ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬ᠎ᠠ ᠪᠠ ᠬᠤᠷᠴᠢᠨ ᠤ ᠡᠯᠡᠰᠦ ᠮᠠᠩᠬ᠎ᠠ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/29
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠭᠤᠣᠯ ᠰᠡᠳᠦᠪᠲᠦ ᠬᠥᠮᠦᠵᠢᠯ ᠤᠨ ᠳᠤᠮᠳᠠ᠂ ᠪᠠᠶᠢᠴᠠᠭᠠᠨ ᠰᠤᠳᠤᠯᠤᠯᠲᠠ ᠬᠢᠵᠦ ᠰᠢᠢᠳᠪᠦᠷᠢᠲᠦ ᠪᠣᠳᠣᠯᠭ᠎ᠠ ᠶᠢ ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠶᠢ ᠰᠠᠶᠢᠵᠢᠷᠠᠭᠤᠯᠬᠤ᠂ ᠠᠵᠢᠯ ᠢ ᠠᠬᠢᠭᠤᠯᠬᠤ ᠦᠢᠯᠡᠳᠦᠯ ᠢᠶᠠᠨ ᠪᠠᠳᠠᠷᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠬᠤᠳᠠ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠡᠯᠡᠰᠦᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠠᠷᠢᠯᠴᠠᠬᠤ ᠬᠤᠷᠠᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ 6 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬ᠎ᠠ ᠪᠠ ᠬᠤᠷᠴᠢᠨ ᠤ ᠡᠯᠡᠰᠦ ᠮᠠᠩᠬ᠎ᠠ ᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠬᠢᠭᠡᠳ ᠡᠯᠡᠰᠦᠨ ᠤ ᠠᠵᠤ ᠦᠢᠯᠡᠰ ᠤᠨ ᠪᠦᠲᠦᠮᠵᠢᠲᠡᠶ ᠤᠶᠠᠯᠳᠤᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ 
1.png
       6 ᠰᠠᠷ᠎ᠠ ᠶᠢᠨ 27  ᠤ ᠡᠳᠦᠷ᠂ ᠭᠦᠸᠧ ᠵᠠᠨ ᠵᠢᠶᠠᠩ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬ᠎ᠠ ᠳᠤ ᠬᠦᠷᠴᠦ᠂ ᠨᠠᠷᠠᠳᠤ ᠰᠤᠮᠤ ᠶᠢᠨ ᠬᠤᠯᠤᠰᠤᠲᠠᠢ ᠭᠠᠴᠠᠭ᠎ᠠ ᠶᠢᠨ ᠬᠦᠨᠳᠦ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠲᠦᠷᠦᠯ ᠵᠦᠢᠯ ᠤᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ᠂ ᠡᠯᠡᠰᠦ ᠮᠠᠩᠬ᠎ᠠ ᠶᠢ ᠵᠠᠰᠠᠬᠤ ᠪᠠ ᠡᠯ᠎ᠡ ᠵᠦᠢᠯ ᠤᠨ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠤᠨ ᠲᠦᠷᠦᠯ ᠵᠦᠢᠯ᠂ ᠥᠰᠦᠯᠲᠡ ᠶᠢᠨ ᠬᠡᠪᠰᠢᠯ᠂ ᠠᠵᠤ ᠠᠬᠤᠢ ᠶᠢᠨ ᠦᠷ᠎ᠡ ᠠᠰᠢᠭ ᠢ ᠨᠠᠷᠢᠨᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ  ᠳᠠᠬᠢ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠨᠳᠡᠯᠡᠨ ᠤ ᠬᠥᠮᠥᠨ ᠪᠣᠯᠬᠤ ᠦᠭᠡᠢ᠂ ᠲᠣᠭᠲᠠᠴᠠ ᠶᠢᠨ ᠰᠢᠨ᠎ᠡ ᠶᠢ ᠢᠳᠡᠪᠬᠢᠲᠡᠢ ᠪᠠᠷ ᠡᠭᠦᠳᠴᠦ᠂ ᠡᠯᠡᠰᠦ ᠶᠢ ᠵᠠᠰᠠᠵᠤ ᠡᠯᠡᠰᠦ ᠶᠢ ᠬᠡᠷᠡᠭᠯᠡᠬᠦ ᠳᠤ ᠣᠷᠣᠯᠴᠠᠨ᠂ ᠠᠮᠢ ᠠᠬᠤᠶᠢᠵᠢᠯᠲᠠ᠂ ᠠᠵᠤ ᠦᠢᠯᠡᠰᠵᠢᠯᠲᠡ᠂ ᠨᠡᠶᠢᠭᠡᠮᠴᠢᠯᠡᠯᠲᠡ᠂ ᠣᠶᠤᠨᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬ᠎ᠠ ᠶᠢ ᠰᠥᠨᠥᠭᠡᠬᠦ ᠲᠡᠶᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ ᠭᠡᠪᠡ᠃ ᠳᠠᠷᠠᠭ᠎ᠠ ᠳᠤᠨᠢ᠂ ᠲᠡᠷᠡ ᠨᠠᠷᠠᠳᠤ ᠰᠤᠮᠤ ᠶᠢᠨ ᠭᠤᠭᠤᠰᠤᠳᠠᠢ ᠭᠠᠴᠠᠭ᠎ᠠ ᠶᠢᠨ ᠮᠠᠯᠴᠢᠳ ᠤᠨ ᠭᠡᠷ ᠲᠤ ᠢᠷᠡᠵᠦ᠂ ︽ᠲᠠᠯ᠎ᠠ ᠨᠤᠲᠤᠭ ᠤᠨ ᠲᠠᠭᠠᠭᠠᠴᠠ ᠠᠴᠠ ᠬᠡᠳᠦᠷᠡᠭᠦᠯᠦᠨ ᠮᠠᠯᠵᠢᠬᠤ︾  ᠠᠰᠠᠭᠤᠳᠠᠯ ᠳᠤ ᠴᠢᠭᠯᠡᠭᠦᠯᠦᠨ᠂ ᠮᠠᠯᠴᠢᠳ ᠤᠨ ᠬᠡᠷᠡᠭᠴᠡᠭᠡ ᠶᠢ ᠨᠠᠷᠢᠨ ᠣᠶᠢᠯᠠᠭᠠᠪᠠ᠃ ᠲᠡᠷᠡ᠂ ᠬᠠᠰᠢᠶᠠᠯᠠᠨ ᠲᠡᠵᠢᠭᠡᠬᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠴᠢᠴᠠᠷᠭᠠᠨ᠎ᠠ᠂ ᠨᠠᠶᠢᠯᠵᠠᠭᠤᠷ ᠬᠠᠷᠭᠠᠨ᠎ᠠ᠂ ᠬᠤᠨᠢᠨ ᠡᠪᠡᠰᠦ᠂ ᠴᠠᠷᠭᠠᠰᠤ ᠵᠡᠷᠭᠡ ᠶᠢᠨ ᠲᠠᠷᠢᠮᠠᠯ ᠢ ᠬᠥᠭᠵᠢᠭᠦᠯᠵᠦ᠂ ᠡᠳᠡᠭᠡᠷ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠢ ᠲᠡᠵᠢᠭᠡᠯ ᠡᠪᠡᠰᠦ ᠪᠣᠷᠳᠤᠭ᠎ᠠ ᠪᠣᠯᠭᠠᠨ ᠰᠤᠳᠤᠯᠤᠨ ᠨᠡᠭᠡᠭᠡᠵᠦ ᠬᠤᠪᠢᠷᠠᠭᠤᠯᠤᠨ ᠠᠰᠢᠭᠯᠠᠬᠤ ᠶᠢ ᠴᠢᠩᠭᠠᠳᠬᠠᠵᠤ᠂ ᠲᠠᠭᠠᠭᠠᠴᠠ ᠠᠴᠠ ᠬᠡᠳᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ᠲᠡᠵᠢᠭᠡᠯ ᠡᠪᠡᠰᠦ ᠪᠣᠷᠳᠣᠭᠠᠨ ᠤ ᠢᠷᠡᠯᠲᠡ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠭᠦᠸᠧ ᠵᠠᠨ ᠵᠢᠶᠠᠩ ᠪᠠᠰᠠ ᠰᠢ ᠪᠸᠢ ᠬᠤᠢ ᠲᠦᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠰᠢᠯᠤᠭᠤᠨ ᠬᠥᠬᠡ ᠬᠤᠰᠢᠭᠤᠨ ᠤ ᠱᠠᠩ ᠳ᠋ᠦ᠋ ᠦᠬᠡᠷ ᠤᠨ ᠮᠢᠬᠠᠨ ᠤ ᠬᠢᠵᠠᠭᠠᠷᠲᠤ ᠺᠣᠮᠫᠠᠨᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ 
2.jpg
       6 ᠰᠠᠷ᠎ᠠ ᠶᠢᠨ 28 ᠤ ᠡᠳᠦᠷ᠂ ᠭᠦᠸᠧ ᠵᠠᠨ ᠵᠢᠶᠠᠩ ᠤᠯᠠᠭᠠᠨᠬᠠᠳᠠ ᠬᠤᠲᠠ ᠶᠢᠨ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬ᠎ᠠ ᠪᠣᠯᠣᠨ ᠬᠤᠷᠴᠢᠨ ᠤ ᠡᠯᠡᠰᠦ ᠮᠠᠩᠬ᠎ᠠ ᠳᠤ ᠬᠦᠷᠴᠦ᠂ ᠬᠡᠰᠢᠭᠲᠡᠨ ᠬᠤᠰᠢᠭᠤᠨ ᠤ ᠪᠢᠷᠠᠭᠤ ᠪᠠᠯᠭᠠᠰᠤ ᠶᠢᠨ ᠶᠢᠩ ᠪᠢ ᠱᠠᠨ ᠤ ᠲᠥᠷᠥᠯ ᠵᠦᠢᠯ ᠤᠨ ᠲᠣᠭᠤᠷᠢᠭ ᠪᠣᠯᠣᠨ ᠣᠩᠨᠢᠭᠤᠳ ᠬᠤᠰᠢᠭᠤᠨ ᠤ ᠬᠠᠶᠢᠯᠠᠰᠤ ᠪᠠᠯᠭᠠᠰᠤ ᠶᠢᠨ ᠰᠢᠷ᠎ᠠ ᠲᠠᠯ᠎ᠠ ᠮᠠᠯᠵᠢᠯ ᠤᠨ ᠲᠠᠯᠠᠪᠠᠢ ᠶᠢᠨ ᠲᠥᠷᠥᠯ ᠵᠦᠢᠯ ᠤᠨ ᠲᠣᠭᠤᠷᠢᠭ ᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠵᠦ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ᠂ ᠬᠡᠪᠴᠢᠶᠡᠵᠢᠭᠰᠡᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠦᠲᠦᠭᠡᠨ ᠪᠠᠶᠢᠭᠤᠯᠤᠯᠲᠠ ᠵᠢᠴᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠡᠯᠡᠰᠦᠷᠭᠡᠭᠵᠢᠯ ᠢ ᠵᠠᠰᠠᠬᠤ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠠᠭᠤᠰᠤᠯᠴᠠᠭᠤᠯᠤᠨ ᠬᠥᠭᠵᠢᠭᠦᠯᠬᠦ ᠪᠦᠲᠦᠮᠵᠢᠲᠡᠶ ᠠᠷᠭ᠎ᠠ ᠵᠠᠮ ᠢ ᠰᠣᠯᠢᠯᠴᠠᠨ ᠶᠠᠷᠢᠯᠴᠠᠪᠠ᠃ 
3.png
       ᠭᠦᠸᠧ ᠵᠠᠨ ᠵᠢᠶᠠᠩ ᠰᠢᠯᠢ ᠶᠢᠨ ᠭᠤᠣᠯ ᠠᠶᠢᠮᠠᠭ ᠪᠣᠯᠣᠨ ᠤᠯᠠᠭᠠᠨᠬᠠᠳᠠ ᠬᠤᠳᠠ ᠶᠢᠨ ᠭᠠᠩ ᠬᠠᠭᠰᠠᠷᠠᠭᠠᠨ ᠤ ᠪᠠᠶᠢᠳᠠᠯ ᠵᠢᠴᠢ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠭᠠᠩᠳᠠᠭᠰᠠᠨ ᠭᠠᠵᠠᠷ ᠣᠷᠣᠨ ᠤ ᠭᠠᠩ ᠤᠨ ᠪᠠᠶᠢᠳᠠᠯ ᠤᠨ ᠬᠥᠭᠵᠢᠯᠲᠡ ᠶᠢ ᠦᠷᠭᠦᠯᠵᠢᠯᠡᠨ ᠭᠤᠣᠯᠳᠠᠯᠭ᠎ᠠ ᠲᠠᠢ ᠠᠩᠬᠠᠷᠴᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠣᠲᠣ ᠶᠢᠨ ᠪᠠᠶᠢᠭ᠎ᠠ ᠤᠰᠤᠯᠠᠯᠲᠠ ᠶᠢᠨ ᠲᠥᠬᠦᠭᠡᠷᠦᠮᠵᠢ ᠶᠢ ᠭᠦᠢᠴᠡᠳ ᠠᠰᠢᠭᠯᠠᠵᠤ᠂ ᠭᠠᠩ ᠤᠨ ᠪᠠᠶᠢᠳᠠᠯ ᠤᠨ ᠨᠥᠯᠥᠭᠡ ᠶᠢ ᠪᠥᠬᠦ ᠬᠦᠴᠦᠨ ᠢᠶᠠᠷ ᠢᠶᠠᠨ ᠪᠠᠭᠠᠰᠬᠠᠵᠤ᠂ ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠡᠵᠢᠭᠡᠯ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠶᠢ ᠴᠢᠩᠭᠠᠳᠬᠠᠵᠤ᠂ ᠲᠠᠯᠠᠪᠠᠶ ᠳᠤ ᠪᠤᠴᠠᠭᠠᠬᠤ᠂ ᠴᠠᠭ ᠲᠤᠬᠠᠢ ᠳᠤᠨᠢ ᠭᠠᠷᠭᠠᠬᠤ᠂ ᠦᠬᠦᠭᠰᠡᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠬᠥᠮᠥᠨ ᠮᠠᠯ ᠤᠨ ᠤᠤᠭᠤᠬᠤ ᠤᠰᠤ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠥᠪᠡᠷ ᠢ ᠪᠠᠨ ᠠᠪᠤᠷᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠳᠡᠮᠵᠢᠯᠭᠡ ᠶᠢ ᠰᠠᠶᠢᠲᠤᠷ ᠬᠢᠵᠦ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠯᠭᠠᠨ ᠥᠭᠬᠦ ᠠᠵᠢᠯ ᠢ ᠲᠦᠷᠭᠡᠳᠭᠡᠬᠦ ᠬᠡᠷᠡᠭᠲᠡᠢ ᠭᠡᠪᠡ᠃      ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠣᠨ ᠬᠤᠶᠠᠷ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤᠰ ᠲᠤᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号