ᠥᠪᠥᠷ ᠮᠣᠩᠭᠤᠯ ᠤᠨ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠢᠴᠢ ᠢᠳᠡᠰᠢᠨ ᠨᠣᠭᠤᠭᠠᠨ ᠤ ᠶᠠᠰᠤ ᠴᠢᠨᠠᠷ ᠢ ᠰᠢᠯᠭᠠᠨ ᠦᠵᠡᠬᠦ ᠠᠵᠢᠯᠯᠠᠭ᠎ᠠ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/6/20
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠭᠤᠣᠯ ᠰᠡᠳᠦᠪᠲᠦ ᠬᠥᠮᠦᠵᠢᠯ ᠢ ᠭᠦᠨᠵᠡᠭᠡᠢ ᠲᠦᠯᠬᠢᠨ ᠠᠬᠢᠭᠤᠯᠵᠤ᠂ ᠭᠦᠨᠵᠡᠭᠡᠢ ᠪᠥᠭᠡᠳ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠪᠡ᠃ 6 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠢᠴᠢ ᠢᠳᠡᠰᠢᠨ ᠨᠣᠭᠤᠭᠠᠨ ᠤ ᠶᠠᠰᠤ ᠴᠢᠨᠠᠷ ᠢ ᠰᠢᠯᠭᠠᠨ ᠦᠵᠡᠬᠦ ᠠᠵᠢᠯᠯᠠᠭ᠎ᠠ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠲᠤ ᠶᠠᠪᠤᠭᠳᠠᠪᠠ᠃ ᠡᠭᠦᠨ ᠤ ᠵᠣᠷᠢᠯᠭ᠎ᠠ ᠨᠢ ᠪᠡᠯᠡᠨ ᠵᠠᠭᠤᠰᠢ ᠶᠢᠨ ᠠᠵᠤ ᠦᠢᠯᠡᠰ ᠢ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠨ᠎ᠡ ᠵᠠᠭᠪᠤᠷ ᠪᠣᠯᠭᠠᠵᠤ᠂ ᠮᠠᠨ ᠤ ᠣᠷᠣᠨ ᠤ ᠪᠡᠯᠡᠨ ᠵᠠᠭᠤᠰᠢ ᠶᠢᠨ ᠠᠵᠤ ᠦᠢᠯᠡᠰ ᠤᠨ ᠨᠠᠩ ᠥᠨᠳᠥᠷ ᠲᠠᠰ ᠳᠠᠪᠬᠤᠷᠭ᠎ᠠ ᠲᠡᠶᠢᠰᠢ ᠳᠠᠪᠰᠢᠬᠤ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢᠨ ᠲᠥᠯᠥᠭᠡ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠪᠠᠶᠠᠷ ᠤᠨ ᠦᠭᠡ ᠬᠡᠯᠡᠵᠡᠢ᠃ 
640.jpg
 
640 (1).jpg
       ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ᠪᠥᠭᠡᠳ ᠥᠪᠥᠷ ᠮᠣᠩᠭᠤᠯ ᠤᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠪᠡᠯᠡᠨ ᠵᠠᠭᠤᠰᠢ ᠶᠢᠨ ᠲᠤᠰᠬᠠᠢ ᠵᠦᠪᠯᠡᠯ ᠪᠠᠶᠢᠭᠤᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠪᠦᠬᠦ ᠣᠷᠣᠨ ᠤ 12 ᠠᠶᠢᠮᠠᠭ ᠬᠤᠳᠠ ᠠᠴᠠ ᠢᠷᠡᠭᠰᠡᠨ ᠡᠷᠳᠡᠨᠢ᠂ ᠺᠧ ᠴᠢᠨ ᠸᠠᠨ ᠵᠢᠶᠠ᠂ ᠯᠣᠣ ᠰᠦᠢ ᠶᠤᠸᠠᠨ᠂ ᠱᠠᠩᠳᠤ ᠶᠢᠨ ᠦᠬᠡᠷ ᠤᠨ ᠮᠢᠬ᠎ᠠ ᠵᠡᠷᠭᠡ 90 ᠭᠠᠷᠤᠢ ᠠᠵᠤ ᠠᠬᠤᠶᠢᠯᠠᠯ ᠠᠴᠠ ᠬᠤᠨᠢᠨ ᠱᠥᠯᠥ᠂ ᠱᠣᠣ ᠮᠠᠢ᠂ ᠦᠬᠡᠷ ᠤᠨ ᠮᠢᠬᠠᠨ ᠤ ᠬᠠᠯᠠᠭᠤᠨ ᠲᠣᠭᠤᠭ᠎ᠠ᠂ ᠴᠢᠨᠠᠭᠰᠠᠨ ᠮᠢᠬ᠎ᠠ᠂ ᠰᠢᠷᠠᠭᠰᠠᠨ ᠬᠤᠨᠢᠨ ᠭᠤᠶ᠎ᠠ᠂ ᠨᠣᠬᠠᠢ ᠶᠢᠨ ᠬᠤᠰᠢᠭᠤ ᠶᠢᠨ ᠰᠢᠩᠭᠡᠨ ᠪᠤᠳᠠᠭ᠎ᠠ ᠵᠡᠷᠭᠡ 120 ᠭᠠᠷᠤᠢ ᠠᠮᠳᠡ ᠰᠢᠮ᠎ᠡ ᠲᠠᠢ ᠪᠡᠯᠡᠨ ᠵᠠᠭᠤᠰᠢ ᠶᠢ ᠠᠪᠴᠢᠷᠠᠵᠤ ᠥᠭᠴᠡᠢ᠂ ᠲᠤᠬᠠᠢ ᠶᠢᠨ ᠲᠠᠯᠠᠪᠤᠷ ᠲᠤ ᠬᠤᠲᠠ ᠶᠢᠨ ᠠᠷᠠᠳ ᠣᠯᠠᠨ ᠳᠤ ᠲᠣᠯᠢᠯᠠᠭᠤᠯᠵᠤ᠂ ︽ᠡᠷᠡᠭᠦᠯ ᠴᠡᠪᠡᠷ ᠬᠤᠭᠤᠯᠠᠯᠠᠬᠤ᠂ ᠰᠣᠶᠣᠯ ᠪᠣᠯᠪᠠᠰᠤᠷᠠᠯ ᠲᠠᠢ ᠬᠤᠭᠤᠯᠠᠯᠠᠬᠤ᠂ ᠴᠠᠭ ᠤᠨ ᠦᠩᠭᠡ ᠲᠠᠢ ᠬᠤᠭᠤᠯᠠᠯᠠᠬᠤ︾ ᠭᠡᠬᠦ ᠪᠡᠯᠡᠨ ᠵᠠᠭᠤᠰᠢ ᠶᠢᠨ ᠰᠢᠨ᠎ᠡ ᠣᠶᠢᠯᠠᠭᠠᠭᠳᠠᠬᠤᠨ ᠢ ᠬᠠᠷᠠᠭᠤᠯᠵᠤ᠂ ᠡᠲᠡᠭᠡᠷ ᠠᠮᠲᠠᠲᠤ ᠢᠳᠡᠭᠡᠨ ᠨᠢ ᠲᠤᠬᠠᠢ ᠶᠢᠨ ᠲᠠᠯᠠᠪᠤᠷ ᠤᠨ ᠣᠯᠠᠨ ᠲᠦᠮᠡᠨ ᠪᠠ ᠠᠵᠢᠯᠯᠠᠭ᠎ᠠ ᠶᠢᠨ ᠲᠥᠯᠥᠭᠡᠯᠡᠭᠴᠢᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠲᠤᠰᠬᠠᠢ ᠮᠡᠷᠭᠡᠵᠢᠯ ᠤᠨ ᠦᠨᠡᠯᠡᠨ ᠬᠢᠨᠠᠬᠤ ᠪᠦᠯᠬᠦᠮ ᠤᠨ ᠬᠢᠨ ᠲᠤᠬᠠᠢ ᠶᠢᠨ ᠲᠠᠯᠠᠪᠠᠶ ᠳᠤ ︽ᠬᠠᠮᠤᠭ ᠤᠨ  ᠲᠠᠯᠳᠡ ᠬᠦᠴᠦᠨ ᠲᠠᠢ ᠪᠡᠯᠡᠨ ᠵᠠᠭᠤᠰᠢ︾ ︽ᠬᠠᠮᠤᠭ ᠤᠨ ᠰᠠᠶᠢᠨ ᠪᠡᠯᠡᠨ ᠵᠠᠭᠤᠰᠢ ᠬᠠᠩᠭᠠᠬᠤ ᠬᠤᠳᠠᠯᠳᠤᠭᠠᠴᠢᠨ︾ ᠪᠠ ︽ᠪᠡᠯᠡᠨ ᠵᠠᠭᠤᠰᠢ ᠶᠢᠨ ᠰᠢᠨ᠎ᠡ ᠶᠢ ᠡᠭᠦᠳᠦᠭᠰᠡᠨ ᠨᠣᠭᠤᠭ᠎ᠠ︾ ᠶᠢ ᠰᠢᠯᠭᠠᠷᠠᠭᠤᠯᠤᠨ ᠭᠠᠷᠭᠠᠵᠠᠢ᠃ ᠠᠵᠢᠯᠯᠠᠭ᠎ᠠ ᠳᠤ ᠪᠠᠰᠠ ᠣᠷᠣᠨ ᠤ ᠳᠣᠲᠣᠷ᠎ᠠ ᠭᠠᠳᠠᠨᠠᠬᠢ ᠲᠤᠰᠬᠠᠢ ᠮᠡᠷᠭᠡᠵᠢᠯᠲᠡᠨ ᠢ ᠤᠷᠢᠵᠤ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠥᠯᠥᠭᠡᠯᠡᠭᠴᠢ᠂ ᠠᠵᠤ ᠠᠬᠤᠶᠢᠯᠠᠯᠲᠠᠨ ᠤ ᠲᠥᠯᠥᠭᠡᠯᠡᠭᠴᠢ ᠪᠡᠯᠡᠨ ᠵᠠᠭᠤᠰᠢ ᠶᠢᠨ ᠠᠵᠤ ᠦᠢᠯᠡᠰ ᠤᠨ ᠲᠤᠬᠠᠢ ᠶᠠᠷᠢᠶ᠎ᠠ ᠲᠠᠯᠪᠢᠪᠠ᠃
640 (2).jpg
 
640 (3).jpg
 
640 (4).jpg
       ᠪᠡᠯᠡᠨ ᠵᠠᠭᠤᠰᠢ  ᠨᠢ ᠨᠢᠭᠡ ᠲᠠᠯ᠎ᠠ ᠪᠠᠷ ᠢᠶᠠᠨ ᠲᠠᠷᠢᠶᠠᠨ ᠭᠠᠵᠠᠷ ᠮᠠᠯᠵᠢᠯ ᠤᠨ ᠲᠠᠯᠠᠪᠠᠢ ᠲᠠᠢ ᠬᠤᠯᠪᠣᠯᠳᠤᠵᠤ᠂ ᠨᠢᠭᠡ ᠲᠠᠯ᠎ᠠ ᠪᠠᠷ ᠢᠶᠠᠨ ᠠᠷᠠᠳ ᠤᠯᠠᠨ ᠤ ᠬᠤᠭᠤᠯᠠᠨ ᠰᠢᠷᠡᠭᠡ ᠲᠠᠢ ᠬᠤᠯᠪᠣᠯᠳᠤᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠥᠭᠡᠭᠡᠴᠡᠯᠳᠦᠯ ᠢ ᠲᠥᠯᠥᠭᠡᠯᠡᠵᠦ᠂ ᠨᠡᠶᠢᠲᠡᠯᠢᠭ ᠴᠢᠨᠠᠷᠲᠠᠢ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠠᠵᠤ ᠦᠢᠯᠡᠰ ᠪᠣᠯᠣᠨ᠎ᠠ᠃ ᠣᠳᠣᠬᠠᠨ ᠳᠤ᠂ ᠮᠠᠨ ᠤ ᠤᠯᠤᠰ ᠤᠨ ᠪᠡᠯᠡᠨ ᠵᠠᠭᠤᠰᠢ ᠶᠢᠨ ᠢᠳᠡᠭᠡᠨ ᠤ ᠠᠵᠤ ᠦᠢᠯᠡᠰ ᠤᠨ ᠬᠡᠪᠴᠢᠶ᠎ᠡ ᠨᠢᠭᠡᠨᠲᠡ 4000 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ᠂ ᠬᠥᠭᠵᠢᠯᠲᠡ ᠶᠢᠨ ᠬᠡᠲᠦ ᠶᠢᠨ ᠲᠥᠯᠥᠪ ᠥᠷᠭᠡᠨ ᠠᠭᠤᠳᠠᠮ ᠪᠠᠶᠢᠨ᠎ᠠ᠃ ᠣᠶᠢᠷ᠎ᠠ ᠳᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠪᠡᠯᠡᠨ ᠵᠠᠭᠤᠰᠢ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠪᠡᠯᠡᠨ ᠵᠠᠭᠤᠰᠢ ᠶᠢᠨ ᠪᠠᠷᠢᠮᠵᠢᠶ᠎ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠪᠡᠯᠡᠨ ᠵᠠᠭᠤᠰᠢ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ᠂ ᠪᠡᠯᠡᠨ ᠵᠠᠭᠤᠰᠢ ᠶᠢᠨ ᠨᠡᠷᠡᠲᠦ ᠲᠦᠷᠦᠯ ᠲᠡᠮᠳᠡᠭᠲᠦ ᠶᠢ ᠪᠣᠶᠢᠵᠢᠭᠤᠯᠬᠤ᠂ ᠪᠡᠯᠡᠨ ᠵᠠᠭᠤᠰᠢ ᠬᠥᠮᠥᠷᠭᠡᠯᠡᠨ ᠬᠠᠳᠠᠭᠠᠯᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ᠂ ᠪᠡᠯᠡᠨ ᠵᠠᠭᠤᠰᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠵᠡᠷᠭᠡ ᠲᠠᠯ᠎ᠠ ᠪᠠᠷ ᠬᠦᠴᠦᠯᠡᠬᠦ ᠪᠣᠯᠣᠨ᠎ᠠ᠂ ᠪᠠᠰᠠ ᠪᠡᠯᠡᠨ ᠵᠠᠭᠤᠰᠢ ᠶᠢᠨ ︽ᠲᠤᠭᠴᠢ ᠠᠵᠤ ᠠᠬᠤᠶᠢᠯᠠᠯ ᠤᠨ 10 ᠬᠦᠴᠦᠷᠬᠡᠭ︾ ︽ᠣᠨᠴᠠᠯᠢᠭᠲᠤ ᠨᠠᠷᠠᠲᠤ ᠲᠦᠷᠦᠯ ᠲᠡᠮᠳᠡᠭᠲᠦ ᠶᠢᠨ 10 ᠬᠦᠴᠦᠷᠬᠡᠭ︾ ︽ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ 10 ᠬᠦᠴᠦᠷᠬᠡᠭ︾ ᠢ ᠰᠢᠯᠭᠠᠷᠠᠭᠤᠯᠵᠤ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠦᠢᠯᠡᠰ ᠢ ᠦᠨᠡᠨ ᠬᠦ ᠠᠬᠢᠭᠤᠯᠵᠤ᠂ ᠪᠡᠯᠡᠨ ᠵᠠᠭᠤᠰᠢ ᠶᠢ ᠮᠠᠨ ᠤ ᠣᠷᠣᠨ ᠤ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠨ᠎ᠡ ᠨᠡᠷ᠎ᠡ ᠶᠢᠨ ᠬᠠᠭᠤᠳᠠᠰᠤ ᠪᠤᠯᠭᠠᠪᠠ᠃ 
640 (5).jpg
 
640 (6).jpg
 
640 (7).jpg
       ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ᠂ ᠥᠪᠡᠷᠲᠡᠭᠡᠨ ᠵᠠᠰᠠᠬᠤ ᠣᠷᠣᠨ ᠪᠠ ᠡᠯ᠎ᠡ ᠠᠶᠢᠮᠠᠭ ᠬᠤᠲᠠ ᠶᠢᠨ ᠢᠳᠡᠭᠡᠨ ᠤᠮᠳᠠᠭᠠᠨ ᠤ ᠨᠡᠶᠢᠭᠡᠮᠯᠢᠭ᠂ ᠠᠵᠤ ᠠᠬᠤᠶᠢᠯᠠᠯᠲᠠᠨ᠂ ᠢᠳᠡᠭᠡᠨ ᠤᠮᠳᠠᠭᠠᠨ ᠤ ᠡᠲᠡᠭᠡᠳ ᠤᠨ ᠲᠥᠯᠥᠭᠡᠯᠡᠭᠴᠢ 150 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃ 
640 (8).jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号