ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠭᠤᠣᠯ ᠰᠡᠳᠦᠪᠲᠦ ᠬᠥᠮᠦᠵᠢᠯ ᠥᠷᠨᠢᠭᠦᠯᠬᠦ ᠳᠤᠮᠳᠠ᠂ ᠶᠡᠷᠦᠩᠬᠡᠢ ᠱᠦᠵᠢ ᠰᠢ ᠶᠢᠨ ᠫᠢᠩ ᠤᠨ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠠᠭ᠎ᠠ ᠬᠦᠷᠢᠶᠡᠯᠡᠩ ᠤᠨ ᠰᠤᠷᠤᠭᠴᠢᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠤᠷᠤᠯᠴᠠᠯᠭ᠎ᠠ ᠪᠠ ᠦᠢᠯᠡᠳᠦᠯᠭᠡ ᠶᠢᠨ ᠪᠦᠲᠦᠮᠵᠢᠲᠡᠶ ᠤᠶᠠᠯᠳᠤᠯ ᠢ | ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠠᠬᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ ᠦᠭᠡᠢ ᠪᠠᠳᠠᠷᠠᠭᠤᠯᠪᠠ᠃ 6 ᠰᠠᠷ᠎ᠠ ᠶᠢᠨ 26 ᠤ ᠡᠳᠦᠷ᠂ | ᠪᠥᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠦᠵᠡᠭᠦᠯᠭᠡ ᠶᠢᠨ | ᠪᠣᠯᠪᠠᠰᠤᠷᠠᠯ ᠤᠨ ᠬᠤᠷᠠᠯ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠦᠩ ᠶᠠᠨ | ᠬᠤᠷᠠᠯ ᠳᠤ ᠣᠷᠣᠯᠴᠠᠪᠠ ᠃ | | | | | | | | ᠪᠣᠯᠪᠠᠰᠤᠷᠠᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠬᠠᠩᠭᠢᠨ ᠬᠤᠶᠢᠲᠤ ᠬᠤᠰᠢᠭᠤᠨ ᠤ ᠳᠠᠷᠢᠵᠤ ᠲᠡᠵᠢᠭᠡᠬᠦ ᠶᠢ | ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ᠂ ᠦᠴᠦᠸᠠᠨ ᠤ ᠨᠣᠬᠠᠢ ᠶᠢᠨ | ᠬᠤᠰᠢᠭᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ᠂ ᠬᠥᠯᠥᠨ ᠪᠣᠶᠢᠷ ᠤᠨ ᠡᠪᠡᠰᠦᠨ ᠤ | ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠵᠡᠷᠭᠡ ︽ᠲᠠᠷᠢᠶᠠᠯᠠᠩ ᠢ ᠲᠤᠰᠠᠯᠠᠬᠤ | ᠠᠷᠪᠠᠨ ᠰᠢᠯᠢᠳᠡᠭ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠳᠤ ᠫᠠᠶᠢᠰᠠ ᠣᠯᠭᠤᠪᠠ᠃ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠫᠷᠤᠹᠧᠰᠰᠤᠷ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ | ᠬᠥᠭᠵᠢᠯᠲᠡ ᠶᠢᠨ ᠲᠠᠯ᠎ᠠ ᠪᠠᠷ ᠪᠣᠯᠪᠠᠰᠤᠷᠠᠯ ᠬᠢᠵᠦ᠂ ︽ᠬᠠᠩᠭᠢᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠥᠬᠦ ᠬᠦᠷᠢᠶ᠎ᠡ ᠴᠠᠷᠠᠭᠠᠨ ᠤ ᠪᠣᠬᠢᠷᠲᠤᠯ ᠦᠭᠡᠢ ᠬᠥᠭᠵᠢᠯᠲᠡ ᠳᠤ | ᠬᠦᠴᠦᠨ ᠨᠡᠮᠡᠷᠢᠯᠡᠮᠦᠢ︾ ᠵᠡᠷᠭᠡ ᠬᠡᠷᠡᠭ ᠤᠨ ᠵᠢᠱᠢᠶ᠎ᠡ ᠶᠢ ᠬᠤᠪᠢᠶᠠᠯᠴᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠭ᠎ᠠ ᠬᠦᠷᠢᠶᠡᠯᠡᠩ ᠤᠨ 3 ᠠᠰᠫᠢᠷᠠᠨᠲ ᠶᠢᠨ ᠲᠥᠯᠥᠭᠡᠯᠡᠭᠴᠢ ᠦᠰᠦᠨ ᠪᠣᠶᠢᠵᠢᠭᠰᠠᠨ ᠥᠯᠢᠭᠡᠷ ᠢᠶᠠᠨ | ᠬᠤᠪᠢᠶᠠᠯᠴᠠᠭᠰᠠᠨ ᠪᠠᠶᠢᠨ᠎ᠠ᠃ ᠬᠤᠷᠠᠯ ᠤᠨ ᠳᠠᠷᠠᠭ᠎ᠠ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠡᠯ ᠳ᠋ᠣᠣ | ᠴᠢᠶᠣᠤ ᠪᠠᠯᠭᠠᠰᠤ ᠶᠢᠨ ᠬᠤᠪᠢᠰᠬᠠᠯ ᠤᠨ ᠠᠵᠤ ᠦᠢᠯᠡᠰ ᠤᠨ ᠬᠦᠷᠢᠶᠡᠯᠡᠩ ᠤᠨ ᠤᠰᠤ ᠠᠷᠪᠢᠯᠠᠵᠤ ᠤᠰᠤ ᠡᠵᠡᠮᠳᠡᠬᠦ | ᠵᠢᠱᠢᠶ᠎ᠡ ᠦᠵᠡᠭᠦᠯᠬᠦ ᠲᠣᠭᠤᠷᠢᠭ ᠂ ᠲᠧᠦ ᠳ᠋ᠣᠣ ᠴᠢᠶᠣᠤ ᠭᠤᠣᠯ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠭ᠎ᠠ ᠬᠦᠷᠢᠶᠡᠯᠡᠩ ᠪᠣᠯᠣᠨ ᠲᠦᠷᠪᠡᠨ ᠱᠠᠳᠤ ᠪᠠᠷ ᠬᠤᠯᠪᠤᠭᠠᠯᠠᠨ ᠰᠢᠨ᠎ᠡ ᠶᠢ ᠡᠭᠦᠳᠬᠦ | ᠦᠵᠡᠭᠦᠯᠭᠡ ᠶᠢᠨ ᠲᠢᠩᠬᠢᠮ ᠂ ᠮᠧᠩ ᠬᠠᠢ ᠪᠠᠯᠭᠠᠰᠤ ᠶᠢᠨ ᠬᠤᠩ ᠵᠢᠶᠠᠨ ᠲᠣᠰᠬᠤᠨ ᠤ ᠲᠦᠮᠡᠨ ᠮᠦ ᠵᠠᠯᠭᠠᠯᠳᠤᠭᠰᠠᠨ | ᠪᠤᠭᠤᠳᠠᠢ ᠳᠠᠷᠢᠶᠠᠨ ᠤ ᠵᠢᠱᠢᠶ᠎ᠡ ᠦᠵᠡᠭᠦᠯᠬᠦ ᠪᠦᠲᠦᠭᠡᠯᠴᠢ ᠬᠦᠷᠢᠶᠡᠯᠡᠩ ᠵᠡᠷᠭᠡ ᠭᠠᠵᠠᠷ ᠲᠤ ᠲᠤᠬᠠᠢ ᠶᠢᠨ ᠭᠠᠵᠠᠷ | ᠲᠤᠨᠢ ᠲᠣᠭᠤᠷᠢᠨ ᠦᠵᠡᠵᠡᠢ ᠃ | | | | | | | | ᠣᠳᠣᠬᠠᠨ ᠳᠤ᠂ ᠮᠠᠨ ᠤ ᠣᠷᠣᠨ ᠳᠤ ᠨᠢᠭᠡᠨᠲᠡ 49 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ | ᠬᠦᠷᠢᠶᠡᠯᠡᠩ ᠲᠠᠢ ᠪᠣᠯᠵᠤ᠂ ᠪᠥᠬᠦ ᠤᠯᠤᠰ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ | ᠪᠠᠶᠢᠭᠤᠯᠤᠭᠰᠠᠨ ᠲᠤᠭ᠎ᠠ ᠬᠡᠮᠵᠢᠶ᠎ᠡ ᠪᠠᠷ ᠬᠠᠮᠤᠭ ᠤᠨ ᠣᠯᠠᠨ ᠮᠤᠵᠢ ᠣᠷᠣᠨ ᠪᠣᠯᠵᠠᠢ᠃ ᠪᠥᠬᠦ ᠣᠷᠣᠨ ᠤ ᠡᠯ᠎ᠡ | ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ | ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠪᠡᠯᠡ ᠮᠥᠩᠭᠦ ᠶᠢ ᠬᠡᠯᠪᠡᠶᠢᠯᠭᠡᠵᠦ ᠳᠡᠮᠵᠢᠯᠭᠡ | ᠦᠵᠡᠭᠦᠯᠪᠡ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠨᠢ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠳᠤ ᠦᠵᠡᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ | ᠦᠢᠯᠡᠳᠦᠯ ᠢ ᠪᠦᠲᠦᠮᠵᠢᠲᠡᠶ ᠪᠠᠷ ᠪᠠᠳᠠᠷᠠᠭᠤᠯᠵᠠᠢ ᠃ | | | | | | | | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ︽2023 ︱ 2025 ᠣᠨ ᠤ ᠲᠠᠷᠢᠶᠠᠯᠠᠩ ᠮᠠᠯ ᠠᠵᠤ ᠠᠬᠤᠢ ᠶᠢᠨ ︿ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ﹀ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠭᠤᠷᠪᠠᠨ | ᠵᠢᠯ ᠤᠨ ᠠᠵᠢᠯᠯᠠᠭᠠᠨ ᠤ ᠲᠥᠰᠥᠯ︾ ᠢ ᠳᠠᠷᠤᠮᠠᠯᠯᠠᠨ ᠲᠠᠷᠬᠠᠭᠠᠪᠠ ᠂ ᠲᠠᠷᠢᠶᠠᠯᠠᠩ ᠮᠠᠯ ᠠᠵᠤ ᠠᠬᠤᠢ ᠶᠢᠨ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ | ᠳᠡᠮᠵᠢᠬᠦ ᠪᠠᠷ ᠳᠠᠮᠵᠢᠭᠤᠯᠤᠨ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠲᠤᠰᠬᠠᠢ ᠮᠡᠷᠭᠡᠵᠢᠯᠲᠡᠨ ᠡᠷᠳᠡᠮᠲᠡᠳ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠯ ᠤᠨ | ᠨᠢᠭᠡᠳᠦᠭᠡᠷ ᠹᠷᠣᠨᠲ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ ᠰᠢᠨᠵᠢᠯᠡᠬᠦ ᠤᠬᠠᠭᠠᠨ ᠤ ᠰᠤᠳᠤᠯᠭᠠᠨ | ᠥᠷᠨᠢᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠴᠦᠯᠡᠨ | ᠴᠢᠷᠮᠠᠶᠢᠵᠤ᠂ ᠨᠢᠭᠡ ᠪᠦᠯᠦᠭ ᠲᠡᠷᠢᠭᠦᠨ ᠤ ᠬᠡᠷᠡᠭᠯᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠲᠥᠪᠯᠡᠷᠡᠭᠦᠯᠦᠨ ᠬᠡᠷᠡᠭᠯᠡᠵᠦ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠦᠷᠭᠦᠯᠵᠢᠯᠡᠨ | ᠬᠥᠭᠵᠢᠬᠦ ᠵᠠᠭᠪᠤᠷ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠨᠢᠭᠡ ᠪᠦᠯᠦᠭ ᠠᠵᠤ ᠦᠢᠯᠡᠰ ᠤᠨ ᠬᠥᠭᠵᠢᠯᠲᠡ ᠶᠢᠨ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠣᠯᠤᠨ᠎ᠠ ᠃ 2023 ᠣᠨ ᠳᠤ ᠂ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠭ᠎ᠠ ᠬᠦᠷᠢᠶᠡᠯᠡᠩ ︾ ᠤᠨ ᠪᠦᠲᠦᠭᠡᠨ ᠪᠠᠶᠢᠭᠤᠯᠤᠯᠲᠠ ᠶᠢ 50 ᠠᠴᠠ ᠳᠡᠭᠡᠭᠰᠢ ᠳᠡᠮᠵᠢᠨ᠎ᠡ︔ | 2024 ᠣᠨ ᠳᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ︾ ᠤᠨ ᠪᠦᠲᠦᠭᠡᠨ | ᠪᠠᠶᠢᠭᠤᠯᠤᠯᠲᠠ ᠶᠢ 70 ᠠᠴᠠ ᠳᠡᠭᠡᠭᠰᠢ ᠳᠡᠮᠵᠢᠨ᠎ᠡ ︔ 2025 ᠣᠨ ᠳᠤ᠂ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠭ᠎ᠠ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ 100 ᠠᠴᠠ ᠳᠡᠭᠡᠭᠰᠢ ᠳᠡᠮᠵᠢᠵᠦ᠂ ᠪᠥᠬᠦ | ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ ᠪᠦᠬᠦᠨ ᠢ ᠬᠠᠮᠤᠷᠬᠤ ᠶᠢ | ᠪᠡᠶᠡᠯᠡᠭᠦᠯᠬᠦ ᠪᠠᠷ ᠴᠢᠷᠮᠠᠶᠢᠬᠤ ᠪᠤᠯᠤᠨ᠎ᠠ ᠃ | | | | | | | | | |