6 ᠰᠠᠷ᠎ᠠ ᠶᠢᠨ 26 ᠤ ᠡᠳᠦᠷ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠧᠵᠢᠶᠠᠩ ᠤᠨ | ︿ ᠮᠢᠩᠭᠠᠨ ᠲᠦᠮᠡᠨ ᠢᠨᠵᠧᠨᠧᠷᠢᠩ ﹀ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠭᠰᠡᠨ ᠵᠢᠴᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ︾ | ᠵᠧᠵᠢᠶᠠᠩ ᠶᠡᠭᠡ ᠰᠤᠷᠭᠠᠭᠤᠯᠢ ᠳᠤ ᠰᠤᠷᠤᠯᠴᠠᠯᠭ᠎ᠠ ᠡᠬᠢᠯᠡᠪᠡ ᠃ ᠪᠣᠯᠪᠠᠰᠤᠷᠠᠯ ᠤᠨ ᠠᠩᠭᠢ 5 ᠡᠳᠦᠷ ᠤᠨ | ᠬᠤᠭᠤᠴᠠᠭ᠎ᠠ ᠲᠠᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ | ᠠᠵᠤ ᠠᠬᠤᠢ ᠶᠢᠨ ᠠᠵᠢᠯ ᠤᠨ ᠠᠯᠪᠠᠨ ᠭᠡᠷ ᠠᠴᠠ ᠳᠠᠭᠠᠭᠠᠴᠢᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ | ᠢᠦᠢ ᠱᠧᠩ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠪᠥᠭᠡᠳ ᠠᠩᠭᠢ ᠡᠬᠢᠯᠡᠬᠦ ᠶᠠᠷᠢᠶ᠎ᠠ ᠲᠠᠯᠪᠢᠪᠠ ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ | ᠬᠡᠰᠡᠭ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠵᠠᠰᠠᠭ ᠤᠨ ᠬᠤᠪᠢᠳᠠᠨ ᠬᠠᠮᠢᠶᠠᠷᠬᠤ | ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠢᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶᠢᠲᠡ 70 ᠭᠠᠷᠤᠢ ᠰᠣᠷᠣᠭᠴᠢ ᠲᠤᠰᠬᠠᠢ | ᠰᠡᠳᠦᠪᠲᠦ ᠪᠣᠯᠪᠠᠰᠤᠷᠠᠯ ᠰᠤᠷᠤᠯᠴᠠᠯᠭ᠎ᠠ ᠳᠤ ᠣᠷᠣᠯᠴᠠᠵᠠᠢ᠃ | | | | | ᠵᠣᠣ ᠢᠦᠢ ᠱᠧᠩ ᠠᠩᠭᠢ ᠡᠬᠢᠯᠡᠬᠦ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ 20 ᠵᠢᠯ ᠤᠨ ᠲᠤᠷᠰᠢ᠂ | ᠥᠩᠭᠡᠷᠡᠭᠰᠡᠨ ᠬᠤᠭᠤᠴᠠᠭᠠᠨ ᠤ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠷᠣ ᠲᠥᠰᠥᠪ ᠢ | ᠡᠴᠦᠰ ᠲᠤᠨᠢ ᠲᠤᠯᠲᠠᠯ᠎ᠠ ᠵᠢᠷᠤᠵᠤ᠂ ︽ᠮᠢᠩᠭᠠᠨ ᠲᠦᠮᠡᠨ ᠢᠨᠵᠧᠨᠧᠷᠢᠩ ︾ ᠢ ᠴᠠᠭ ᠢᠮᠠᠭᠳᠠ ᠪᠠᠷᠢᠮᠳᠠᠯᠠᠨ | ᠰᠢᠨᠲᠠᠷᠠᠰᠢ ᠦᠭᠡᠢ ᠬᠡᠷᠡᠭᠵᠢᠭᠦᠯᠵᠦ᠂ ︽ ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠂ ᠲᠦᠮᠡᠨ ᠲᠣᠰᠬᠤᠨ ᠢ | ᠴᠡᠭᠴᠡᠯᠡᠨ ᠵᠠᠰᠠᠬᠤ ︾ ᠠᠴᠠ ︽ ᠮᠢᠩᠭᠠᠨ ᠲᠣᠰᠬᠤᠨ ᠤ ᠰᠣᠳᠣᠨ ᠪᠦᠲᠦᠭᠡᠯ ᠂ ᠦᠵᠡᠰᠬᠦᠯᠡᠩᠲᠦ ᠰᠠᠶᠢᠬᠠᠨ ᠲᠦᠮᠡᠨ | ᠲᠣᠰᠬᠤᠨ︾ ᠂ ᠳᠠᠬᠢᠭᠠᠳ ︽ ᠮᠢᠩᠭᠠᠨ ᠲᠣᠰᠬᠤᠨ ᠤ ᠢᠷᠡᠭᠡᠳᠦᠢ ᠂ ᠲᠦᠮᠡᠨ ᠲᠣᠰᠬᠤᠨ ᠬᠠᠮᠲᠤᠪᠠᠷ ᠪᠠᠶᠠᠵᠢᠬᠤ ︾ | ᠬᠦᠷᠲᠡᠯ᠎ᠡ ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠵᠢᠵᠢᠭ ᠬᠡᠷᠴᠢᠮ ᠢᠶᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠵᠠᠮ ᠢ ᠰᠦᠪᠡᠭᠴᠢᠯᠡᠨ ᠭᠠᠷᠭᠠᠵᠤ ᠂ ᠲᠦᠭ ᠲᠦᠮᠡᠨ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠤᠢ ᠪᠣᠯᠭᠠᠵᠤ ᠂ ᠲᠦᠭ ᠲᠦᠮᠡᠨ ᠲᠠᠷᠢᠶᠠᠴᠢᠨ ᠲᠦᠮᠡᠨ ᠳᠤ ᠪᠤᠶᠠᠨ ᠦᠢᠯᠡᠳᠴᠦ ᠂ | ᠵᠧᠵᠢᠶᠠᠩ ᠤᠨ ᠬᠥᠳᠡᠭᠡ ᠲᠣᠰᠬᠤᠨ ᠤ ᠳᠦᠷᠰᠦ ᠪᠠᠶᠢᠳᠠᠯ ᠳᠤ ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ | ᠭᠠᠷᠭᠠᠬᠤ ᠶᠢ ᠬᠥᠲᠥᠯᠥᠨ ᠳᠠᠭᠠᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠴᠢᠳᠠᠯ ᠪᠣᠯᠣᠨ | ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ ᠢᠯᠡᠷᠡᠭᠦᠯᠪᠡ ᠃ ᠰᠤᠷᠤᠭᠴᠢᠳ ᠡᠨᠡ ᠤᠳᠠᠭᠠᠨ ᠤ ᠣᠯᠳᠠᠬᠤᠶ᠎ᠠ | ᠪᠡᠷᠬᠡ ᠰᠤᠷᠤᠯᠴᠠᠬᠤ ᠲᠣᠬᠢᠶᠠᠯ ᠢ ᠨᠠᠨᠳᠢᠩᠨᠠᠵᠤ᠂ ︽ᠮᠢᠩᠭᠠᠨ ᠲᠦᠮᠡᠨ ᠢᠨᠵᠧᠨᠧᠷᠢᠩ︾ ᠤᠨ ᠴᠢᠬᠤᠯᠠ ᠶᠡᠭᠡ ᠤᠯᠤᠰ | ᠲᠥᠷᠥ ᠶᠢᠨ ᠠᠴᠢ ᠬᠤᠯᠪᠣᠭᠳᠠᠯ᠂ ᠣᠨᠣᠯ ᠤᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠬᠦ ᠶᠠᠪᠤᠳᠠᠯ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ | ᠬᠡᠷᠡᠭ ᠤᠨ ᠵᠢᠱᠢᠶ᠎ᠡ ᠶᠢᠨ ᠵᠢᠭᠠᠬᠤ ᠮᠠᠲ᠋ᠧᠷᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ | ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ | ᠲᠤᠭᠤᠰᠢᠯᠠᠭᠤᠯᠬᠤ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠣᠨᠣᠯ ᠢ ᠰᠢᠰᠲ᠋ᠧᠮ ᠲᠠᠢ ᠪᠦᠬᠦ ᠲᠠᠯ᠎ᠠ ᠪᠠᠷ ᠰᠤᠷᠤᠯᠴᠠᠵᠤ᠂ | ︽ᠮᠢᠩᠭᠠᠨ ᠲᠦᠮᠡᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠪᠠ ᠦᠢᠯᠡᠳᠦᠯᠭᠡ ᠶᠢᠨ | ᠬᠡᠷᠡᠭ ᠤᠨ ᠵᠢᠱᠢᠶ᠎ᠡ ᠶᠢ ᠭᠦᠨᠵᠡᠭᠡᠢ ᠣᠶᠢᠯᠠᠭᠠᠵᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠭᠦᠨᠵᠡᠭᠡᠢ | ᠰᠡᠳᠬᠢᠨ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠵᠤ᠂ ︽ ᠮᠢᠩᠭᠠᠨ ᠲᠦᠮᠡᠨ | ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ︽ ᠵᠢᠱᠢᠶᠡᠴᠢ ᠥᠪᠡᠷᠲᠡᠭᠡᠨ ᠵᠠᠰᠠᠬᠤ | ᠣᠷᠣᠨ ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠤᠶᠠᠯᠳᠤᠭᠤᠯᠵᠤ ᠂ ︽ ᠮᠢᠩᠭᠠᠨ | ᠲᠦᠮᠡᠨ ᠢᠨᠵᠧᠨᠧᠷᠢᠩ ︾ ᠤᠨ ᠲᠤᠷᠰᠢᠯᠭ᠎ᠠ ᠶᠢᠨ ᠵᠢᠯᠣᠭᠤᠳᠤᠯᠭ᠎ᠠ ᠳᠣᠣᠷ᠎ᠠ ᠂ ᠰᠤᠷᠤᠯᠴᠠᠬᠤ ᠳᠠᠭᠠᠨ ᠰᠡᠳᠬᠢᠵᠦ ᠂ | ᠰᠤᠷᠤᠯᠴᠠᠬᠤ ᠳᠠᠭᠠᠨ ᠬᠡᠷᠡᠭᠵᠢᠭᠦᠯᠵᠦ ᠂ ᠰᠤᠷᠤᠯᠴᠠᠬᠤ ᠳᠠᠭᠠᠨ ᠬᠡᠷᠡᠭᠯᠡᠵᠦ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠨᠡᠩ ᠯᠠᠪᠳᠠᠭᠤᠨ ᠪᠠᠲᠤᠲᠠᠢ ᠬᠦᠴᠦᠲᠡᠢ ᠠᠬᠢᠭᠤᠯᠵᠤ ᠂ ᠲᠠᠷᠢᠶᠠᠯᠠᠩ ᠮᠠᠯ ᠠᠵᠤ | ᠠᠬᠤᠢ ᠶᠢᠨ ᠬᠦᠴᠦᠷᠬᠡᠭ ᠣᠷᠣᠨ ᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃ | ᠪᠣᠯᠪᠠᠰᠤᠷᠠᠯ ᠤᠨ ᠠᠩᠭᠢ ᠨᠢ ᠲᠥᠪᠯᠡᠷᠡᠭᠦᠯᠦᠨ ᠬᠢᠴᠢᠶᠡᠯᠯᠡᠬᠦ ᠪᠠ ᠲᠤᠬᠠᠢ ᠶᠢᠨ ᠲᠠᠯᠠᠪᠣᠷ ᠲᠤᠨᠢ ᠲᠣᠭᠤᠷᠢᠨ | ᠦᠵᠡᠬᠦ ᠬᠡᠯᠪᠡᠷᠢ ᠶᠢ ᠠᠪᠴᠤ᠂ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠤᠨ ︽ ᠮᠢᠩᠭᠠᠨ ᠲᠦᠮᠠᠨ | ᠢᠨᠵᠧᠨᠧᠷᠢᠩ ︾ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠵᠧᠵᠢᠶᠠᠩ ᠮᠣᠵᠢ ᠶᠢᠨ ᠲᠡᠷᠢᠭᠦᠨ ᠤ ᠠᠵᠢᠯ ᠤᠨ ᠲᠤᠷᠰᠢᠯᠭ᠎ᠠ ᠶᠢ ᠰᠤᠷᠤᠯᠴᠠᠨ ᠳᠡᠯᠭᠡᠷᠡᠭᠦᠯᠵᠦ ᠂ | ᠪᠣᠳᠠᠲᠠᠢ ᠲᠠᠢ ᠪᠠᠨ ᠤᠶᠠᠯᠳᠤᠭᠤᠯᠵᠤ ᠂ ᠳᠠᠷᠠᠭᠠᠴᠢ ᠶᠢᠨ ᠠᠯᠬᠤᠮ ᠤᠨ ︽ ᠮᠠᠯ ᠠᠵᠤ ᠠᠬᠤᠢ ᠮᠠᠯᠵᠢᠬᠤ ᠲᠠᠷᠢᠶᠠᠯᠠᠬᠤ | ᠣᠷᠣᠨ ᠲᠠᠷᠢᠶᠠᠯᠠᠩ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠲᠥᠯᠥᠪᠵᠢᠭᠦᠯᠵᠦ ᠂ ᠪᠦᠬᠦ ᠣᠷᠣᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠵᠤ ᠢᠯᠡᠳᠲᠡ ᠦᠷ᠎ᠡ | ᠪᠦᠲᠦᠮᠵᠢ ᠤᠯᠬᠤ ᠨᠢ ᠵᠠᠶᠢᠯᠠᠰᠢ ᠦᠭᠡᠢ᠃ | | | | | ᠪᠣᠯᠪᠠᠰᠤᠷᠠᠯ ᠤᠨ ᠠᠩᠭᠢ ᠨᠢ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠰᠠᠭᠤᠳᠠᠯ ᠤᠨ | ᠠᠯᠳᠠᠷᠲᠤ ᠲᠤᠰᠬᠠᠢ ᠮᠡᠷᠭᠡᠵᠢᠯᠲᠡᠨ ᠬᠥ᠋ ᠢ ᠺᠠᠩ ᠫᠷᠤᠹᠧᠰᠰᠤᠷ᠂ ᠵᠧᠵᠢᠶᠠᠩ ᠶᠡᠭᠡ ᠰᠤᠷᠭᠠᠭᠤᠯᠢ ᠶᠢᠨ ᠳᠤᠮᠳᠠᠳᠤ | ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ︵︽ ᠺᠠᠲᠡ ︾︶ ᠤᠨ ᠲᠡᠷᠢᠭᠦᠨ | ᠲᠤᠰᠬᠠᠢ ᠮᠡᠷᠭᠡᠵᠢᠯᠲᠡᠨ ᠬᠤᠸᠠᠩ ᠽᠦ ᠬᠤᠶ ᠵᠡᠷᠭᠡ ᠨᠡᠷᠡᠲᠦ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ᠂ | ᠰᠢ ᠶᠢᠨ ᠫᠢᠩ ᠤᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ ᠦᠵᠡᠯ ᠰᠠᠨᠠᠭ᠎ᠠ ᠶᠢ ᠰᠤᠷᠤᠯᠴᠠᠨ | ᠦᠢᠯᠡᠳᠦᠯᠭᠡᠵᠢᠭᠦᠯᠬᠦ ᠶᠢᠨ ᠲᠣᠭᠤᠷᠢᠨ ᠳᠤ ᠬᠠᠮᠲᠤᠪᠠᠷ ᠴᠢᠨᠡᠭᠡᠯᠢᠭᠵᠢᠬᠦ ᠵᠢᠱᠢᠶ᠎ᠡ ᠦᠵᠡᠭᠦᠯᠬᠦ ᠲᠣᠭᠤᠷᠢᠭ ᠢ ᠲᠦᠷᠭᠡᠨ | ᠪᠠᠶᠢᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ | ᠲᠠᠷᠢᠶᠠᠯᠠᠩ ᠤᠨ ᠬᠦᠴᠦᠷᠬᠡᠭ ᠤᠯᠤᠰ ᠤᠨ ᠠᠬᠢᠴᠠ ᠶᠢ ᠲᠦᠷᠭᠡᠳᠭᠡᠬᠦ᠂ ︽ ᠮᠢᠩᠭᠠᠨ ᠲᠦᠮᠡᠨ ᠢᠨᠵᠧᠨᠧᠷᠢᠩ ︾ ᠤᠨ | ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠂ ︽ ᠮᠢᠩᠭᠠᠨ ᠲᠦᠮᠡᠨ | ᠢᠨᠵᠧᠨᠧᠷᠢᠩ ︾ ᠤᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠶᠢᠨ ᠵᠢᠱᠢᠶ᠎ᠡ ᠪᠣᠯᠣᠨ ᠠᠩᠬᠠᠷᠬᠤ ᠠᠰᠠᠭᠤᠳᠠᠯ ᠂ | ᠬᠥᠳᠡᠭᠡ ᠲᠣᠰᠬᠤᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠪᠣᠯᠣᠨ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠂ ᠬᠥᠳᠡᠭᠡ ᠲᠣᠰᠬᠤᠨ ᠤ ᠨᠡᠷᠡᠲᠦ ᠲᠦᠷᠦᠯ ᠲᠡᠮᠳᠡᠭᠵᠢᠭᠰᠡᠨ ᠡᠵᠡᠩᠨᠡᠯᠲᠡ ᠂ | ᠬᠥᠳᠡᠭᠡ ᠲᠣᠰᠬᠤᠨ ᠤ ᠵᠤᠭᠠᠴᠠᠯ ᠤᠨ ᠳᠡᠰ ᠳᠡᠪᠰᠢᠬᠦ ᠪᠣᠳᠣᠯᠬᠢᠯᠠᠯ ᠵᠡᠷᠭᠡ ᠠᠭᠤᠯᠭ᠎ᠠ ᠳᠤ ᠨᠠᠷᠢᠨ ᠲᠠᠶᠢᠯᠤᠮᠵᠢ ᠬᠢᠪᠡ ᠃ | ᠪᠠᠰᠠ ᠰᠢᠶᠤᠤᠱᠠᠨ ᠲᠣᠭᠤᠷᠢᠭ ᠤᠨ ᠮᠡᠶᠢᠯᠢᠨ ᠲᠣᠰᠬᠤᠨ ᠂ ᠬᠠᠩᠮᠢᠨ ᠲᠣᠰᠬᠤᠨ ᠂ ᠹᠧᠩᠬᠤᠸᠠ ᠲᠣᠭᠤᠷᠢᠭ ᠤᠨ | ᠲᠧᠩᠲᠸᠦ ᠲᠣᠰᠬᠤᠨ ᠂ ᠴᠢᠩ ᠶᠦᠨ ᠲᠣᠰᠬᠤᠨ ᠂ ᠳ᠋ᠧᠴᠢᠩ ᠰᠢᠶᠠᠨ ᠤ ᠯᠤᠤᠯᠢᠩ ᠲᠣᠰᠬᠤᠨ ᠂ ᠢᠦᠢ ᠲᠣᠰᠬᠤᠨ | ᠵᠡᠷᠭᠡ ᠭᠠᠵᠠᠷ ᠲᠤ ︽ ᠮᠢᠩᠭᠠᠨ ᠲᠦᠮᠡᠨ ᠢᠨᠵᠧᠨᠧᠷᠢᠩ ︾ ᠤᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠰᠣᠶᠣᠯ | ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠂ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ᠵᠡᠷᠭᠡ ᠨᠡᠶᠢᠲᠡᠯᠢᠭ | ᠬᠡᠷᠡᠭ ᠤᠨ ᠵᠢᠱᠢᠶ᠎ᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ | | | | |