ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ ᠲᠡᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ ᠂ ︽ ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︾ ᠢ ᠬᠢᠨᠠᠨ | ᠵᠥᠪᠯᠡᠵᠦ ᠪᠠᠲᠤᠯᠠᠪᠠ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ | ᠬᠠᠮᠵᠢᠯᠴᠠᠭᠠᠨ ᠤ ᠳᠦᠷᠢᠮ ︵ ᠡᠬᠡ ᠨᠣᠣᠷᠠᠭ ︶ ︾ ᠢ ᠬᠢᠨᠠᠨ ᠵᠥᠪᠯᠡᠵᠦ ᠪᠠᠲᠤᠯᠠᠪᠠ ︽ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ ᠵᠠᠰᠠᠪᠤᠷᠢ ᠣᠷᠣᠭᠤᠯᠤᠭᠰᠠᠨ ᠡᠬᠡ | ᠨᠣᠣᠷᠠᠭ ︶ ︾ ᠶᠢ ᠶᠠᠷᠢᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 29 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ | ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ ᠂ ︽ ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ ︾ ᠢ ᠬᠢᠨᠠᠨ ᠵᠥᠪᠯᠡᠵᠦ ᠪᠠᠲᠤᠯᠠᠪᠠ ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ ᠡᠬᠡ ᠨᠣᠣᠷᠠᠭ ︶ ︾ ᠢ ᠬᠢᠨᠠᠨ ᠵᠥᠪᠯᠡᠵᠦ ᠪᠠᠲᠤᠯᠠᠪᠠ ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ | ︵ᠵᠠᠰᠠᠪᠤᠷᠢ ᠣᠷᠣᠭᠤᠯᠤᠭᠰᠠᠨ ᠡᠬᠡ ᠨᠣᠣᠷᠠᠭ ︶ ︾ ᠶᠢ ᠶᠠᠷᠢᠯᠴᠠᠪᠠ ᠃ | ᠬᠤᠷᠠᠯ ᠠᠴᠠ ᠵᠢᠭᠠᠵᠤ ᠭᠠᠷᠭᠠᠭᠰᠠᠨ ᠨᠢ ᠂ ᠨᠢᠩᠰᠢᠶᠠ ᠶᠢᠨ ᠢᠷᠭᠠᠢ ᠶᠢᠨ ︽ 6 • 21 ︾ ᠤ ᠣᠨᠴᠠ ᠬᠦᠨᠳᠦ | ᠶᠡᠭᠡ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠳᠤ ᠣᠯᠠᠨ ᠬᠥᠮᠥᠨ ᠰᠢᠷᠬᠠᠲᠤᠵᠤ ᠂ ᠨᠡᠶᠢᠭᠡᠮ ᠤᠨ ᠨᠥᠯᠥᠭᠡ ᠶᠡᠭᠡ ᠂ | ᠰᠤᠷᠭᠠᠮᠵᠢ ᠲᠤᠶᠢᠯ ᠤᠨ ᠭᠦᠨᠵᠡᠭᠡᠢ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ | ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠣᠯᠣᠨ ᠠᠳᠡᠯ ᠤᠨ ᠲᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ ᠂ ︽ ᠴᠠᠭ ᠦᠷᠭᠦᠯᠵᠢ ᠰᠠᠨᠠᠭᠠᠰᠢᠷᠠᠨ | ᠵᠣᠪᠠᠨᠢᠬᠤ ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠪᠥᠭᠡᠳ ᠨᠠᠷᠢᠯᠢᠭ | ᠠᠳᠬᠤᠵᠤ ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ ᠂ | ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠭᠤᠣᠯ ᠵᠥᠷᠢᠴᠡᠯ ᠢ | ᠴᠢᠩᠭ᠎ᠠ ᠠᠳᠬᠤᠵᠤ ᠂ ᠪᠡᠯᠡᠳᠬᠡᠮᠵᠢ ᠲᠥᠬᠦᠭᠡᠷᠦᠮᠵᠢ ᠶᠢᠨ ᠣᠷᠴᠢᠨ ᠲᠣᠭᠤᠷᠢᠨ ᠤ ︽ ᠠᠯᠳᠠᠭ᠎ᠠ ᠳᠤᠲᠠᠭᠳᠠᠯ ︾ ᠢ | ᠪᠠᠶᠢᠴᠠᠭᠠᠬᠤ ᠪᠠᠷ ᠪᠠᠷᠠᠬᠤ ᠦᠭᠡᠢ ᠂ ᠨᠡᠩ ᠴᠤ ᠬᠥᠮᠥᠨ ᠤ ᠬᠦᠴᠦᠨ ᠵᠦᠢᠯ ᠤᠨ ︽ ᠡᠮᠵᠡᠭ ᠲᠠᠯ᠎ᠠ ︾ ᠶᠢ ᠨᠥᠬᠦᠪᠦᠷᠢᠯᠡᠵᠦ ᠂ | ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠣᠯᠣᠨ ᠲᠤᠬᠠᠶᠢᠯᠠᠭᠰᠠᠨ ᠠᠵᠢᠯ ᠡᠷᠭᠢᠯᠡᠭᠰᠡᠳ ᠤᠨ ᠠᠮᠤᠷ | ᠲᠦᠪᠰᠢᠨ ᠤ ᠬᠠᠷᠢᠭᠤᠴᠠᠯᠭ᠎ᠠ ᠂ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠶᠡᠭᠡ ᠪᠠᠷ ᠠᠬᠢᠭᠤᠯᠬᠤ | ᠬᠡᠷᠡᠭᠲᠡᠢ ᠃ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠶᠢ ᠴᠢᠩᠭᠠᠳᠬᠠᠵᠤ ᠂ ᠰᠢᠲᠠᠮᠠᠬᠠᠢ ᠬᠡᠢ ᠂ | ᠪᠠᠷᠢᠯᠭ᠎ᠠ ᠶᠢᠨ ᠠᠵᠢᠯ ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠴᠢᠭᠯᠡᠭᠦᠯᠦᠨ ᠂ | ᠣᠳᠣᠬᠠᠨ ᠤ ᠲᠣᠪᠣᠶᠢᠮ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠶᠢᠨ ᠬᠠᠮᠲᠤ ᠂ ᠠᠮᠤᠷ ᠲᠦᠪᠰᠢᠨ ᠤ ᠠᠶᠤᠯ | ᠲᠦᠭᠰᠢᠭᠦᠷᠢ ᠶᠢ ᠡᠬᠢ ᠢᠷᠡᠯᠲᠡ ᠠᠴᠠ ᠨᠢ ᠪᠠᠭᠠᠰᠬᠠᠵᠤ ᠂ ᠲᠠᠯᠳᠠ ᠭᠡᠮ ᠢ ᠪᠠᠶᠢᠩᠭᠤ ᠵᠠᠰᠠᠭᠰᠠᠨ ᠴᠦ ᠢᠮᠠᠭᠲᠠ ᠣᠷᠣᠰᠢᠬᠤ ᠂ | ᠠᠳᠡᠯ ᠢ ᠣᠯᠠᠨᠲᠠ ᠴᠠᠭᠠᠵᠠᠯᠠᠪᠠᠴᠤ ᠠᠷᠢᠯᠭᠠᠵᠤ ᠳᠡᠶᠢᠯᠬᠦ ᠦᠭᠡᠢ ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠢ ᠃ ︽ ᠨᠢᠭᠡ | ᠶᠠᠪᠤᠳᠠᠯ ︾ ᠤᠨ ᠲᠣᠭᠤᠷᠢᠨ ᠳᠤ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠪᠦᠬᠦ | ᠬᠡᠯᠬᠢᠶ᠎ᠡ ᠪᠠᠷ ᠲᠣᠳᠣᠷᠬᠠᠶᠢᠯᠠᠵᠤ ᠂ ᠬᠤᠪᠢᠶᠠᠷᠢᠯᠠᠬᠤ ᠪᠠ ᠨᠠᠶᠢᠳᠠᠪᠤᠷᠢᠵᠢᠭᠤᠯᠵᠤ ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠴᠢᠩᠭ᠎ᠠ ᠂ ᠪᠣᠳᠠᠲᠠᠢ ᠪᠥᠭᠡᠳ ᠨᠠᠷᠢᠯᠢᠭ ᠠᠷᠭ᠎ᠠ ᠬᠡᠮᠵᠢᠶ᠎ᠡ ᠠᠪᠴᠤ ᠂ ᠴᠢᠩᠭ᠎ᠠ ᠬᠢᠨᠠᠨ | ᠬᠠᠮᠢᠶᠠᠷᠴᠤ ᠂ ᠬᠠᠰᠢ ᠶᠠᠰᠢ ᠬᠠᠨᠳᠤᠬᠤ ᠦᠭᠡᠢ ᠪᠠᠶᠢᠵᠤ ᠂ ᠬᠠᠤᠯᠢ ᠬᠡᠷᠡᠭᠵᠢᠭᠦᠯᠬᠦ ᠳᠤ ︽ ᠠᠭᠤᠵᠢᠮ ᠰᠤᠯᠠ ᠵᠠᠳᠠᠭᠠᠢ ︾ | ᠪᠠᠶᠢᠬᠤ ᠶᠢ ᠡᠷᠡᠰ ᠬᠤᠷᠢᠭᠯᠠᠵᠤ ᠂ ᠬᠠᠷᠢᠭᠤᠴᠠᠯᠭ᠎ᠠ ᠪᠣᠯᠣᠨ ᠳᠠᠷᠤᠯᠲᠠ ᠶᠢ ᠦᠨᠡᠨ ᠬᠦ ᠦᠨᠳᠦᠰᠦᠨ ᠱᠠᠲᠤᠨ ᠳᠤ ᠬᠦᠷᠲᠡᠯ᠎ᠡ | ᠨᠠᠶᠢᠳᠠᠪᠤᠷᠢᠵᠢᠭᠤᠯᠵᠤ ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠪᠠᠨ ᠠᠰᠠᠭᠤᠳᠠᠯ ᠢ ᠢᠯᠡᠷᠡᠭᠦᠯᠦᠨ ᠂ ᠠᠰᠠᠭᠤᠳᠠᠯ ᠢ | ᠰᠢᠢᠳᠪᠦᠷᠢᠯᠡᠵᠦ ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ ᠃ | ᠬᠤᠷᠠᠯ ᠠᠴᠠ ᠂ ᠭᠡᠷ ᠤᠨ ᠬᠡᠷᠡᠭᠰᠡᠯ ᠤᠨ ᠬᠡᠷᠡᠭᠯᠡᠭᠡ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠣᠯᠠᠨ ᠂ ᠳᠡᠭᠡᠳᠦ | ᠳᠣᠣᠷᠠᠳᠤ ᠤᠷᠤᠰᠬᠠᠯ ᠤᠨ ᠬᠡᠯᠬᠢᠶ᠎ᠡ ᠤᠷᠲᠤ ᠂ ᠬᠡᠪᠴᠢᠶ᠎ᠡ ᠪᠠᠭᠲᠠᠭᠠᠮᠵᠢ ᠶᠡᠭᠡ ᠪᠣᠯᠬᠤᠷ ᠬᠠᠨᠳᠤᠯᠭᠠᠲᠤ ᠴᠢᠨᠠᠷᠲᠠᠢ ᠠᠷᠭ᠎ᠠ | ᠬᠡᠮᠵᠢᠶ᠎ᠡ ᠠᠪᠴᠤ ᠪᠠᠶᠢᠭᠠᠳ ᠳᠠᠶᠢᠴᠢᠯᠠᠨ ᠬᠥᠭᠵᠢᠭᠡᠬᠦ ᠨᠢ ᠰᠠᠭᠤᠭᠠᠯᠢ ᠠᠷᠠᠳ ᠤᠨ ᠬᠡᠷᠡᠭᠯᠡᠭᠡ ᠶᠢᠨ ᠨᠡᠮᠡᠭᠳᠡᠯ ᠪᠠ ᠠᠵᠤ | ᠠᠬᠤᠢ ᠶᠢᠨ ᠰᠡᠷᠭᠦᠯᠲᠡ ᠶᠢ ᠳᠠᠶᠢᠴᠢᠯᠠᠬᠤ ᠳᠤ ᠠᠰᠢᠭᠲᠠᠢ ᠶᠤᠮ ᠃ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ | ᠰᠠᠶᠢᠲᠤᠷ ᠬᠡᠷᠡᠭᠯᠡᠵᠦ ᠂ ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠬᠠᠭᠤᠴᠢᠨ | ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠂ ᠣᠷᠣᠨ ᠰᠠᠭᠤᠴᠠ ᠶᠢᠨ ᠨᠠᠰᠤᠵᠢᠯ ᠳᠤ ᠲᠣᠬᠢᠷᠠᠭᠰᠠᠨ ᠥᠭᠡᠷᠡᠴᠢᠯᠡᠯᠲᠡ ᠂ | ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠂ ᠬᠠᠶᠠᠭᠳᠠᠮᠠᠯ ᠬᠠᠭᠤᠴᠢᠨ | ᠡᠳ᠋ ᠪᠣᠳᠠᠰ ᠢ ᠬᠤᠷᠢᠶᠠᠨ ᠠᠪᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠦᠷᠦ ᠶᠢᠨ ᠪᠣᠳᠣᠯᠭ᠎ᠠ ᠲᠠᠢ | ᠵᠣᠯᠭᠠᠭᠤᠯᠤᠨ ᠬᠠᠮᠵᠢᠯᠴᠠᠭᠤᠯᠬᠤ ᠪᠠ ᠬᠠᠮᠲᠤᠷᠠᠨ ᠬᠦᠴᠦᠯᠡᠵᠦ ᠂ ᠬᠡᠷᠡᠭᠯᠡᠭᠡ ᠶᠢ ᠠᠬᠢᠭᠤᠯᠬᠤ ᠨᠡᠶᠢᠯᠡᠮᠡᠯ ᠬᠦᠴᠦᠨ ᠢ | ᠪᠦᠷᠢᠯᠳᠦᠭᠦᠯᠬᠦ ᠬᠡᠷᠡᠭᠲᠡᠢ ᠃ ᠬᠠᠩᠭᠠᠯᠭ᠎ᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ ᠂ ᠠᠵᠤ | ᠠᠬᠤᠶᠢᠯᠠᠯ ᠤᠨ ᠨᠡᠩ ᠤᠯᠠᠨ ᠥᠪᠡᠷᠮᠢᠴᠡ ᠴᠢᠨᠠᠷᠲᠠᠢ ᠂ ᠵᠠᠬᠢᠶᠠᠯᠠᠭ᠎ᠠ ᠶᠢᠨ ᠮᠠᠶ᠋ᠢᠭ ᠤᠨ ᠭᠡᠷ ᠤᠨ ᠬᠡᠷᠡᠭᠰᠡᠯ ᠤᠨ ᠲᠠᠸᠠᠷ | ᠬᠠᠩᠭᠠᠬᠤ ᠶᠢ ᠵᠣᠷᠢᠭᠵᠢᠭᠤᠯᠵᠤ ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ | ᠴᠢᠩᠭᠠᠷᠠᠭᠤᠯᠵᠤ ᠂ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ | ᠭᠠᠷᠭᠠᠭᠰᠠᠨ ᠪᠠᠶᠢᠨ᠎ᠠ ᠃ | ᠬᠤᠷᠠᠯ ᠠᠴᠠ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ | ᠬᠠᠮᠵᠢᠯᠴᠠᠭᠠᠨ ᠤ ᠳᠦᠷᠢᠮ ︵ ᠡᠬᠡ ᠨᠣᠣᠷᠠᠭ ︶ ︾ ᠢ ᠬᠢᠨᠠᠨ ᠵᠥᠪᠯᠡᠵᠦ ᠪᠠᠲᠤᠯᠠᠪᠠ ᠃ ᠬᠤᠷᠠᠯ ᠠᠴᠠ ᠵᠢᠭᠠᠵᠤ ᠭᠠᠷᠭᠠᠭᠰᠠᠨ | ᠨᠢ ᠂ ᠭᠠᠳᠠᠭᠠᠳᠤ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠵᠦ ᠂ | ᠭᠠᠳᠠᠭᠠᠳᠤ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ ᠂ ᠮᠠᠨ ᠤ ᠤᠯᠤᠰ ᠤᠨ | ᠭᠠᠳᠠᠭᠠᠳᠤ ᠳᠤ ᠪᠠᠶᠢᠭ᠎ᠠ ᠠᠷᠠᠳ ᠢᠷᠭᠡᠨ ᠂ ᠬᠠᠤᠯᠢ ᠶᠢᠨ ᠡᠷᠬᠡᠲᠡᠨ ᠂ ᠬᠠᠤᠯᠢ ᠶᠢᠨ ᠡᠷᠬᠡᠲᠡᠨ ᠤ ᠪᠤᠰᠤ ᠵᠣᠬᠢᠶᠠᠨ | ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠬᠡᠷᠡᠭᠲᠡᠢ ᠭᠡᠵᠡᠢ ᠃ | ᠬᠤᠷᠠᠯ ᠠᠴᠠ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠢᠢᠳᠬᠡᠯ ᠤᠨ ᠬᠠᠤᠯᠢ ︵ ᠵᠠᠰᠠᠪᠤᠷᠢ ᠣᠷᠣᠭᠤᠯᠤᠭᠰᠠᠨ ᠡᠬᠡ ᠨᠣᠣᠷᠠᠭ ︶ ︾ ᠶᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ ᠂ | ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ |