6 ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠨᠠᠷ ᠤᠯᠠᠭᠠᠨᠬᠠᠳᠠ ᠬᠤᠲᠠ ᠶᠢᠨ | ᠬᠡᠰᠢᠭᠲᠡᠨ ᠬᠤᠰᠢᠭᠤ᠂ ᠣᠩᠨᠢᠭᠤᠳ ᠬᠤᠰᠢᠭᠤᠨ ᠳᠤ ᠭᠦᠨᠵᠡᠭᠡᠶᠢᠷᠡᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦ | ᠮᠠᠩᠬ᠎ᠠ ᠪᠠ ᠬᠤᠷᠴᠢᠨ ᠤ ᠡᠯᠡᠰᠦ ᠮᠠᠩᠬ᠎ᠠ ᠶᠢᠨ ᠡᠯᠡᠰᠦ ᠶᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠤᠯᠠᠭᠠᠨᠬᠠᠳᠠ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠹᠦ᠋ ᠱᠧᠦ ᠯᠢ ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠠᠩ ᠱᠧᠩ ᠾᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | | | | | | | | | ᠬᠡᠰᠢᠭᠲᠡᠨ ᠬᠤᠰᠢᠭᠤᠨ ᠤ ᠪᠢᠷᠠᠭᠤ ᠪᠠᠯᠭᠠᠰᠤ ᠶᠢᠨ ᠶᠢᠩ ᠪᠢ ᠱᠠᠨ ᠲᠦᠷᠦᠯ ᠵᠦᠢᠯ ᠤᠨ ᠲᠣᠭᠤᠷᠢᠭ ᠪᠣᠯᠣᠨ | ᠣᠩᠨᠢᠭᠤᠳ ᠬᠤᠰᠢᠭᠤᠨ ᠤ ᠬᠠᠶᠢᠯᠠᠰᠤ ᠪᠠᠯᠭᠠᠰᠤ ᠶᠢᠨ ᠰᠢᠷ᠎ᠠ ᠲᠠᠯ᠎ᠠ ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠤᠨ | ᠲᠣᠭᠤᠷᠢᠭ ᠲᠤ ᠬᠦᠷᠴᠦ᠂ ᠭᠦᠸᠧ ᠵᠠᠨ ᠵᠢᠶᠠᠩ ᠣᠶᠢᠷ᠎ᠠ ᠶᠢᠨ ᠵᠢᠯ ᠤᠨ ᠲᠤᠷᠰᠢᠬᠢ ᠲᠤᠬᠠᠢ ᠶᠢᠨ ᠭᠠᠵᠠᠷ ᠤᠨ | ᠡᠯᠡᠰᠦᠷᠬᠡᠭᠵᠢᠯ ᠢ ᠵᠠᠰᠠᠬᠤ ᠲᠠᠯ᠎ᠠ ᠪᠠᠷ ᠬᠢ ᠭᠤᠣᠯ ᠠᠷᠭ᠎ᠠ ᠬᠢᠳᠡᠯ ᠂ ᠨᠡᠶᠢᠲᠡᠯᠢᠭ ᠲᠤᠷᠰᠢᠯᠭ᠎ᠠ ᠵᠢᠴᠢ ᠵᠠᠰᠠᠭᠰᠠᠨ | ᠦᠷ᠎ᠡ ᠪᠦᠲᠦᠮᠵᠢ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ | ᠰᠣᠨᠣᠰᠴᠠᠢ ᠃ ᠬᠦ᠋ᠷᠬᠦ ᠪᠦᠷᠢ ᠂ ᠭᠦᠸᠧ ᠵᠠᠨ ᠵᠢᠶᠠᠩ ᠠᠳᠠᠯᠢ ᠪᠤᠰᠤ ᠲᠦᠷᠦᠯ ᠤᠨ ᠡᠯᠡᠰᠦᠷᠬᠡᠭ ᠭᠠᠵᠠᠷ ᠤᠨ ᠣᠷᠴᠢᠨ | ᠲᠣᠭᠤᠷᠢᠨ ᠤ ᠡᠯᠡᠰᠦ ᠶᠢ ᠰᠡᠷᠭᠡᠶᠢᠯᠡᠨ ᠲᠣᠭᠲᠠᠪᠤᠷᠢᠵᠢᠭᠤᠯᠬᠤ ᠤᠷᠭᠤᠮᠠᠯ ᠤᠨ ᠲᠦᠷᠦᠯ ᠵᠦᠢᠯ ᠂ ᠤᠷᠭᠤᠯᠲᠠ ᠶᠢᠨ | ᠬᠡᠪᠰᠢᠯ ᠂ ᠠᠵᠤ ᠠᠬᠤᠢ ᠶᠢᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠤᠶᠢᠯᠠᠭᠠᠪᠠ ᠃ ᠬᠤᠶᠠᠷ ᠭᠠᠵᠠᠷ ᠤᠨ | ᠡᠯᠡᠰᠦ ᠶᠢ ᠰᠡᠷᠭᠡᠶᠢᠯᠡᠨ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠂ | ᠬᠡᠪᠴᠢᠶᠡᠵᠢᠭᠰᠡᠨ ᠡᠯᠡᠰᠦ ᠶᠢ ᠰᠡᠷᠭᠡᠶᠢᠯᠡᠨ ᠵᠠᠰᠠᠬᠤ ᠪᠦᠲᠦᠭᠡᠨ ᠪᠠᠶᠢᠭᠤᠯᠤᠯᠲᠠ ᠵᠢᠴᠢ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠬᠤ ᠶᠢᠨ ᠬᠠᠮᠲᠤ ᠲᠤᠬᠠᠢ ᠶᠢᠨ | ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠡᠯᠡᠰᠦᠷᠭᠡᠭᠵᠢᠯ ᠢ ᠵᠠᠰᠠᠬᠤ ᠪᠦᠲᠦᠮᠵᠢᠲᠡᠢ | ᠠᠷᠭ᠎ᠠ ᠵᠠᠮ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ ᠃ | ᠬᠡᠰᠢᠭᠲᠡᠨ ᠬᠤᠰᠢᠭᠤᠨ ᠤ ᠶᠢᠩ ᠪᠢ ᠱᠠᠨ ᠲᠥᠷᠥᠯ ᠵᠦᠢᠯ ᠤᠨ ᠲᠣᠭᠤᠷᠢᠭ ᠲᠤ ᠨᠡᠶᠢᠲᠡ 1100 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠨᠢ 2.16 ᠲᠦᠮᠡᠨ ᠮᠦ ᠪᠠᠶᠢᠵᠤ᠂ | ᠡᠯ᠎ᠡ ᠲᠥᠷᠥᠯ ᠤᠨ ᠴᠢᠬᠢ ᠶᠢ ᠨᠡᠶᠢᠲᠡ 200 ᠭᠠᠷᠤᠢ ᠲᠦᠮᠡᠨ ᠰᠠᠭᠤᠷᠢ ᠲᠠᠷᠢᠪᠠ ᠃ ᠲᠥᠷᠥᠯ ᠵᠦᠢᠯ ᠢ | ᠬᠡᠷᠡᠭᠵᠢᠭᠦᠯᠬᠦ ᠪᠠᠷ ᠳᠡᠮᠵᠢᠨ᠂ ᠡᠷᠬᠢᠨ ᠲᠣᠭᠤᠷᠢᠨ ᠤ ᠣᠷᠣᠨ ᠪᠦᠰᠡ ᠶᠢᠨ ᠰᠠᠯᠬᠢᠨ ᠳᠤ ᠢᠳᠡᠭᠳᠡᠵᠦ | ᠡᠯᠡᠰᠦᠷᠬᠡᠭᠵᠢᠬᠦ ᠶᠢ ᠪᠦᠲᠦᠮᠵᠢᠲᠡᠶ ᠬᠢᠵᠠᠭᠠᠷᠯᠠᠵᠤ᠂ ᠤᠷᠭᠤᠮᠠᠯ ᠤᠨ ᠬᠤᠴᠢᠯᠭ᠎ᠠ ᠲᠦᠷᠭᠡᠨ ᠢᠶᠠᠷ ᠨᠡᠮᠡᠭᠳᠡᠨ᠂ | ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠲᠤᠶᠢᠯ ᠤᠨ ᠶᠡᠭᠡ ᠪᠠᠷ ᠰᠠᠶᠢᠵᠢᠷᠠᠭᠤᠯᠪᠠ᠃ | ᠣᠩᠨᠢᠭᠤᠳ ᠬᠤᠰᠢᠭᠤᠨ ᠤ ᠬᠠᠶᠢᠯᠠᠰᠤ ᠪᠠᠯᠭᠠᠰᠤ ᠶᠢᠨ ᠰᠢᠷ᠎ᠠ ᠲᠠᠯ᠎ᠠ ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠤᠨ | ᠲᠣᠭᠤᠷᠢᠭ ᠤᠨ ᠬᠢᠨ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠪᠠᠷ ᠵᠠᠰᠠᠬᠤ ᠶᠢ | ᠪᠠᠷᠢᠮᠲᠠᠯᠠᠵᠤ ᠂ ᠲᠥᠯᠥᠪᠵᠢᠭᠦᠯᠵᠦ ᠲᠥᠯᠥᠪᠯᠡᠨ ᠵᠠᠰᠠᠭᠰᠠᠨ ᠲᠠᠯᠠᠪᠠᠢ ᠨᠢ 5000 ᠮᠦ ᠪᠠᠶᠢᠵᠤ ᠂ ᠣᠳᠣᠬᠠᠨ ᠳᠤ | ᠨᠢᠭᠡᠨᠲᠡ 2700 ᠮᠦ ᠡᠯᠡᠰᠦᠨ ᠬᠠᠯᠬᠠᠪᠴᠢ ᠶᠢ ᠪᠡᠶᠡᠯᠡᠭᠦᠯᠵᠦ ᠂ 600 ᠮᠦ ᠮᠣᠳᠣ ᠲᠠᠷᠢᠬᠤ ᠶᠢ ᠪᠡᠶᠡᠯᠡᠭᠦᠯᠪᠡ ᠃ | | | | | | | | ᠭᠦᠸᠧ ᠵᠠᠨ ᠵᠢᠶᠠᠩ ᠪᠠᠰᠠ ᠡᠨᠡ ᠬᠠᠪᠤᠷ ᠠᠴᠠ ᠨᠠᠭᠠᠰᠢᠬᠢ ᠤᠯᠠᠭᠠᠨᠬᠠᠳᠠ ᠬᠤᠳᠠ ᠶᠢᠨ ᠭᠠᠩ | ᠬᠠᠭᠰᠠᠷᠠᠭᠠᠨ ᠤ ᠪᠠᠶᠢᠳᠠᠯ ᠵᠢᠴᠢ ᠤᠯᠠᠭᠠᠨᠬᠠᠳᠠ ᠬᠤᠳᠠ ᠶᠢᠨ ᠭᠠᠩ ᠬᠠᠭᠰᠠᠷᠠᠭᠠᠨ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ ᠃ ᠲᠡᠷᠡ ᠵᠢᠭᠠᠵᠤ ᠭᠠᠷᠭᠠᠭᠰᠠᠨ ᠨᠢ᠂ | ᠣᠳᠣᠬᠢ ᠱᠠᠲᠤᠨ ᠳᠤ ᠤᠯᠠᠭᠠᠨᠬᠠᠳᠠ ᠬᠤᠲᠠ ᠶᠢᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠭᠠᠩᠳᠠᠭᠰᠠᠨ ᠭᠠᠵᠠᠷ ᠣᠷᠣᠨ ᠤ ᠭᠠᠩ ᠤᠨ ᠪᠠᠶᠢᠳᠠᠯ ᠤᠨ ᠬᠥᠭᠵᠢᠯᠲᠡ ᠶᠢ ᠦᠷᠭᠦᠯᠵᠢᠯᠡᠨ | ᠭᠤᠣᠯᠳᠠᠯᠭ᠎ᠠ ᠲᠠᠢ ᠠᠩᠬᠠᠷᠴᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ | ᠮᠠᠯᠴᠢᠨ ᠲᠠᠷᠢᠶᠠᠴᠢᠨ ᠢ ᠵᠢᠯᠣᠭᠤᠳᠤᠨ ᠣᠲᠣ ᠶᠢᠨ ᠪᠠᠶᠢᠭ᠎ᠠ ᠤᠰᠤᠯᠠᠯᠲᠠ ᠶᠢᠨ ᠲᠥᠬᠦᠭᠡᠷᠦᠮᠵᠢ ᠶᠢ ᠭᠦᠢᠴᠡᠳ | ᠠᠰᠢᠭᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠪᠦᠬᠦᠨ ᠢ ᠬᠡᠷᠡᠭᠯᠡᠨ ᠭᠠᠩ ᠲᠠᠢ ᠲᠡᠮᠡᠴᠡᠬᠦ ᠠᠵᠢᠯ ᠳᠤ | ᠣᠷᠣᠯᠴᠠᠭᠤᠯᠵᠤ᠂ ᠡᠷᠲᠡᠬᠡᠨ ᠪᠠᠶᠢᠷᠢᠯᠠᠭᠤᠯᠵᠤ᠂ ᠭᠠᠩ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠣᠷ᠎ᠠ | ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠮᠤ ᠪᠤᠳᠠᠭᠠᠨ ᠤ ᠤᠨᠠᠯᠲᠠ ᠶᠢ ᠬᠠᠮᠤᠭ ᠤᠨ ᠶᠡᠭᠡ ᠴᠢᠷᠮᠠᠶᠢᠯᠭ᠎ᠠ ᠪᠠᠷ | ᠪᠠᠲᠤᠯᠠᠬᠤ ᠬᠡᠷᠡᠭᠲᠡᠢ ᠭᠡᠵᠡᠢ᠃ | ᠬᠡᠰᠢᠭᠲᠡᠨ ᠬᠤᠰᠢᠭᠤ᠂ ᠣᠩᠨᠢᠭᠤᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ | ᠪᠦᠬᠦᠢ ᠬᠠᠷᠢᠭᠤᠴᠠᠯᠭᠠᠲᠠᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠴᠠᠭᠠᠨ | ᠰᠤᠳᠤᠯᠤᠯᠲᠠ ᠳᠤ ᠣᠷᠣᠯᠴᠠᠵᠠᠢ᠃ |