1. ᠬᠡᠷᠡᠭᠯᠡᠭᠴᠢᠳ ᠪᠠ ᠡᠵᠡᠩᠨᠡᠭᠴᠢᠳ ᠤᠨ ᠬᠤᠭᠤᠷᠣᠨᠳᠤ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ | ᠠᠰᠠᠭᠤᠳᠠᠯ ᠤᠨ ᠲᠤᠬᠠᠢ ᠮᠠᠷᠭᠤᠯᠳᠤᠭᠠᠨ ᠭᠠᠷᠪᠠᠯ ᠬᠠᠮᠢᠭ᠎ᠠ ᠣᠴᠢᠵᠤ ᠵᠠᠭᠠᠯᠳᠤᠬᠤ ᠪᠤᠶ ︖ | ᠬᠠᠷᠢᠭᠤᠯᠲᠠ ᠄ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠳᠤ ᠬᠢᠨᠠᠯᠲᠠ ᠲᠠᠯᠪᠢᠬᠤ | ᠪᠠᠶᠢᠭᠤᠯᠤᠮᠵᠢ ︵ ᠲᠠᠷᠢᠶᠠᠯᠠᠩ ᠤᠨ ᠮᠠᠰᠢᠨ ᠤ ᠵᠠᠭᠠᠯᠳᠤᠯᠭ᠎ᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ ︶ ᠳᠤ | ᠵᠠᠭᠠᠯᠳᠤᠵᠤ ᠪᠣᠯᠣᠨ᠎ᠠ ᠂ ᠪᠠᠰᠠ ᠲᠤᠬᠠᠢ ᠶᠢᠨ ᠭᠠᠵᠠᠷ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠣᠬᠢᠶᠠᠨ | ᠪᠠᠶᠢᠭᠤᠯᠤᠯᠲᠠ ᠳᠤ ᠵᠠᠭᠠᠯᠳᠤᠵᠤ ᠪᠣᠯᠣᠨ᠎ᠠ ᠃ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ | ᠬᠠᠤᠯᠢ ᠶᠣᠰᠣᠭᠠᠷ ᠡᠶᠡᠳᠡᠭᠦᠯᠦᠨ᠎ᠡ᠃ ︽ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠶᠢ ᠬᠢᠨᠠᠨ | ᠬᠠᠮᠢᠶᠠᠷᠬᠤ ᠠᠷᠭ᠎ᠠ ︾ ᠳᠤ ᠂ ᠰᠢᠶᠠᠨ ᠤ ᠱᠠᠲᠤᠨ ᠠᠴᠠ ᠳᠡᠭᠡᠭᠰᠢᠬᠢ ᠲᠠᠷᠢᠶᠠᠯᠠᠩ ᠤᠨ ᠮᠠᠰᠢᠨᠴᠢᠯᠡᠯᠲᠡ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠤᠨ ᠮᠠᠰᠢᠨ ᠤ ᠵᠠᠭᠠᠯᠳᠤᠯᠭ᠎ᠠ ᠶᠢᠨ ᠪᠠᠶᠢᠭᠤᠯᠤᠮᠵᠢ ᠶᠢ | ᠲᠣᠳᠣᠷᠬᠠᠶᠢᠯᠠᠬᠤ ᠬᠡᠷᠡᠭᠲᠡᠢ ᠭᠡᠵᠦ ᠲᠣᠭᠲᠠᠭᠠᠪᠠ᠃ | 2.ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠬᠦᠷᠢᠶ᠎ᠡ ᠬᠡᠪᠴᠢᠶ᠎ᠡ ᠨᠢ ᠶᠠᠭᠤ ᠪᠤᠢ ︖ | ᠬᠠᠷᠢᠭᠤᠯᠲᠠ ᠄ ᠲᠠᠷᠢᠶᠠᠯᠠᠩ ᠤᠨ ᠮᠠᠰᠢᠨ ᠤ ᠦᠢᠯᠡᠳᠬᠦᠨ ᠤ ᠶᠠᠰᠤ ᠴᠢᠨᠠᠷ ᠂ ᠠᠵᠢᠯ ᠤᠨ ᠶᠠᠰᠤ ᠴᠢᠨᠠᠷ ᠂ | ᠰᠡᠯᠪᠢᠨ ᠵᠠᠰᠠᠬᠤ ᠶᠠᠰᠤ ᠴᠢᠨᠠᠷ ᠪᠠ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠠᠴᠠ ᠪᠣᠯᠤᠭᠰᠠᠨ ᠮᠠᠷᠭᠤᠯᠳᠤᠭᠠᠨ | ᠪᠦᠬᠦᠨ ᠢ ᠴᠥᠮ ᠵᠠᠭᠠᠯᠳᠤᠵᠤ ᠪᠣᠯᠣᠨ᠎ᠠ ᠃ ᠲᠠᠷᠢᠶᠠᠯᠠᠩ ᠤᠨ ᠮᠠᠰᠢᠨ ᠤ ᠦᠢᠯᠡᠳᠬᠦᠨ ᠢ ᠵᠠᠭᠠᠭᠯᠠᠨ ᠲᠣᠭᠲᠠᠭᠠᠬᠤ ᠳᠤ | NY/T1640-2021 ︽ ᠲᠠᠷᠢᠶᠠᠯᠠᠩ ᠤᠨ ᠮᠠᠰᠢᠨ ᠤ ᠠᠩᠭᠢᠯᠠᠯ ︾ ᠤᠨ ᠪᠠᠷᠢᠮᠵᠢᠶ᠎ᠠ ᠶᠣᠰᠣᠭᠠᠷ | ᠬᠡᠷᠡᠭᠵᠢᠭᠦᠯᠦᠨ᠎ᠡ ᠃ | 3.ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ ᠬᠢᠬᠦ ᠳᠤ ᠰᠦᠢᠳᠬᠡᠯ ᠬᠤᠷᠢᠶᠠᠬᠤ | ᠦᠦ︖ | ᠬᠠᠷᠢᠭᠤᠯᠲᠠ ᠄ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠲᠤᠬᠠᠢ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠪᠠ ᠡᠶᠡᠳᠡᠭᠦᠯᠬᠦ ᠳᠤ ᠲᠥᠯᠥᠪᠦᠷᠢ ᠦᠭᠡᠢ ᠦᠢᠯᠡᠴᠢᠯᠡᠭᠡ ᠬᠠᠩᠭᠠᠨ᠎ᠠ ᠃ ᠭᠡᠪᠡᠴᠦ ᠡᠶᠡᠳᠡᠭᠦᠯᠭᠡ ᠶᠢᠨ | ᠳᠤᠮᠳᠠ ᠰᠢᠯᠭᠠᠨ ᠪᠠᠶᠢᠴᠠᠭᠠᠯᠲᠠ ᠪᠤᠶᠤ ᠮᠡᠷᠭᠡᠵᠢᠯ ᠤᠨ ᠰᠢᠯᠭᠠᠨ ᠲᠣᠭᠲᠠᠭᠠᠯᠲᠠ ᠬᠢᠬᠦ ᠴᠢᠬᠤᠯᠠᠲᠠᠢ ᠪᠠᠶᠢᠪᠠᠯ ᠂ | ᠮᠠᠷᠭᠤᠯᠳᠤᠭᠰᠠᠨ ᠬᠤᠶᠠᠷ ᠲᠠᠯ᠎ᠠ ᠪᠠᠷ ᠢᠶᠠᠨ ᠰᠢᠯᠭᠠᠨ ᠪᠠᠶᠢᠴᠠᠭᠠᠯᠲᠠ ᠪᠤᠶᠤ ᠰᠢᠯᠭᠠᠨ ᠲᠣᠭᠲᠠᠭᠠᠯᠲᠠ ᠶᠢ ᠬᠡᠷᠡᠭᠵᠢᠭᠦᠯᠬᠦ | ᠬᠠᠤᠯᠢ ᠪᠠᠷ ᠲᠣᠭᠲᠠᠭᠠᠭᠰᠠᠨ ᠪᠠᠶᠢᠭᠤᠯᠤᠮᠵᠢ ᠶᠢ ᠵᠥᠪᠳᠡᠯᠴᠡᠨ ᠲᠣᠭᠲᠠᠭᠠᠨ᠎ᠠ ᠃ ᠰᠢᠯᠭᠠᠨ ᠪᠠᠶᠢᠴᠠᠭᠠᠬᠤ ᠪᠤᠶᠤ | ᠰᠢᠯᠭᠠᠨ ᠲᠣᠭᠲᠠᠭᠠᠬᠤ ᠳᠤ ᠡᠭᠦᠰᠦᠭᠰᠡᠨ ᠵᠠᠷᠤᠳᠠᠯ ᠢ ᠬᠠᠷᠢᠭᠤᠴᠠᠯᠭ᠎ᠠ ᠲᠠᠢ ᠲᠠᠯ᠎ᠠ ᠡᠭᠦᠷᠭᠡᠯᠡᠨ᠎ᠡ ᠃ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠡᠩ ᠤᠨ ᠪᠠᠶᠢᠳᠠᠯ ᠳᠤ ᠨᠠᠶᠢᠳᠠᠵᠤ ᠰᠢᠯᠭᠠᠨ ᠪᠠᠶᠢᠴᠠᠭᠠᠯᠭᠠᠬᠤ ᠪᠤᠶᠤ ᠰᠢᠯᠭᠠᠨ | ᠲᠣᠭᠲᠠᠭᠠᠯᠭᠠᠬᠤ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠠᠨ᠎ᠠ ᠃ | 4.ᠲᠠᠷᠢᠶᠠᠯᠠᠩ ᠤᠨ ᠮᠠᠰᠢᠨ ᠤ ᠵᠠᠭᠠᠯᠳᠤᠯᠭ᠎ᠠ ᠶᠢᠨ ᠪᠠᠶᠢᠭᠤᠯᠤᠮᠵᠢ ᠶᠠᠮᠠᠷ ᠲᠥᠷᠥᠯ ᠤᠨ ᠵᠠᠭᠠᠯᠳᠤᠯᠭ᠎ᠠ ᠶᠢ | ᠭᠥᠯᠢᠶᠡᠨ ᠠᠪᠴᠤ ᠰᠢᠢᠳᠪᠦᠷᠢᠯᠡᠵᠦ ᠪᠣᠯᠬᠤ ᠪᠣᠶ︖ | ᠬᠠᠷᠢᠭᠤᠯᠲᠠ ᠄ ᠲᠠᠷᠢᠶᠠᠯᠠᠩ ᠤᠨ ᠮᠠᠰᠢᠨ ᠤ ᠦᠢᠯᠡᠳᠬᠦᠨ ᠤ ᠶᠠᠰᠤ ᠴᠢᠨᠠᠷ ᠂ ᠠᠵᠢᠯ ᠤᠨ ᠶᠠᠰᠤ ᠴᠢᠨᠠᠷ ᠂ | ᠰᠡᠯᠪᠢᠨ ᠵᠠᠰᠠᠬᠤ ᠶᠠᠰᠤ ᠴᠢᠨᠠᠷ ᠪᠠ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠲᠠᠯ᠎ᠠ ᠶᠢᠨ | ᠮᠠᠷᠭᠤᠯᠳᠤᠭᠠᠨ ᠠᠴᠠ ᠪᠣᠯᠤᠭᠰᠠᠨ ᠵᠠᠭᠠᠯᠳᠤᠯᠭ᠎ᠠ ᠶᠢ ᠴᠥᠮ ᠬᠦᠯᠢᠶᠡᠨ ᠠᠪᠴᠤ ᠰᠢᠢᠳᠪᠦᠷᠢᠯᠡᠵᠦ ᠪᠣᠯᠣᠨ᠎ᠠ ᠃ | ᠵᠠᠭᠠᠯᠳᠤᠭᠴᠢ ᠨᠢ ᠲᠠᠷᠢᠶᠠᠯᠠᠩ ᠤᠨ ᠮᠠᠰᠢᠨ ᠤ ᠥᠮᠴᠢᠯᠡᠭᠴᠢ ᠂ ᠬᠡᠷᠡᠭᠯᠡᠭᠴᠢ ᠪᠤᠶᠤ ᠲᠡᠭᠦᠨ ᠤ ᠲᠥᠯᠥᠭᠡᠯᠡᠭᠴᠢ ᠪᠠᠶᠢᠬᠤ | ᠬᠡᠷᠡᠭᠲᠡᠢ ᠃ | 5. ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠳᠤ ᠬᠢᠨᠠᠯᠲᠠ ᠲᠠᠯᠪᠢᠬᠤ ᠠᠵᠢᠯ ᠤᠨ ᠵᠠᠷᠴᠢᠮ | ᠨᠢ ᠶᠠᠭᠤ ᠪᠣᠶ︖ | ᠬᠠᠷᠢᠭᠤᠯᠲᠠ ᠄ ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠳᠤ ᠬᠢᠨᠠᠯᠲᠠ ᠲᠠᠯᠪᠢᠬᠤ | ᠪᠠᠶᠢᠭᠤᠯᠤᠮᠵᠢ ᠠᠴᠠ ︽ ᠬᠠᠷᠢᠶ᠎ᠠ ᠣᠷᠣᠨ ᠳᠤᠨᠢ ᠬᠠᠮᠢᠶᠠᠷᠤᠭᠤᠯᠬᠤ ᠂ ᠣᠶᠢᠷᠠᠯᠴᠠᠭ᠎ᠠ ᠭᠠᠵᠠᠷ ᠲᠤᠨᠢ ᠰᠢᠢᠳᠪᠦᠷᠢᠯᠡᠬᠦ ᠂ | ᠤᠷᠢᠳᠠᠪᠠᠷ ᠠᠰᠠᠭᠤᠬᠤ ᠳᠤ ᠬᠠᠷᠢᠭᠤᠴᠠᠬᠤ ᠂ ᠲᠥᠯᠥᠪᠦᠷᠢ ᠦᠭᠡᠢ ᠪᠠᠷ ᠦᠢᠯᠡᠴᠢᠯᠡᠬᠦ ︾ ᠵᠠᠷᠴᠢᠮ ᠢ ᠵᠢᠷᠤᠮᠯᠠᠨ | ᠠᠵᠢᠯ ᠢᠶᠠᠨ ᠥᠷᠨᠢᠭᠦᠯᠦᠨ᠎ᠡ ᠃ ᠭᠤᠷᠪᠠ ᠶᠢ ᠳᠠᠭᠠᠭᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭᠠᠨ ᠳᠠᠬᠢ | ᠵᠠᠭᠠᠯᠳᠤᠯᠭ᠎ᠠ ᠶᠢ ᠶᠡᠷᠦ ᠳᠡᠭᠡᠨ ᠬᠡᠷᠡᠭᠯᠡᠭᠴᠢᠳ ᠤᠨ ᠮᠠᠰᠢᠨ ᠬᠤᠳᠠᠯᠳᠤᠨ ᠠᠪᠤᠭᠰᠠᠨ ᠭᠠᠵᠠᠷ ᠤᠨ ᠵᠠᠭᠠᠯᠳᠤᠯᠭ᠎ᠠ ᠳᠤ | ᠬᠢᠨᠠᠯᠲᠠ ᠲᠠᠯᠪᠢᠬᠤ ᠪᠠᠶᠢᠭᠤᠯᠤᠮᠵᠢ ᠠᠴᠠ ᠬᠠᠷᠢᠭᠤᠴᠠᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠣᠷᠣᠨ | ᠠᠯᠤᠰᠯᠠᠭᠰᠠᠨ ᠪᠤᠶᠤ ᠱᠠᠲᠤ ᠠᠯᠤᠰᠯᠠᠨ ᠵᠠᠭᠠᠯᠳᠤᠭᠰᠠᠨ ᠡᠩ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ | ᠨᠢᠭᠡᠴᠢ ᠠᠴᠠ ᠲᠤᠬᠠᠢ ᠶᠢᠨ ᠭᠠᠵᠠᠷ ᠤᠨ ᠵᠠᠭᠠᠯᠳᠤᠬᠤ ᠪᠠᠶᠢᠭᠤᠯᠤᠮᠵᠢ ᠳᠤ ᠰᠢᠯᠵᠢᠭᠦᠯᠦᠨ ᠰᠢᠢᠳᠪᠦᠷᠢᠯᠡᠭᠦᠯᠵᠦ | ᠪᠣᠯᠣᠨ᠎ᠠ᠂ ᠭᠡᠪᠡᠴᠦ ᠮᠥᠨ ᠯᠡ ᠲᠤᠰ ᠬᠡᠷᠡᠭ ᠢ ᠱᠠᠭᠠᠷᠳᠠᠨ ᠰᠢᠢᠳᠪᠦᠷᠢᠯᠡᠭᠦᠯᠬᠦ ᠪᠠ ᠬᠠᠷᠢᠭᠤᠯᠲᠠ ᠥᠭᠬᠦ | ᠬᠠᠷᠢᠭᠤᠴᠠᠯᠭ᠎ᠠ ᠲᠠᠢ᠃ | |