤ᠂ ᠬᠢᠷᠢ ᠬᠡᠮ ᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠳᠡᠭᠡᠭᠰᠢ ᠮᠡᠳᠡᠭᠦᠯᠬᠦ᠂ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ  ᠢ ᠵᠦᠢᠯ ᠳᠠᠷᠠᠭᠠᠯᠠᠨ ᠲᠠᠶᠢᠯᠪᠤᠷᠢᠯᠠᠨ ᠲᠣᠳᠣᠷᠬᠠᠶᠢᠯᠠᠪᠠ︔ ᠡᠭᠦᠨ ᠤ ᠬᠠᠮᠲᠤ᠂ ᠣᠳᠣᠬᠠᠨ ᠤ ᠪᠠ ᠲᠠᠷᠠᠭᠠᠴᠢ ᠶᠢᠨ ᠠᠯᠬᠤᠮ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠦᠢᠴᠡᠳᠬᠡᠬᠦ ᠪᠠ ᠪᠡᠯᠡ ᠮᠥᠩᠭᠦ ᠰᠣᠯᠢᠵᠤ ᠥᠭᠬᠦ᠂ ︽ᠤᠯᠤᠰ ᠤᠨ ᠭᠤᠷᠪᠠᠳᠤᠭᠠᠷ︾ ᠠᠴᠠ ︽ᠤᠯᠤᠰ ᠤᠨ ᠳᠥᠷᠪᠡᠳᠦᠭᠡᠷ︾ ᠲᠤ ᠳᠡᠪᠰᠢᠬᠦ ᠮᠠᠰᠢᠨ ᠪᠠᠭᠠᠵᠢ ᠶᠢ ᠴᠠᠭ ᠤᠨ ᠬᠢᠵᠠᠭᠠᠷ ᠶᠣᠰᠣᠭᠠᠷ ᠣᠷᠣᠭᠤᠯᠬᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠪᠠ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠶᠢ ᠰᠣᠯᠢᠵᠤ ᠥᠭᠬᠦ᠂ ᠲᠠᠷᠢᠶᠠᠯᠠᠩ ᠤᠨ ᠮᠠᠰᠢᠨ ᠤ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠳᠤ ᠴᠢᠭᠯᠡᠭᠦᠯᠦᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号