ᠨᠡᠶᠢᠭᠡᠮ ᠤᠨ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠤᠰᠤᠨ ᠤ ᠠᠮᠢᠳᠤ ᠪᠣᠳᠠᠰ ᠢ | ᠲᠠᠯᠪᠢᠬᠤ ᠠᠵᠢᠯᠯᠠᠭ᠎ᠠ ᠶᠢ ᠲᠣᠭᠲᠠᠭᠰᠠᠨ ᠴᠡᠭ ᠲᠤ ᠵᠢᠷᠤᠮᠵᠢᠭᠤᠯᠤᠨ ᠦᠷᠨᠢᠭᠦᠯᠵᠦ ᠂ ᠤᠰᠤᠨ ᠤ ᠠᠮᠢᠳᠤ ᠪᠣᠳᠠᠰ ᠤᠨ | ᠲᠠᠯᠪᠢᠬᠤ ᠲᠠᠪᠴᠠᠩ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠦᠯᠦᠭᠡ ᠂ 6 ᠰᠠᠷ᠎ᠠ ᠶᠢᠨ 6 ᠤ ᠡᠳᠦᠷ᠂ | ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠦᠩᠯᠢᠶᠣᠣ ᠬᠤᠲᠠ ᠶᠢᠨ ᠤᠰᠤᠨ | ᠭᠠᠷᠤᠯᠲᠠ ᠶᠢᠨ ᠮᠡᠷᠭᠡᠵᠢᠯ ᠳᠡᠯᠭᠡᠷᠡᠭᠦᠯᠬᠦ ᠥᠷᠲᠡᠭᠡ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠨᠠᠢᠮᠠᠨ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠨᠠᠢᠮᠠᠨ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ | ᠨᠠᠢᠮᠠᠨ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠲᠥᠪ ᠵᠡᠷᠭᠡ ᠨᠢᠭᠡᠴᠢ ᠮᠧᠩ ᠵᠢᠶᠠ ᠳ᠋ᠤᠸᠠᠨ | ᠤᠰᠤᠨ ᠴᠥᠭᠦᠷᠥᠮ ᠳᠤ 2023 ᠣᠨ ᠤ ᠪᠥᠬᠦ ᠤᠯᠤᠰ ᠤᠨ ︽ᠵᠢᠭᠠᠰᠤ ᠲᠠᠯᠪᠢᠬᠤ ᠡᠳᠦᠷᠯᠢᠭ ︾ ᠤᠨ | ᠲᠦᠩᠯᠢᠶᠣᠣ ᠬᠤᠲᠠ ᠶᠢᠨ ᠤᠰᠤᠨ ᠤ ᠠᠮᠢᠳᠤ ᠪᠣᠳᠠᠰ ᠢ ᠢᠯᠡ ᠪᠠᠷ ᠲᠠᠯᠪᠢᠬᠤ ᠠᠵᠢᠯᠯᠠᠭ᠎ᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠢᠭᠠᠰᠤᠨ ᠠᠵᠤ ᠦᠢᠯᠡᠰ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠬᠡᠷᠡᠭᠵᠢᠭᠦᠯᠬᠦ ᠳᠦᠷᠢᠮ︾ ︽ᠤᠰᠤᠨ ᠤ ᠠᠮᠢᠳᠤ ᠪᠣᠳᠠᠰ ᠢ | ᠦᠷᠡᠵᠢᠭᠦᠯᠦᠨ ᠲᠠᠯᠪᠢᠵᠤ ᠶᠠᠪᠤᠭᠤᠯᠬᠤ ᠬᠠᠮᠢᠶᠠᠷᠤᠯᠲᠠ ᠶᠢᠨ ᠲᠣᠭᠲᠠᠭᠠᠯ︾᠂ ᠵᠢᠭᠠᠰᠤ ᠠᠩᠨᠠᠬᠤ ᠶᠢ ᠴᠠᠭᠠᠵᠠᠯᠠᠬᠤ | ᠬᠤᠭᠤᠴᠠᠭᠠᠨ ᠤ ᠵᠠᠷᠯᠠᠯ᠂ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠡᠮ ᠤᠨ ᠲᠣᠳᠣᠷᠬᠠᠢ | ᠬᠠᠭᠤᠳᠠᠰᠤ 300 ᠭᠠᠷᠤᠢ ᠬᠤᠪᠢ ᠲᠠᠷᠬᠠᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ | ᠬᠡᠭᠡᠷ᠎ᠡ ᠶᠢᠨ ᠬᠠᠮᠠᠭᠠᠯᠠᠯᠲᠠ ᠶᠢᠨ ᠠᠮᠢᠲᠠᠨ ᠢ ᠬᠠᠤᠯᠢ ᠪᠤᠰᠤ ᠪᠠᠷ ᠠᠩᠨᠠᠵᠤ ᠱᠦᠭᠦᠭᠰᠡᠨ ᠤ ᠬᠤᠣᠷ ᠬᠥᠨᠥᠭᠡᠯ ᠵᠢᠴᠢ | ᠦᠷ᠎ᠡ ᠤᠷᠰᠢᠭ ᠢ ᠤᠯᠠᠨ ᠲᠦᠮᠡᠨ ᠳᠤ ᠲᠠᠶᠢᠯᠪᠤᠷᠢᠯᠠᠨ ᠥᠭᠴᠦ ᠂ ᠥᠷᠭᠡᠨ ᠤᠯᠠᠨ ᠲᠦᠮᠡᠨ ᠤ ᠬᠠᠤᠯᠢ ᠴᠠᠭᠠᠵᠠ | ᠬᠠᠤᠯᠢ ᠲᠣᠭᠲᠠᠭᠠᠯ ᠢ ᠵᠢᠷᠤᠮᠯᠠᠬᠤ ᠶᠢ ᠰᠠᠨᠠᠭᠠᠴᠢᠯᠠᠵᠤ ᠂ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠬᠠᠶᠢᠷᠠᠯᠠᠨ | ᠬᠠᠯᠠᠮᠵᠢᠯᠠᠵᠤ ᠂ ᠪᠣᠬᠢᠷᠲᠤᠯ ᠦᠭᠡᠢ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠰᠠᠬᠢᠨ ᠬᠠᠮᠠᠭᠠᠯᠠᠪᠠ ᠃ | | | | | | | | | | | | | | | | | |