ᠲᠦᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ 59.8 ᠳ᠋ᠦᠩᠰᠢᠭᠤᠷ ᠲᠦᠭᠦᠷᠢᠭ ᠤᠨ ᠲᠠᠷᠢᠶᠠᠨ ᠭᠠᠵᠠᠷ ᠤᠨ ᠰᠢᠮ᠎ᠠ ᠶᠢ ᠬᠠᠮᠠᠭᠠᠯᠠᠬᠤ ᠨᠥᠬᠦᠪᠥᠷᠢ ᠪᠠᠭᠤᠯᠭᠠᠪᠠ
ᠨᠡᠶᠢᠲᠡᠯᠡᠭᠰᠡᠨ ᠴᠠᠭ᠄
2023/6/25
      ᠣᠶᠢᠷ᠎ᠠ ᠳᠤ ᠂ ᠲᠦᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ 2023 ᠣᠨ ᠤ ᠲᠠᠷᠢᠶᠠᠨ ᠭᠠᠵᠠᠷ  ᠤᠨ ᠰᠢᠮ᠎ᠠ ᠬᠦᠴᠦ ᠶᠢ ᠬᠠᠮᠠᠭᠠᠯᠠᠬᠤ 59.78 ᠳ᠋ᠦᠩᠰᠢᠭᠤᠷ ᠲᠦᠭᠦᠷᠢᠭ ᠤᠨ ᠨᠥᠬᠦᠪᠥᠷᠢ ᠮᠥᠩᠭᠦ ᠪᠠᠭᠤᠯᠭᠠᠪᠠ᠃      ᠣᠶᠢᠯᠠᠭᠠᠭᠰᠠᠨ ᠢᠶᠠᠷ ᠂ ᠲᠠᠷᠢᠶᠠᠨ ᠭᠠᠵᠠᠷ ᠤᠨ ᠰᠢᠮ᠎ᠠ ᠬᠦᠴᠦ ᠶᠢ ᠬᠠᠮᠠᠭᠠᠯᠠᠬᠤ ᠨᠥᠬᠦᠪᠥᠷᠢ ᠶᠢᠨ ᠬᠡᠪᠴᠢᠶ᠎ᠡ ᠬᠢᠭᠡᠳ ᠨᠥᠬᠦᠪᠥᠷᠢ ᠤᠯᠭᠤᠬᠤ ᠡᠲᠡᠭᠡᠳ ᠪᠤᠯ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠤᠨ ᠲᠠᠭᠠᠭᠠᠴᠢᠯᠠᠯᠳᠡ ᠶᠢᠨ ᠡᠷᠦᠬᠡ  ᠲᠠᠢ ᠲᠠᠷᠢᠶᠠᠴᠢᠨ ︵ ᠲᠠᠷᠢᠶᠠᠯᠠᠩ ᠤᠨ ᠲᠠᠯᠠᠪᠠᠶ ᠶᠢᠨ ᠠᠵᠢᠯᠲᠠᠨ ᠪᠠᠭᠲᠠᠨ᠎ᠠ ︶ ᠪᠣᠯᠤᠨ᠎ᠠ᠃ ᠣᠶᠢᠲᠦ ᠭᠠᠵᠠᠷ ᠵᠢᠴᠢ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠠᠯᠠᠪᠠᠶ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ᠂ ᠨᠡᠶᠢᠯᠡᠵᠦ ᠦᠷᠬᠦᠯᠵᠢᠯᠡᠭᠰᠡᠨ ᠠᠮᠤ ᠪᠤᠳᠠᠭᠠᠨ ᠤ ᠲᠠᠷᠢᠶᠠᠨ ᠭᠠᠵᠠᠷ ᠢ ᠲᠦᠬᠦᠭᠡᠷᠤᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠤᠯᠤᠭᠰᠠᠨ᠂ ᠲᠠᠷᠢᠶᠠᠯᠠᠩ ᠤᠨ ᠪᠤᠰᠤ ᠬᠡᠷᠡᠭᠯᠡᠬᠡᠨ ᠳᠤ ᠲᠠᠲᠠᠪᠤᠷᠢᠯᠠᠭᠰᠠᠨ ︵ᠡᠵᠡᠯᠡᠨ ᠬᠡᠷᠡᠭᠯᠡᠭᠰᠡᠨ ︶ ᠲᠠᠷᠢᠶᠠᠨ ᠭᠠᠵᠠᠷ ᠵᠡᠷᠭᠡ ᠨᠢᠭᠡᠨᠲᠡ ᠬᠡᠷᠡᠭᠴᠡᠭᠡ ᠶᠢ ᠨᠢ ᠬᠤᠪᠢᠷᠠᠭᠤᠯᠤᠭᠰᠠᠨ ᠲᠠᠷᠢᠶᠠᠨ ᠭᠠᠵᠠᠷ᠂ ᠲᠠᠷᠢᠶᠠᠨ ᠭᠠᠵᠠᠷ ᠢ ᠡᠵᠡᠯᠡᠬᠦ ᠪᠠ ᠨᠦᠬᠦᠪᠦᠷᠢᠯᠡᠬᠦ ᠶᠢ ᠲᠡᠩᠴᠡᠬᠦᠯᠬᠦ ᠲᠤᠮᠳᠠᠬᠢ ︽ ᠨᠦᠬᠦᠪᠦᠷᠢᠯᠡᠭᠰᠡᠨ ︾ ᠲᠠᠯᠠᠪᠠᠶ ᠪᠠ ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠨᠡᠶᠢᠴᠡᠬᠦ ᠥᠬᠡᠶ ᠲᠠᠷᠢᠶᠠᠨ ᠭᠠᠵᠠᠷ ︵ ᠲᠤᠬᠠᠶᠢᠯᠠᠪᠠᠯ ᠤᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ ︽ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠠᠵᠢᠯ ᠪᠠ ᠮᠡᠷᠭᠡᠵᠢᠯ ᠤᠨ ᠵᠢᠷᠤᠮᠵᠢᠯ ᠤᠨ ᠨᠦᠬᠦᠪᠤᠷᠢᠯᠡᠯ︾ ᠤᠨ ᠱᠠᠭᠠᠷᠳᠠᠯᠭ᠎ᠠ ᠳᠤ ᠨᠡᠶᠢᠴᠡᠬᠦ ᠥᠬᠡᠶ ᠲᠠᠷᠢᠶᠠᠨ ᠭᠠᠵᠠᠷ︶ ᠪᠣᠯᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠢ ᠵᠣᠭᠰᠤᠭᠠᠬᠤ ᠬᠡᠪᠴᠢᠶᠡᠨ ᠳᠤ ᠨᠢᠭᠡᠨᠲᠡ ᠣᠷᠤᠭᠤᠯᠤᠭᠰᠠᠨ ᠤᠤᠯ ᠤᠨ ᠪᠠᠶᠢᠭᠰᠠᠨ ᠲᠠᠷᠢᠶᠠᠨ ᠭᠠᠵᠠᠷ ᠲᠤ ᠨᠥᠬᠦᠪᠥᠷᠢ ᠤᠯᠭᠤᠬᠤ ᠥᠬᠡᠶ︔ ᠨᠢᠭᠡᠨᠲᠡ ᠨᠢᠭᠡ ᠵᠢᠯ ᠠᠴᠠ ᠳᠡᠭᠡᠭᠰᠢᠬᠢ ᠠᠳᠠᠷᠰᠢᠨ ᠬᠠᠶᠠᠭᠳᠠᠭᠰᠠᠨ ᠲᠠᠷᠢᠶᠠᠨ ᠭᠠᠵᠠᠷ ᠲᠤ ᠡᠨᠡ ᠵᠢᠯ ᠤᠨ ᠨᠦᠬᠦᠪᠦᠷᠢ ᠶᠢ ᠬᠦᠴᠦᠨ ᠦᠭᠡᠢ ᠪᠣᠯᠭᠠᠨ᠎ᠠ︔ ᠰᠦᠯᠢᠶᠣᠣ ᠪᠦᠷᠬᠦᠪᠴᠢ ᠬᠡᠷᠡᠭᠯᠡᠭᠰᠡᠨ ᠪᠣᠯᠪᠠᠴᠤ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠬᠤᠷᠢᠶᠠᠨ ᠠᠪᠤᠭᠰᠠᠨ ᠥᠬᠡᠶ ᠪᠤᠶᠤ ᠲᠠᠷᠢᠶᠠᠨ ᠭᠠᠵᠠᠷ ᠠᠴᠠ ᠬᠤᠷᠢᠶᠠᠭᠰᠠᠨ ᠬᠠᠷᠢᠴᠠᠯ ᠨᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠭᠦᠷᠦᠭ᠌ᠰᠡᠨ ᠥᠬᠡᠶ ᠲᠠᠷᠢᠶᠠᠨ ᠭᠠᠵᠠᠷ ᠲᠤ ᠨᠥᠬᠦᠪᠥᠷᠢ ᠦᠭᠬᠦ ᠶᠢ ᠬᠤᠶᠢᠰᠢᠯᠠᠭᠤᠯᠬᠤ ᠪᠤᠶᠤ ᠲᠦᠷ ᠵᠤᠭᠰᠤᠭᠠᠨ᠎ᠠ︔ ᠬᠠᠲᠤᠨ ᠭᠤᠤᠯ ᠤᠨ ᠲᠠᠩ ᠤᠨ ᠣᠷᠣᠨ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠭᠰᠠᠨ ᠣᠷᠣᠨ ᠪᠦᠰᠡ ᠳᠤ ᠲᠣᠭᠲᠠᠭᠠᠯ ᠠᠴᠠ ᠵᠥᠷᠢᠴᠡᠨ ᠥᠨᠳᠥᠷ ᠡᠰᠢᠲᠦ ᠲᠠᠷᠢᠮᠠᠯ ᠲᠠᠷᠢᠭᠰᠠᠨ ᠲᠠᠷᠢᠶᠠᠨ ᠭᠠᠵᠠᠷ ᠲᠤ ᠨᠦᠬᠦᠪᠦᠷᠢ ᠦᠭᠬᠦ ᠶᠢ ᠬᠤᠶᠢᠰᠢᠯᠠᠭᠤᠯᠬᠤ ᠪᠤᠶᠤ ᠲᠦᠷ ᠵᠤᠭᠰᠤᠭᠠᠨ᠎ᠠ ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ᠂ ᠲᠠᠷᠢᠶᠠᠨ ᠭᠠᠵᠠᠷ ᠤᠨ ᠰᠢᠮ᠎ᠠ ᠬᠦᠴᠦ ᠶᠢ ᠬᠠᠮᠠᠭᠠᠯᠠᠬᠤ ᠨᠥᠬᠦᠪᠥᠷᠢ ᠮᠦᠩᠭᠦ ᠶᠢ ︽ᠪᠦᠷᠢᠨ ᠴᠢᠳᠠᠮᠵᠢᠳᠤ ᠺᠠᠷᠲ︾ ᠢᠶᠠᠷ ᠤᠯᠭᠤᠨ᠎ᠠ ᠬᠡᠵᠤ ᠲᠤᠳᠤᠷᠬᠠᠢ ᠲᠤᠭᠳᠠᠭᠠᠪᠠ᠃ ᠨᠥᠬᠦᠪᠥᠷᠢ ᠦᠭᠬᠦ ᠦᠨᠳᠦᠰᠦᠯᠡᠯ ᠬᠢᠭᠡᠳ ᠲᠠᠯᠠᠪᠠᠶ ᠨᠢ ᠬᠤᠶᠠᠳᠤᠭᠠᠷ ᠡᠭᠡᠯᠵᠢ ᠶᠢᠨ ᠲᠠᠭᠠᠭᠠᠴᠢᠯᠡᠯᠳᠡ ᠶᠢᠨ ᠲᠠᠷᠢᠶᠠᠨ ᠭᠠᠵᠠᠷ ᠤᠨ ᠲᠠᠯᠠᠪᠠᠶ᠂ ᠭᠠᠶᠢᠯᠢ ᠪᠣᠳᠣᠬᠤ ᠲᠠᠷᠢᠶᠠᠨ ᠭᠠᠵᠠᠷ ᠤᠨ ᠲᠠᠯᠠᠪᠠᠶ᠂ ᠡᠷᠬᠡ ᠶᠢ ᠨᠤᠲᠠᠯᠠᠨ ᠲᠣᠭᠲᠠᠭᠠᠭᠰᠠᠨ ᠲᠠᠷᠢᠶᠠᠨ ᠭᠠᠵᠠᠷ ᠤᠨ ᠲᠠᠯᠠᠪᠠᠶ ᠪᠤᠯᠤᠨ ᠠᠮᠤ ᠪᠤᠳᠠᠭᠠᠨ ᠤ ᠲᠠᠷᠢᠮᠠᠯ ᠲᠠᠷᠢᠬᠤ ᠲᠠᠯᠠᠪᠠᠶ ᠵᠡᠷᠭᠡ ᠪᠠᠶᠢᠵᠤ ᠪᠣᠯᠤᠨ᠎ᠠ᠂ ᠪᠣᠳᠠᠲᠠᠶ ᠠᠯᠢ ᠨᠢᠭᠡ ᠲᠥᠷᠥᠯ ᠬᠡᠯᠪᠡᠷᠢ ᠪᠤᠶᠤ ᠠᠯᠢ ᠬᠡᠳᠦᠨ ᠲᠥᠷᠥᠯ ᠬᠡᠯᠪᠡᠷᠢ ᠳᠤ ᠬᠠᠷᠢᠶᠠᠯᠠᠭᠳᠠᠬᠤ ᠶᠢ ᠡᠯ᠎ᠡ ᠠᠶᠢᠮᠠᠭ ᠬᠤᠲᠠ ᠠᠴᠠ ᠲᠤᠰ ᠭᠠᠵᠠᠷ ᠤᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ ᠲᠣᠭᠲᠠᠭᠠᠬᠤ ᠶᠢᠨ ᠬᠠᠮᠲᠤ ᠨᠥᠬᠦᠪᠥᠷᠢ ᠮᠦᠩᠭᠦ ᠶᠢᠨ ᠶᠡᠷᠦᠩᠬᠡᠶ ᠬᠡᠮᠵᠢᠶ᠎ᠡ ᠪᠣᠯᠤᠨ ᠨᠢᠭᠡᠨᠲᠡ ᠲᠣᠭᠲᠠᠭᠠᠭᠰᠠᠨ ᠨᠥᠬᠦᠪᠥᠷᠢ ᠶᠢ ᠦᠨᠳᠦᠰᠦᠯᠡᠨ ᠶᠡᠷᠦᠩᠬᠡᠶᠢᠯᠡᠨ ᠪᠣᠳᠣᠵᠤ ᠨᠥᠬᠦᠪᠥᠷᠢ ᠦᠭᠬᠦ ᠪᠠᠷᠢᠮᠵᠢᠶ᠎ᠠ ᠶᠢ ᠲᠣᠭᠲᠠᠭᠠᠵᠤ ᠂ ᠠᠳᠠᠯᠢ ᠪᠤᠰᠤ ᠬᠤᠰᠢᠭᠤ ᠰᠢᠶᠠᠨ ᠳᠤ ᠠᠳᠠᠯᠢ ᠪᠤᠰᠤ ᠨᠥᠬᠦᠪᠥᠷᠢ ᠦᠭᠬᠦ ᠪᠠᠷᠢᠮᠵᠢᠶ᠎ᠠ ᠶᠢ ᠬᠡᠷᠡᠭᠵᠢᠭᠦᠯᠵᠦ ᠪᠣᠯᠤᠨ᠎ᠠ ᠬᠡᠪᠡ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号