ᠥᠪᠥᠷ ᠮᠣᠩᠭᠤᠯ ᠤᠨ ᠪᠣᠬᠢᠷᠲᠤᠯ ᠥᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠭ᠎ᠠ ᠪᠠ ᠲᠠᠨᠢᠯᠴᠠᠭᠤᠯᠭ᠎ᠠ ᠶᠢᠨ ᠪᠠᠶᠡᠴᠢᠯᠡᠨ ᠣᠶᠢᠯᠠᠭᠠᠬᠤ ᠲᠥᠪ ᠡᠵᠡᠩᠨᠡᠯᠳᠡ ᠪᠠᠨ ᠡᠬᠢᠯᠡᠬᠦᠯᠦᠯ᠎ᠠ
ᠨᠡᠶᠢᠲᠡᠯᠡᠭᠰᠡᠨ ᠴᠠᠭ᠄
2023/6/25
      ᠣᠶᠢᠷ᠎ᠠ ᠳᠤ ᠂ ᠥᠪᠥᠷ ᠮᠣᠩᠭᠤᠯ ᠤᠨ ᠪᠣᠬᠢᠷᠲᠤᠯ ᠥᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠭ᠎ᠠ ᠪᠠ ᠲᠠᠨᠢᠯᠴᠠᠭᠤᠯᠭ᠎ᠠ ᠶᠢᠨ ᠪᠠᠶᠡᠴᠢᠯᠡᠨ ᠣᠶᠢᠯᠠᠭᠠᠬᠤ ᠲᠥᠪ ᠤᠨ ᠡᠵᠡᠩᠨᠡᠯᠲᠡ ᠡᠬᠢᠯᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ ᠶᠢᠨ ᠠᠵᠤ ᠠᠬᠤᠶᠢᠯᠠᠯᠲᠠᠳ ᠤᠨ ᠨᠥᠬᠦᠷᠯᠡᠯ ᠤᠨ ᠬᠤᠷᠠᠯ ᠤᠨ ᠫᠠᠶᠢᠰᠠ ᠰᠡᠬᠦᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃      ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠳᠤ ︽ᠥᠪᠥᠷ ᠮᠣᠩᠭᠤᠯ ᠤᠨ ᠴᠢᠨᠠᠷ ᠰᠠᠶᠢᠲᠠᠢ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠯᠲᠡ ᠶᠢᠨ ᠲᠥᠪ︾ ᠤᠨ ᠫᠠᠶᠢᠰᠠ ᠣᠯᠭᠤᠪᠠ︔ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠣᠷᠣᠨ ᠤ ᠬᠤᠷᠢᠶ᠎ᠠ ᠶᠢᠨ ᠠᠵᠤ ᠠᠬᠤᠶᠢᠯᠠᠯᠲᠠᠳ ᠤᠨ ᠨᠥᠬᠦᠷᠯᠡᠯ ᠤᠨ ᠬᠤᠷᠠᠯ ᠳᠤ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠣᠷᠣᠨ ᠤ ᠬᠤᠷᠢᠶ᠎ᠠ ᠶᠢᠨ ︽ᠬᠤᠯᠪᠣᠭᠠᠨ ᠤ ᠭᠡᠰᠢᠭᠦᠳ ᠤᠨ ᠭᠡᠷ ᠪᠦᠯᠢ︾ ᠶᠢᠨ ᠫᠠᠶᠢᠰᠠ ᠣᠯᠭᠤᠪᠠ︔ ︽ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠣᠷᠣᠨ  ᠤ ᠬᠤᠷᠢᠶ᠎ᠠ ᠶᠢᠨ ᠠᠵᠤ ᠠᠬᠤᠶᠢᠯᠠᠯᠲᠠᠳ ᠤᠨ ᠨᠥᠬᠦᠷᠯᠡᠯ ᠤᠨ ᠬᠤᠷᠠᠯ︾ ᠤᠨ ᠫᠠᠶᠢᠰᠠ ᠶᠢ ᠰᠡᠬᠦᠪᠡ︔ ︽ᠥᠪᠥᠷ ᠮᠣᠩᠭᠤᠯ ᠤᠨ ᠨᠡᠷᠡᠲᠦ ᠲᠥᠷᠥᠯ ᠲᠡᠮᠳᠡᠭ ᠢ ᠭᠡᠷᠡᠴᠢᠯᠡᠨ ᠳᠤᠭᠳᠠᠭᠠᠬᠤ ᠺᠣᠮᠢᠰ︾ ᠪᠠᠶᠢᠭᠤᠯᠤᠭᠳᠠᠭᠰᠠᠨ ᠫᠠᠶᠢᠰᠠ ᠰᠡᠬᠦᠪᠡ᠃ ᠪᠠᠰᠠ 2023 ᠣᠨ ᠤ ᠥᠪᠥᠷ ᠮᠣᠩᠭᠤᠯ ᠤᠨ ᠲᠥᠷᠥᠯ ᠲᠡᠮᠳᠡᠭ ᠤᠨ ᠦᠨ᠎ᠡ ᠥᠷᠲᠡᠭ ᠢ ᠦᠨᠡᠯᠡᠵᠦ ᠤᠬᠠᠭᠤᠯᠤᠨ ᠲᠠᠨᠢᠯᠴᠠᠭᠤᠯᠬᠤ ᠵᠢᠴᠢ ᠥᠪᠥᠷ ᠮᠣᠩᠭᠤᠯ ᠤᠨ ᠨᠡᠷᠡᠲᠦ ᠲᠥᠷᠥᠯ ᠲᠡᠮᠳᠡᠭ ᠢ ᠬᠡᠷᠡᠴᠢᠯᠡᠨ ᠲᠣᠭᠲᠠᠭᠠᠬᠤ ᠠᠵᠢᠯ ᠢ ᠡᠬᠢᠯᠡᠭᠦᠯᠦᠭᠰᠡᠨ ᠪᠠᠶᠢᠨ᠎ᠠ ᠃      ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠪᠣᠯᠤᠨ ᠥᠪᠥᠷ ᠮᠣᠩᠭᠤᠯ ᠤᠨ ᠪᠠᠶᠠᠨ ᠨᠣᠭᠤᠭᠠᠨ ᠪᠤᠳᠠᠳᠤ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ︽ᠳᠡᠭᠷᠢ ᠶᠢᠨ ᠬᠡᠰᠢᠭᠳᠦ ᠪᠣᠷᠣᠲᠣᠬᠤᠶ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠬᠠᠮᠵᠢᠯᠴᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ︾ ᠲᠤ ᠭᠠᠷ ᠤᠨ ᠦᠰᠦᠭ ᠵᠢᠷᠤᠵᠠᠢ᠃      ᠲᠤᠰ ᠤᠳᠠᠭ᠎ᠠ ᠶᠢᠨ ᠠᠵᠢᠯᠯᠠᠭ᠎ᠠ ᠪᠠᠷ ᠲᠠᠮᠵᠢᠨ ᠮᠠᠨ ᠤ ᠤᠷᠤᠨ ᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠤᠨ ᠠᠵᠢᠯ ᠢ ᠠᠬᠢᠭᠤᠯᠤᠨ᠂ ᠪᠦᠬᠦ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠬᠦᠴᠦᠨ ᠢ ᠦᠨᠡᠨ ᠬᠦ ᠴᠢᠩᠭᠠᠳᠬᠠᠨ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠭᠡᠵᠦ᠂ ᠪᠦᠬᠦ ᠤᠷᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠣᠵᠠᠭᠠᠶᠢᠷᠠᠭᠤᠯᠬᠤ ᠳᠤ ᠬᠦᠴᠤᠨ ᠨᠡᠮᠡᠷᠢᠯᠡᠭᠰᠡᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号