1. ᠡᠮ ᠤᠨ ᠮᠠᠲ᠋ᠧᠷᠢᠶᠠᠯ ᠤᠨ ᠲᠥᠷᠥᠯ ᠵᠦᠢᠯ ᠣᠯᠠᠨ᠂ ᠬᠡᠭᠡᠷ᠎ᠡ ᠶᠢᠨ ᠡᠬᠢ ᠪᠠᠶᠠᠯᠢᠭ ᠡᠯᠪᠡᠭ ᠪᠠᠶᠠᠯᠢᠭ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠭᠠᠵᠠᠷ ᠤᠨ ᠪᠠᠶᠢᠴᠠ | ᠭᠠᠵᠠᠷ ᠤᠨ ᠭᠠᠳᠠᠷᠭᠤ ᠥᠪᠡᠷᠮᠢᠴᠡ᠂ ᠬᠥᠷᠥᠰᠥ ᠰᠢᠷᠣᠢ ᠶᠢᠨ ᠴᠢᠨᠠᠷ ᠬᠥᠷᠥᠰᠥ ᠰᠢᠷᠣᠢ ᠤᠯᠠᠨ ᠶᠠᠩᠵᠤ ᠲᠠᠢ᠂ ᠡᠳᠦᠷ | ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠡᠮ ᠤᠨ ᠮᠠᠲ᠋ᠧᠷᠢᠶᠠᠯ ᠤᠨ ᠬᠡᠭᠡᠷ᠎ᠡ ᠶᠢᠨ ᠡᠬᠢ ᠪᠠᠶᠠᠯᠢᠭ ᠡᠯᠪᠡᠭ ᠪᠠᠶᠠᠯᠢᠭ | ᠪᠠᠶᠢᠳᠠᠭ᠃ ᠡᠮ ᠤᠨ ᠲᠣᠯᠢ ᠳᠤ ᠲᠡᠮᠳᠡᠭᠯᠡᠭᠰᠡᠨ ᠢᠶᠠᠷ᠂ ᠪᠥᠬᠦ ᠣᠷᠣᠨ ᠤ ᠨᠡᠭᠡᠭᠡᠨ ᠠᠰᠢᠭᠯᠠᠵᠤ ᠪᠣᠯᠬᠤ ᠡᠮᠳᠤ ᠤᠷᠭᠤᠮᠠᠯ | 1198 ᠵᠦᠢᠯ ᠪᠣᠶ᠂ ᠡᠭᠦᠨ ᠳᠤ ᠵᠠᠮᠠᠭ ᠤᠨ ᠲᠥᠷᠥᠯ 2 ᠵᠦᠢᠯ᠂ ᠮᠥᠭᠦ 68 ᠵᠦᠢᠯ᠂ ᠬᠠᠭ 9 ᠵᠦᠢᠯ᠂ ᠬᠥᠪᠳᠥ | 11 ᠵᠦᠢᠯ᠂ ᠣᠶᠢᠮ᠎ᠠ ᠶᠢᠨ ᠲᠥᠷᠥᠯ 38 ᠵᠦᠢᠯ᠂ ᠦᠷᠡᠲᠦ ᠤᠷᠭᠤᠮᠠᠯ 1070 ᠵᠦᠢᠯ ᠪᠠᠭᠲᠠᠨ᠎ᠠ᠃ | 2.ᠲᠡᠦᠬᠡ ᠰᠣᠶᠣᠯ ᠤᠨ ᠳᠠᠪᠠᠭᠤᠯᠢᠭ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠥᠪᠡᠷᠮᠢᠴᠡ ᠣᠨᠴᠠᠯᠢᠭ ᠲᠠᠢ ︽ᠮᠣᠩᠭᠤᠯ ᠡᠮᠨᠡᠯᠭᠡ︾ ᠲᠠᠢ᠂ ︽ᠮᠣᠩᠭᠤᠯ ᠡᠮ︾ ᠤᠨ ᠰᠣᠶᠣᠯ ᠤᠨ ᠠᠭᠤᠯᠭ᠎ᠠ ᠪᠠᠷ | ᠪᠠᠶᠠᠯᠢᠭ᠂ ᠥᠨᠢ ᠤᠳᠠᠭᠠᠨ ᠲᠡᠦᠬᠡ ᠲᠠᠢ᠂ ᠮᠣᠩᠭᠤᠯ ᠦᠨᠳᠦᠰᠦᠲᠡᠨ ᠤ ᠣᠶᠤᠨ ᠪᠢᠯᠢᠭ ᠤᠨ ᠣᠬᠢ ᠪᠦᠲᠦᠭᠡᠯ ᠮᠥᠨ᠂ | ᠮᠥᠨ ᠴᠦ ᠢᠯᠡ ᠲᠣᠳᠣ ᠭᠠᠵᠠᠷ ᠣᠷᠣᠨ ᠤ ᠣᠨᠴᠠᠯᠢᠭ᠂ ᠦᠨᠳᠦᠰᠦᠲᠡᠨ ᠤ ᠣᠨᠴᠠᠯᠢᠭ ᠲᠠᠢ ᠠᠨᠠᠭᠠᠬᠤ ᠤᠬᠠᠭᠠᠨ ᠤ | ᠰᠢᠨᠵᠢᠯᠡᠭᠡᠨ ᠤ ᠰᠠᠯᠠᠭ᠎ᠠ ᠪᠠᠶᠢᠵᠤ᠂ ᠮᠠᠨ ᠤ ᠤᠯᠤᠰ ᠤᠨ ᠦᠨᠳᠦᠰᠦᠲᠡᠨ ᠤ ᠡᠮ ᠳᠤ ᠴᠢᠬᠤᠯᠠ ᠪᠠᠶᠢᠷᠢ ᠰᠠᠭᠤᠷᠢ ᠶᠢ | ᠡᠵᠡᠯᠡᠵᠦ ᠪᠠᠶᠢᠳᠠᠭ᠃ | 3.ᠡᠮ ᠤᠨ ᠮᠠᠲ᠋ᠧᠷᠢᠶᠠᠯ ᠤᠨ ᠶᠠᠰᠤ ᠴᠢᠨᠠᠷ ᠨᠢ ᠰᠠᠶᠢᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠨᠥᠬᠦᠴᠡᠯ᠂ ᠦᠢᠯᠡᠳᠪᠦᠷᠢᠯᠡᠭᠰᠡᠨ ᠵᠠᠷᠢᠮ ᠡᠮ ᠤᠨ | ᠮᠠᠲ᠋ᠧᠷᠢᠶᠠᠯ ᠨᠢ ᠴᠢᠨᠠᠷ ᠰᠠᠶᠢᠲᠠᠢ᠂ ᠠᠭᠤᠯᠤᠭᠳᠠᠴᠠ ᠪᠠᠷ ᠥᠨᠳᠥᠷ ᠪᠠᠶᠢᠳᠠᠭ᠃ ᠵᠢᠱᠢᠶᠡᠯᠡᠪᠡᠯ ᠤᠯᠠᠭᠠᠨᠬᠠᠳᠠ | ᠬᠤᠲᠠ ᠶᠢᠨ ᠳᠠᠷᠢᠭᠰᠠᠨ ᠬᠤᠷᠳᠤᠨ ᠴᠠᠭᠠᠨ ᠤ ᠥᠩᠭᠡ ᠨᠢ ᠴᠠᠭᠠᠨ᠂ ᠨᠢᠷᠤᠭᠤ ᠨᠢ ᠣᠷᠳᠣ᠂ ᠦᠨᠳᠦᠰᠦ ᠰᠠᠯᠠᠭ᠎ᠠ ᠨᠢ | ᠴᠥᠭᠡᠨ᠂ ᠠᠮᠲᠠ ᠨᠢ ᠰᠠᠶᠢᠨ ᠪᠠᠶᠢᠳᠠᠭ ᠢᠶᠠᠷ ᠢᠶᠠᠨ ᠠᠯᠳᠠᠷᠰᠢᠵᠤ᠂ ᠶᠠᠰᠤ ᠴᠢᠨᠠᠷ ᠨᠢ ᠪᠥᠬᠦ ᠤᠯᠤᠰ ᠤᠨ ᠲᠡᠷᠢᠭᠦᠨ ᠳᠤ | ᠣᠷᠣᠵᠤ᠂ ᠭᠠᠷᠤᠯᠲᠠ ᠨᠢ ᠪᠥᠬᠦ ᠤᠯᠤᠰ ᠤᠨ 70% ᠶᠢ ᠡᠵᠡᠯᠡᠨ᠎ᠡ︔ ᠳᠠᠷᠢᠵᠤ ᠤᠷᠭᠤᠭᠤᠯᠤᠭᠰᠠᠨ ᠤᠮᠠᠷᠠᠲᠤ ᠶᠢᠨ | ᠣᠷᠬᠤᠳᠠᠢ ᠶᠢᠨ ᠭᠠᠷᠤᠯᠲᠠ ᠨᠢ ᠪᠦᠬᠦ ᠤᠯᠤᠰ ᠤᠨ 85% ᠶᠢ ᠡᠵᠡᠯᠡᠨ᠎ᠡ᠃ | 4.ᠦᠢᠯᠡᠳᠪᠦᠷᠢᠯᠡᠯ ᠤᠨ ᠳᠠᠪᠠᠭᠤᠯᠢᠭ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ | ᠪᠠᠷᠠᠭᠤᠨ ᠴᠢᠭᠯᠡᠯ ᠨᠢ ᠨᠠᠷᠢᠨ ᠣᠷᠳᠣ᠂ ᠲᠡᠯᠡᠶ ᠲᠠᠩᠭᠢᠰ ᠠᠴᠠ ᠬᠤᠯᠠ ᠣᠶᠢᠷ᠎ᠠ ᠨᠢ ᠠᠳᠠᠯᠢ ᠦᠭᠡᠢ᠂ ᠪᠠᠶᠢᠭᠠᠯᠢ ᠶᠢᠨ | ᠣᠷᠴᠢᠨ ᠲᠣᠭᠤᠷᠢᠨ ᠤ ᠵᠥᠷᠢᠶ᠎ᠡ ᠨᠢ ᠮᠠᠰᠢ ᠶᠡᠭᠡ ᠪᠠᠶᠢᠵᠤ᠂ ᠬᠤᠷ᠎ᠠ ᠲᠤᠨᠳᠠᠰᠤᠨ ᠤ ᠨᠥᠯᠥᠭᠡ ᠶᠢ ᠭᠥᠷᠳᠡᠵᠦ᠂ | ᠵᠡᠭᠦᠨ ᠠᠴᠠ ᠪᠠᠷᠠᠭᠤᠨᠰᠢ ᠤᠷᠭᠤᠮᠠᠯ ᠤᠨ ᠬᠤᠴᠢᠯᠭ᠎ᠠ ᠶᠢᠨ ᠲᠠᠷᠬᠠᠯᠲᠠ ᠨᠢ ᠬᠤᠪᠢᠷᠠᠭᠠᠳ ᠣᠶ ᠰᠢᠭᠤᠢ︱ᠡᠪᠡᠰᠦᠲᠦ | ᠭᠠᠵᠠᠷ︱ᠡᠯᠡᠰᠦᠨ ᠴᠥᠯ ᠪᠣᠯᠤᠭᠰᠠᠨ ᠪᠠᠶᠢᠨ᠎ᠠ᠃ |