5 ᠰᠠᠷ᠎ᠠ ᠶᠢᠨ 31 ᠤ ᠡᠳᠦᠷ ᠠᠴᠠ 6 ᠰᠠᠷ᠎ᠠ ᠶᠢᠨ 2 ᠤᠨ ᠡᠳᠦᠷ ᠪᠣᠯᠲᠠᠯ᠎ᠠ᠂ ᠰᠢᠯᠢ ᠶᠢᠨ ᠭᠤᠣᠯ | ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠳᠠᠷᠤᠭ᠎ᠠ ᠵᠠᠩ ᠶᠠᠨ ᠴᠧᠨ ᠨᠠᠷ ᠰᠢᠯᠤᠭᠤᠨ | ᠬᠥᠪᠡᠭᠡᠲᠦ ᠴᠠᠭᠠᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠥᠨᠢᠳ ᠪᠠᠷᠠᠭᠤᠨ ᠬᠤᠰᠢᠭᠤᠨ ᠳᠤ ᠤᠷᠢᠳ | ᠬᠤᠵᠢᠳ ᠭᠦᠨᠵᠡᠭᠡᠶᠢᠷᠡᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ᠂ ᠲᠦᠬᠦᠭᠡᠷᠦᠮᠵᠢᠳᠦ ᠲᠠᠷᠢᠶᠠᠯᠠᠩ ᠮᠠᠯ ᠠᠵᠤ ᠠᠬᠤᠢ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠭᠠᠮᠰᠢᠭ ᠢ ᠰᠡᠷᠭᠡᠶᠢᠯᠡᠨ ᠪᠠᠭᠠᠰᠬᠠᠬᠤ᠂ ᠠᠶᠤᠯᠭᠦᠢ ᠦᠢᠯᠡᠳᠪᠦᠷᠢᠯᠡᠬᠦ᠂ ᠣᠶᠢᠷ᠎ᠠ ᠶᠢᠨ | ᠭᠤᠷᠪᠠᠨ ᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠵᠡᠷᠭᠡ | ᠪᠠᠶᠢᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠠᠶᠤᠯᠭᠦᠢ ᠦᠢᠯᠡᠳᠪᠦᠷᠢᠯᠡᠬᠦ᠂ ᠭᠠᠮᠰᠢᠭ ᠢ ᠰᠡᠷᠭᠡᠶᠢᠯᠡᠨ ᠪᠠᠭᠠᠰᠬᠠᠬᠤ ᠵᠡᠷᠭᠡ | ᠭᠤᠣᠯᠳᠠᠯᠭ᠎ᠠ ᠲᠠᠢ ᠠᠵᠢᠯ ᠢ ᠶᠡᠭᠡ ᠪᠠᠷ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠴᠢᠨᠠᠷᠲᠠᠢ ᠰᠠᠨᠠᠯ ᠳᠤᠷᠠᠳᠪᠠ᠃ | ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ | ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ ᠠᠵᠢᠯ ᠢ ᠰᠠᠶᠢᠲᠤᠷ | ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ | ᠬᠥᠲᠥᠯᠥᠮᠵᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯᠯᠠᠵᠤ᠂ | ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ | ᠬᠤᠳᠠᠯᠳᠤᠭᠠᠴᠢᠨ ᠤᠷᠢᠬᠤ ᠭᠤᠣᠯᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠯᠠᠰᠢᠨ ᠦᠬᠡᠷ ᠠᠯᠠᠰᠢᠨ | ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠪᠣᠯᠪᠠᠰᠤᠷᠠᠭᠤᠯᠬᠤ᠂ ᠪᠡᠯᠡᠨ ᠵᠠᠭᠤᠰᠢ ᠶᠢᠨ ᠦᠢᠯᠡᠳᠪᠦᠷᠢᠯᠡᠯ ᠢ ᠰᠤᠳᠤᠯᠤᠨ ᠨᠡᠭᠡᠭᠡᠬᠦ᠂ ᠳᠠᠭᠠᠯᠲᠠ | ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠵᠢᠴᠢ ᠴᠡᠭᠡ ᠢᠩᠭᠡᠨ ᠰᠦᠨ ᠤ ᠪᠦᠲᠦᠭᠡᠭᠳᠡᠬᠦᠨ ᠤ ᠳᠡᠭᠡᠳᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠷᠠᠭᠤᠯᠤᠯᠲᠠ ᠶᠢᠨ ᠲᠣᠭᠤᠷᠢᠨ ᠳᠤ᠂ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠢ | ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠳᠠᠬᠢᠨ ᠪᠠᠶᠢᠴᠠᠭᠠᠵᠤ᠂ ᠳᠠᠬᠢᠨ ᠠᠬᠢᠭᠤᠯᠵᠤ᠂ ᠳᠠᠬᠢᠨ ᠨᠠᠶᠢᠳᠠᠪᠤᠷᠢᠵᠢᠭᠤᠯᠵᠤ᠂ ᠮᠠᠯ | ᠵᠢᠭᠦᠷᠲᠡᠨ ᠢ ᠨᠢᠲᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ | ᠭᠤᠣᠯᠳᠠᠯᠭ᠎ᠠ ᠲᠠᠢ ᠭᠤᠭᠴᠤᠭ᠎ᠠ ᠪᠠ ᠭᠤᠣᠯᠳᠠᠯᠭ᠎ᠠ ᠲᠠᠢ ᠠᠵᠤ ᠠᠬᠤᠶᠢᠯᠠᠯ ᠢ ᠬᠢᠨᠠᠨ ᠬᠠᠮᠢᠶᠠᠷᠴᠤ ᠵᠢᠭᠰᠠᠭᠠᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠤᠨ | ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠳᠥᠷᠪᠡ ᠳᠤ ᠭᠠᠩ ᠬᠠᠭᠰᠠᠷᠠᠭᠠᠨ ᠤ ᠭᠠᠮᠰᠢᠭ ᠤᠨ ᠬᠥᠨᠥᠭᠡᠯ | ᠪᠣᠯᠣᠨ ᠳᠠᠯᠳᠠ ᠰᠦᠷᠳᠡᠭᠦᠯᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠵᠢᠯ ᠤᠨ ᠠᠷᠠᠳ ᠲᠤ ᠠᠰᠢᠭ | ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠣᠯᠣᠨ ᠡᠯ᠎ᠡ ᠲᠦᠷᠦᠯ ᠤᠨ ᠲᠦᠷᠦᠯ ᠵᠦᠢᠯ ᠤᠨ | ᠬᠡᠷᠡᠭᠵᠢᠭᠦᠯᠦᠯᠲᠡ ᠶᠢ ᠭᠠᠮᠰᠢᠭᠳᠠᠭᠰᠠᠨ ᠣᠷᠣᠨ ᠲᠡᠶᠢᠰᠢ ᠬᠡᠯᠪᠡᠶᠢᠯᠭᠡᠵᠦ᠂ ᠲᠦᠷᠦᠯ ᠵᠦᠢᠯ ᠤᠨ ᠪᠡᠯᠡ ᠮᠥᠩᠭᠦ ᠶᠢ | ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠶᠠᠰᠤ ᠴᠢᠨᠠᠷ | ᠪᠣᠯᠣᠨ ᠦᠷ᠎ᠡ ᠠᠰᠢᠭ ᠢ ᠳᠡᠭᠡᠭᠰᠢᠯᠡᠭᠦᠯᠵᠦ᠂ ᠲᠡᠵᠢᠭᠡᠯ ᠡᠪᠡᠰᠦ ᠪᠣᠷᠳᠤᠭ᠎ᠠ ᠶᠢ ᠨᠥᠭᠡᠴᠡᠯᠡᠬᠦ ᠪᠠ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠭᠠᠮᠰᠢᠭ ᠲᠠᠢ | ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃ | |