ᠲᠡᠵᠢᠭᠡᠪᠦᠷᠢ ᠶᠢᠨ ᠲᠠᠤᠯᠠᠢ ᠶᠢᠨ ᠥᠰᠦᠯᠲᠡ ᠲᠦᠷᠭᠡᠨ᠂ ᠦᠷᠡᠵᠢᠬᠦ ᠴᠢᠳᠠᠪᠤᠷᠢ ᠥᠨᠳᠥᠷ᠂ ᠪᠡᠶ᠎ᠡ ᠶᠢᠨ | ᠳᠣᠲᠣᠭᠠᠳᠤ ᠶᠢᠨ ᠪᠣᠳᠠᠰ ᠤᠨ ᠰᠣᠯᠢᠯᠴᠠᠭ᠎ᠠ ᠰᠠᠶᠢᠨ᠂ ᠭᠦᠢᠴᠡᠳ ᠰᠢᠮ᠎ᠡ ᠲᠡᠵᠢᠭᠡᠯ ᠬᠡᠷᠡᠭᠰᠡᠨ᠎ᠡ᠃ ᠡᠶᠢᠮᠦ ᠠᠴᠠ | ᠲᠡᠵᠢᠭᠡᠪᠦᠷᠢ ᠶᠢᠨ ᠲᠠᠤᠯᠠᠢ ᠶᠢᠨ ᠡᠳᠦᠷ ᠤᠨ ᠲᠡᠵᠢᠭᠡᠯ ᠨᠢ ᠣᠯᠠᠨ ᠵᠦᠢᠯ ᠤᠨ | ᠲᠡᠵᠢᠭᠡᠯ ᠪᠣᠷᠳᠤᠭ᠎ᠠ ᠪᠠᠷ ᠪᠦᠷᠢᠯᠳᠦᠵᠦ᠂ ᠲᠡᠵᠢᠭᠡᠯ ᠪᠣᠷᠳᠣᠭᠠᠨ ᠳᠤ ᠠᠭᠤᠯᠤᠭᠳᠠᠵᠤ ᠪᠠᠶᠢᠭ᠎ᠠ ᠰᠢᠮ᠎ᠡ ᠲᠡᠵᠢᠭᠡᠯ ᠢ ᠨᠢ | ᠦᠨᠳᠦᠰᠦᠯᠡᠵᠦ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠵᠦ᠂ ᠵᠣᠬᠢᠰᠲᠠᠢ | ᠲᠣᠬᠢᠷᠠᠭᠤᠯᠬᠤ ᠬᠡᠷᠡᠭᠲᠡᠢ᠂ ᠢᠩᠭᠢᠬᠦ ᠨᠢ ᠥᠰᠦᠯᠲᠡ ᠪᠤᠶᠢᠵᠢᠯᠲᠠ ᠳᠤ ᠠᠰᠢᠭᠲᠠᠢ ᠮᠥᠷᠲᠡᠭᠡᠨ ᠤᠭᠤᠷᠠᠭ ᠤᠨ | ᠬᠠᠷᠢᠯᠴᠠᠨ ᠨᠥᠬᠦᠪᠦᠷᠢᠯᠡᠬᠦ ᠦᠢᠯᠡᠳᠦᠯ ᠳᠤ ᠴᠦ ᠠᠰᠢᠭᠲᠠᠢ ᠶᠤᠮ᠃ ᠦᠢᠯᠡᠳᠪᠦᠷᠢᠯᠡᠯ ᠤᠨ ᠦᠢᠯᠡᠳᠦᠯᠭᠡ ᠳᠤᠮᠳᠠ᠂ | ᠲᠡᠵᠢᠭᠡᠯ ᠪᠣᠷᠳᠣᠭᠠᠨ ᠤ ᠤᠭᠤᠷᠠᠭ ᠤᠨ ᠬᠤᠷᠣᠭᠳᠠᠯ ᠢ ᠠᠷᠪᠢᠯᠠᠬᠤ ᠶᠢᠨ ᠲᠥᠯᠥᠭᠡ᠂ ᠦᠷᠭᠦᠯᠵᠢ ᠣᠯᠠᠨ ᠵᠦᠢᠯ ᠤᠨ | ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠬᠡᠷᠡᠭᠯᠡᠵᠦ᠂ ᠲᠡᠵᠢᠭᠡᠯ ᠪᠣᠷᠳᠣᠭᠠᠨ ᠤ ᠬᠤᠭᠤᠷᠣᠨᠳᠣᠬᠢ ᠴᠢᠬᠤᠯᠠ | ᠬᠡᠷᠡᠭᠴᠡᠭᠡᠨ ᠤ ᠰᠢᠪᠲᠦᠷᠲᠦ ᠬᠦᠴᠢᠯ ᠢ ᠬᠠᠷᠢᠯᠴᠠᠨ ᠨᠥᠬᠦᠪᠦᠷᠢᠯᠡᠵᠦ᠂ ᠳᠠᠩ ᠭᠠᠭᠴᠠ ᠲᠡᠵᠢᠭᠡᠯ ᠪᠣᠷᠳᠤᠭ᠎ᠠ ᠪᠠᠷ | ᠲᠡᠵᠢᠭᠡᠬᠦ ᠶᠢ ᠴᠡᠭᠡᠷᠯᠡᠨ᠎ᠡ᠃ ᠵᠢᠱᠢᠶᠡᠯᠡᠪᠡᠯ ᠦᠶᠡᠲᠦ ᠤᠷᠭᠤᠮᠠᠯ ᠤᠨ ᠢᠵᠠᠭᠤᠷ ᠤᠨ ᠦᠷ᠎ᠡ ᠶᠢᠨ ᠲᠦᠷᠦᠯ ᠳᠤ | ᠶᠡᠷᠦ ᠳᠡᠭᠡᠨ ᠯᠢᠰᠢᠨ ᠰᠢᠪᠲᠦᠷᠲᠦ ᠬᠦᠴᠢᠯ ᠪᠠ ᠥᠩᠭᠡᠲᠦ ᠰᠢᠪᠲᠦᠷᠲᠦ ᠬᠦᠴᠢᠯ ᠨᠡᠯᠢᠶᠡᠳ ᠳᠣᠣᠷ᠎ᠠ ᠠᠭᠤᠯᠤᠭᠳᠠᠳᠠᠭ᠂ | ᠬᠠᠷᠢᠨ ᠪᠤᠷᠴᠠᠭ ᠤᠨ ᠢᠵᠠᠭᠤᠷ ᠤᠨ ᠦᠷ᠎ᠡ ᠳᠤ ᠯᠢᠰᠢᠨ ᠰᠢᠪᠲᠦᠷᠲᠦ ᠬᠦᠴᠢᠯ ᠪᠠ ᠥᠩᠭᠡᠲᠦ ᠰᠢᠪᠲᠦᠷᠲᠦ ᠬᠦᠴᠢᠯ | ᠨᠡᠯᠢᠶᠡᠳ ᠠᠷᠪᠢᠨ ᠠᠭᠤᠯᠤᠭᠳᠠᠵᠤ᠂ ᠥᠨᠳᠡᠭᠡᠨ ᠰᠢᠪᠲᠦᠷᠲᠦ ᠬᠦᠴᠢᠯ ᠭᠦᠢᠴᠡᠳ ᠪᠤᠰᠤ ᠪᠠᠶᠢᠳᠠᠭ᠃ ᠡᠶᠢᠮᠦ ᠠᠴᠠ | ᠭᠡᠷ ᠤᠨ ᠲᠠᠤᠯᠠᠢ ᠶᠢᠨ ᠡᠳᠦᠷ ᠤᠨ ᠲᠡᠵᠢᠭᠡᠯ ᠢ ᠪᠦᠷᠢᠯᠳᠦᠭᠦᠯᠬᠦ ᠦᠶ᠎ᠡ ᠳᠤ᠂ ᠦᠶᠡᠲᠦ ᠤᠷᠭᠤᠮᠠᠯ ᠤᠨ ᠢᠵᠠᠭᠤᠷ ᠤᠨ | ᠦᠷ᠎ᠡ ᠵᠢᠴᠢ ᠳᠠᠭᠠᠯᠲᠠ ᠪᠦᠲᠦᠭᠡᠭᠳᠡᠬᠦᠨ ᠢᠶᠠᠷ ᠭᠤᠣᠯ ᠴᠣᠭᠴᠠ ᠪᠣᠯᠭᠠᠵᠤ᠂ 10%~20% ᠶᠢᠨ ᠪᠤᠷᠴᠠᠭ ᠤᠨ | ᠪᠣᠣᠪᠤ᠂ ᠯᠣᠬᠠᠱᠧᠩ ᠤᠨ ᠬᠡᠪᠡᠭ ᠤᠨ ᠲᠥᠷᠥᠯ ᠤᠨ ᠪᠣᠷᠳᠤᠭ᠎ᠠ ᠶᠢ ᠬᠤᠯᠢᠵᠤ ᠡᠳᠦᠷ ᠤᠨ ᠲᠡᠵᠢᠭᠡᠯ ᠪᠣᠯᠭᠠᠪᠠᠯ | ᠪᠦᠬᠦᠶᠢᠯᠡ ᠬᠤᠨᠤᠭ ᠤᠨ ᠲᠡᠵᠢᠭᠡᠯ ᠤᠨ ᠤᠭᠤᠷᠠᠭ ᠤᠨ ᠦᠢᠯᠡᠳᠦᠯ ᠪᠠ ᠠᠰᠢᠭᠯᠠᠮᠵᠢ ᠶᠢ ᠳᠡᠭᠡᠭᠰᠢᠯᠡᠭᠦᠯᠵᠦ ᠴᠢᠳᠠᠨ᠎ᠠ᠃ | | |