ᠰᠦᠯᠢᠶᠥᠦ ᠶᠢᠨ ᠪᠤᠬᠢᠷᠳᠤᠯ ᠢ ᠪᠠᠭᠠᠰᠬᠠᠬᠤ ᠠᠵᠢᠯ ᠢ ᠦᠨᠡᠨᠬᠦ ᠰᠠᠶᠢᠲᠤᠷ ᠬᠢᠵᠦ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠮᠤᠢ
ᠨᠡᠶᠢᠲᠡᠯᠡᠭᠰᠡᠨ ᠴᠠᠭ᠄
2023/6/25
      ᠣᠯᠠᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠬᠤᠷᠢᠶᠠᠨ ᠠᠪᠬᠤ ᠵᠢᠴᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠶᠢᠨ ᠲᠦᠯᠦᠭᠡ ᠂ ᠣᠶᠢᠷ᠎ᠠ ᠳᠤ᠂ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠪᠠ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢ ᠳᠠᠭᠠᠭᠤᠯᠤᠨ ᠪᠥᠬᠦ ᠬᠤᠲᠠ ᠶᠢᠨ 2023 ᠣᠨ ᠤ ᠲᠠᠸᠠᠷ ᠤᠨ ᠬᠡᠲᠦ ᠪᠣᠭᠤᠳᠠᠯ ᠪᠠᠭᠯᠠᠭ᠎ᠠ ᠪᠠ ᠰᠦᠯᠢᠶᠥᠦ ᠶᠢᠨ ᠪᠣᠬᠢᠷᠲᠤᠯ ᠢ ᠵᠠᠰᠠᠬᠤ ᠲᠤᠰᠬᠠᠢ ᠴᠡᠭᠴᠡᠯᠡᠨ ᠵᠠᠰᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠬᠤᠷᠢᠶᠠᠨ ᠠᠪᠬᠤ ᠵᠢᠴᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠦᠯᠦᠨ ᠪᠣᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠢᠴᠢ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯᠯᠠᠭ᠎ᠠ ᠳᠤ ᠣᠷᠤᠯᠴᠠᠪᠠ ᠃      ᠡᠨᠡ ᠵᠢᠯ ᠠᠴᠠ ᠨᠠᠭᠠᠰᠢ ᠂ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠲᠣᠪᠴᠢᠶ᠎ᠠ ᠶᠢᠨ ᠬᠠᠷᠢᠶ᠎ᠠ ᠬᠠᠮᠢᠶ᠎ᠠ ᠪᠦᠬᠦᠢ ᠨᠢᠭᠡᠴᠢ ᠂ ᠬᠤᠰᠢᠭᠤ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠦᠬᠦ ᠬᠤᠲᠠ ᠶᠢᠨ ᠬᠡᠪᠴᠢᠶᠡᠨ ᠳᠤ ᠰᠦᠯᠢᠶᠥᠦ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢ ᠬᠤᠷᠢᠶᠠᠨ ᠠᠪᠴᠤ ᠰᠢᠢᠳᠪᠦᠷᠢᠯᠡᠬᠦ ᠤᠬᠠᠭᠤᠯᠭ᠎ᠠ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠤᠯᠤᠰ   ᠠᠴᠠ ᠲᠣᠳᠣᠷᠬᠠᠢ ᠴᠠᠭᠠᠵᠠᠯᠠᠭᠰᠠᠨ ᠪᠤᠶᠤ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠥᠯᠥ ᠨᠡᠶᠢᠴᠡᠬᠦ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠪᠣᠷᠣᠯᠠᠭᠤᠯᠬᠤ ᠨᠢ ᠬᠠᠤᠯᠢ   ᠠᠴᠠ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠬᠤ ᠶᠢ ᠲᠣᠳᠣᠷᠬᠠᠶᠢᠯᠠᠵᠤ᠂ ᠨᠢᠭᠳᠠᠴᠠ ᠰᠠᠶᠢᠲᠠᠢ ᠵᠤᠵᠠᠭᠠᠨ ᠰᠦᠯᠢᠶᠥᠦ ᠪᠦᠷᠬᠦᠪᠴᠢ ᠵᠢᠴᠢ ᠪᠥᠬᠦ ᠠᠮᠢᠳᠤ ᠪᠣᠳᠠᠰ ᠤᠨ ᠵᠠᠳᠠᠷᠠᠮᠠᠳᠠᠭᠠᠢ ᠰᠦᠯᠢᠶᠥᠦ ᠪᠦᠷᠬᠦᠪᠴᠢ ᠶᠢ ᠬᠡᠷᠡᠭᠯᠡᠬᠦ ᠲᠤᠷᠰᠢᠯᠲᠠ ᠶᠢᠨ ᠴᠡᠭ ᠤᠨ ᠬᠡᠷᠡᠭᠯᠡᠯᠲᠡ ᠶᠢ ᠵᠣᠷᠢᠭᠵᠢᠭᠤᠯᠤᠨ ᠳᠡᠯᠭᠡᠷᠡᠭᠦᠯᠪᠡ ᠃ ᠡᠭᠦᠨ ᠤ ᠬᠠᠮᠲᠤ ᠠᠷᠤᠨ ᠬᠤᠰᠢᠭᠤ᠂ ᠵᠠᠯᠠᠨ ᠠᠶᠢᠯ ᠬᠤᠲᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠵᠤᠵᠠᠭᠠᠨ ᠪᠦᠷᠬᠦᠪᠴᠢ ᠨᠡᠮᠡᠬᠦ ᠪᠠ ᠵᠠᠳᠠᠷᠠᠮᠠᠳᠠᠭᠠᠢ ᠪᠦᠷᠬᠦᠪᠴᠢ ᠶᠢᠨ ᠲᠤᠷᠰᠢᠯᠲᠠ ᠶᠢ ᠬᠠᠶᠢᠨ ᠰᠦᠪᠡᠭᠴᠢᠯᠡᠵᠦ᠂ ᠤᠬᠠᠭᠤᠯᠤᠨ ᠳᠡᠯᠭᠡᠷᠡᠭᠦᠯᠬᠦ ᠨᠡᠯᠢᠶᠡᠳ ᠰᠠᠶᠢᠨ ᠦᠷ᠎ᠡ ᠪᠦᠲᠦᠮᠵᠢ ᠣᠯᠪᠠ᠃      ᠲᠤᠰ ᠤᠳᠠᠭᠠᠨ ᠤ ᠠᠵᠢᠯᠯᠠᠭ᠎ᠠ ᠳᠤ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ︽ᠬᠠᠭᠤᠴᠢᠨ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠷᠪᠠᠨ ᠵᠤᠷᠪᠤᠰ ᠠᠷᠭ᠎ᠠ ᠬᠡᠮᠵᠢᠶ᠎ᠡ︾ ᠵᠡᠷᠭᠡ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠬᠤᠷᠢᠶᠠᠨ ᠠᠪᠬᠤ ᠮᠡᠳᠡᠯᠭᠡ ᠵᠢᠴᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠲᠤᠬᠠᠢ ᠶᠢᠨ ᠲᠠᠯᠠᠪᠤᠷ ᠲᠤ ︽ᠪᠥᠬᠦ ᠬᠤᠲᠠ ᠶᠢᠨ ᠮᠠᠯᠴᠢᠨ ᠲᠠᠷᠢᠶᠠᠴᠢᠳ ᠲᠤ ᠥᠭᠭᠦᠭᠰᠡᠨ ᠨᠢᠭᠡ ᠬᠤᠪᠢ ᠵᠠᠬᠢᠳᠠᠯ︾ ︽ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢ 200 ᠭᠠᠷᠤᠢ ᠬᠤᠪᠢ ᠲᠠᠷᠬᠠᠭᠠᠵᠤ᠂ ᠥᠷᠭᠡᠨ ᠣᠯᠠᠨ ᠠᠷᠠᠳ ᠲᠦᠮᠡᠨ ᠳᠤ ᠰᠦᠯᠢᠶᠥᠦ ᠪᠦᠷᠬᠦᠪᠴᠢ ᠶᠢᠨ ᠦᠯᠡᠳᠡᠭᠳᠡᠯ ᠪᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠬᠤᠣᠷ ᠬᠥᠨᠥᠭᠡᠯ ᠢ ᠲᠠᠨᠢᠭᠤᠯᠵᠤ᠂ ᠨᠢᠭᠳᠠᠴᠠ ᠰᠠᠶᠢᠳᠡᠢ ᠰᠦᠯᠢᠶᠥᠦ ᠪᠦᠷᠬᠦᠪᠴᠢ ᠵᠢᠴᠢ ᠪᠥᠬᠦ ᠠᠮᠢᠳᠤ ᠪᠣᠳᠠᠰ ᠤᠨ ᠵᠠᠳᠠᠷᠠᠮᠠᠳᠠᠭᠠᠢ ᠰᠦᠯᠢᠶᠥᠦ ᠪᠦᠷᠬᠦᠪᠴᠢ ᠶᠢ ᠬᠡᠷᠡᠭᠯᠡᠬᠦ ᠪᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠪᠠ᠃      ᠣᠲᠣ ᠪᠣᠯᠲᠠᠯ᠎ᠠ᠂ ᠪᠥᠬᠦ ᠬᠤᠲᠠ ᠳᠤ ᠨᠡᠶᠢᠲᠡ 30 ᠵᠤᠷᠪᠤᠰ ︵ᠤᠳᠠᠭ᠎ᠠ︶ ᠡᠯᠭᠦᠭᠡ ᠪᠢᠴᠢᠭᠡᠰᠦ ᠨᠠᠭᠠᠵᠤ᠂ ᠡᠯ᠎ᠡ ᠲᠥᠷᠥᠯ ᠤᠨ ᠮᠡᠳᠡᠭᠡ ᠵᠠᠩᠭᠢ ᠶᠢ 20 ᠭᠠᠷᠤᠢ ᠨᠡᠶᠢᠲᠡᠯᠡᠵᠦ᠂ ᠴᠣᠣᠷᠢᠶ᠎ᠠ ᠣᠬᠤᠷ ᠸᠢᠳᠢᠤ᠋ ᠶᠢ 2 ᠬᠤᠭᠤᠴᠠᠭ᠎ᠠ ᠰᠢᠩᠭᠡᠬᠡᠨ ᠦᠢᠯᠡᠳᠦᠭᠰᠡᠨ ᠪᠠᠶᠢᠨ᠎ᠠ᠃ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠠᠷᠢᠮᠠᠯ ᠤᠨ ᠡᠷᠦᠬᠡ ᠶᠢᠨ ᠰᠦᠯᠢᠶᠥᠦ ᠪᠦᠷᠬᠦᠪᠴᠢ ᠶᠢ ᠬᠡᠷᠡᠭᠯᠡᠬᠦ ᠮᠡᠳᠡᠯᠭᠡ ᠶᠢ ᠴᠢᠩᠭᠠᠷᠠᠭᠤᠯᠵᠤ᠂ ᠲᠠᠷᠢᠶᠠᠴᠢᠨ ᠡᠷᠦᠬᠡ ᠶᠢᠨ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠪᠥᠬᠦ ᠬᠤᠲᠠ ᠶᠢᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠲᠦᠯᠬᠢᠨ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
123456.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号