ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠠᠩᠬᠠᠳᠤᠭᠠᠷ ᠤᠯᠠᠷᠢᠯ ᠤᠨ ᠲᠡᠵᠢᠭᠡᠨ ᠦᠷᠡᠵᠢᠭᠦᠯᠬᠦ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠤᠨ ᠰᠡᠷᠡᠮᠵᠢ ᠶᠢᠨ ᠮᠡᠳᠡᠭᠡ ᠵᠠᠩᠭᠢ ᠶᠢᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/6/2
      2023 ᠣᠨ ᠤ 1 ᠰᠠᠷ᠎ᠠ ᠠᠴᠠ 3 ᠰᠠᠷ᠎ᠠ ᠶᠢᠨ ᠬᠤᠭᠤᠷᠣᠨᠳᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠵᠢᠴᠢ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠭᠰᠠᠨ ᠶᠣᠰᠣᠭᠠᠷ᠂ 242 ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠢ ᠳᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠬᠢᠵᠦ᠂ ᠤᠬᠠᠭᠤᠯᠭ᠎ᠠ ᠶᠢᠨ ᠮᠠᠲ᠋ᠧᠷᠢᠶᠠᠯ ᠢ 3828 ᠬᠤᠪᠢ ᠲᠠᠷᠬᠠᠭᠠᠵᠤ᠂ 959 ᠬᠥᠮᠥᠨ ᠤᠳᠠᠭ᠎ᠠ ᠬᠠᠤᠯᠢ ᠬᠡᠷᠡᠭᠵᠢᠭᠦᠯᠦᠭᠴᠢ ᠶᠢ ᠤᠷᠤᠯᠴᠠᠭᠤᠯᠪᠠ ᠃      ᠪᠠᠶᠢᠴᠠᠭᠠᠬᠤ ᠶᠠᠪᠤᠴᠠ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠨᠢᠭᠡᠴᠢ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠣᠷᠣᠭᠤᠯᠤᠯᠲᠠ ᠶᠢᠨ ᠡᠳ᠋ ᠢ ᠬᠠᠤᠯᠢ ᠠᠴᠠ ᠵᠥᠷᠢᠴᠡᠨ ᠬᠡᠷᠡᠭᠯᠡᠭᠰᠡᠨ ᠦᠵᠡᠭᠳᠡᠯ ᠣᠷᠣᠰᠢᠵᠤ ᠦᠭᠡᠢ᠃ ᠡᠯ᠎ᠡ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠢ ᠨᠦᠭᠦᠳ ᠤᠯᠤᠰ ᠠᠴᠠ ᠵᠥᠪᠰᠢᠶᠡᠷᠡᠭᠰᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠮᠠᠯ ᠤᠨ ᠡᠮ ᠂ ᠲᠡᠵᠢᠭᠡᠯ ᠪᠣᠷᠳᠤᠭ᠎ᠠ ᠪᠣᠯᠣᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠬᠠᠤᠯᠢ ᠶᠣᠰᠣᠭᠠᠷ ᠬᠡᠷᠡᠭᠯᠡᠵᠦ ᠂ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠦᠷ᠎ᠡ ᠵᠢᠷᠠᠭᠠᠬᠠᠢ ᠶᠢ ᠣᠷᠣᠭᠤᠯᠵᠤ ᠢᠷᠡᠬᠦ ᠂ ᠦᠢᠯᠡᠳᠪᠦᠷᠢᠯᠡᠬᠦ ᠂ ᠵᠦᠭᠡᠭᠡᠪᠦᠷᠢᠯᠡᠬᠦ ᠵᠢᠴᠢ ᠲᠡᠵᠢᠭᠡᠨ ᠦᠷᠡᠵᠢᠭᠦᠯᠬᠦ ᠡᠯ᠎ᠡ ᠭᠤᠭᠴᠤᠭ᠎ᠠ ᠶᠢᠨ ᠪᠦᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠨᠠᠶᠢᠳᠠᠪᠤᠷᠢᠵᠢᠭᠤᠯᠤᠭᠰᠠᠨ ᠪᠠᠶᠢᠨ᠎ᠠ᠃                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2023 ᠣᠨ ᠤ 5 ᠰᠠᠷ᠎ᠠ ᠶᠢᠨ 31 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号