ᠬᠥᠯᠥᠨ ᠪᠤᠶᠢᠷ ᠬᠤᠲᠠ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠤᠨ ᠲᠠᠷᠢᠶᠠᠨ ᠭᠠᠵᠠᠷ ᠤᠨ ᠲᠤᠷᠰᠢᠨ ᠳᠠᠷᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/6/7
      ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠲᠠ ᠶᠢᠨ ᠲᠠᠷᠢᠶᠠᠨ ᠭᠠᠵᠠᠷ ᠤᠨ ᠶᠠᠰᠤ ᠴᠢᠨᠠᠷ ᠤᠨ ᠬᠤᠪᠢᠷᠠᠯᠲᠠ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠡᠯ᠎ᠡ ᠭᠠᠵᠠᠷ ᠤᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠰᠢᠨᠵᠢᠯᠡᠬᠦ ᠤᠬᠠᠭᠠᠨᠴᠢ ᠦᠨᠡᠯᠡᠯᠲᠡ ᠬᠢᠵᠦ᠂ ᠪᠥᠬᠦ ᠬᠤᠲᠠ ᠶᠢᠨ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠ ᠪᠣᠬᠢᠷᠲᠤᠯ ᠦᠭᠡᠢ ᠲᠠᠷᠢᠶᠠᠯᠠᠩ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠦᠯᠦᠭᠡ᠂ ᠬᠥᠯᠥᠨ ᠪᠤᠶᠢᠷ ᠬᠤᠲᠠ ᠶᠢᠨ ᠬᠢᠨ ᠬᠠᠷᠢᠴᠠᠩᠭᠤᠢ ᠲᠡᠭᠦᠯᠳᠡᠷᠵᠢᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠲᠣᠣᠷ ᠰᠦᠯᠵᠢᠶ᠎ᠡ ᠶᠢ ᠪᠠᠶᠢᠭᠤᠯᠵᠤ᠂ ᠨᠡᠶᠢᠲᠡ 424 ᠣᠷᠳᠣ ᠬᠤᠭᠤᠴᠠᠭᠠᠨ ᠤ ᠪᠠᠶᠢᠷᠢ ᠲᠣᠭᠲᠠᠭᠠᠨ ᠬᠢᠨᠠᠨ ᠬᠡᠮᠵᠢᠬᠦ ᠴᠡᠭ ᠢ ᠪᠠᠶᠢᠷᠢᠯᠠᠭᠤᠯᠵᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠪᠡ᠃ ᠡᠭᠦᠨ ᠳᠤ 8 ᠤᠯᠤᠰ ᠤᠨ ᠲᠠᠰ ᠤᠨ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ᠂ 40 ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠶᠠᠰᠤ ᠴᠢᠨᠠᠷ ᠤᠨ ᠬᠢᠨᠠᠨ ᠬᠡᠮᠵᠢᠬᠦ ᠴᠡᠭ ᠪᠠ 376 ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠨ ᠭᠠᠵᠠᠷ ᠤᠨ ᠶᠠᠰᠤ ᠴᠢᠨᠠᠷ ᠤᠨ ᠬᠢᠨᠠᠨ ᠬᠡᠮᠵᠢᠬᠦ ᠴᠡᠭ ᠪᠠᠭᠲᠠᠨ᠎ᠠ᠃ ᠣᠲᠣ ᠪᠣᠯᠲᠠᠯ᠎ᠠ᠂ ᠪᠥᠬᠦ ᠬᠤᠲᠠ ᠶᠢᠨ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠲᠤᠷᠰᠢᠨ ᠳᠠᠷᠢᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃      ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠢᠳᠠᠮᠵᠢᠲᠤ ᠣᠷᠣᠨ ᠳᠤ 5 ᠵᠢᠵᠢᠭ ᠲᠣᠭᠤᠷᠢᠭ ᠪᠠᠶᠢᠷᠢᠯᠠᠭᠤᠯᠵᠤ᠂ ᠲᠤᠬᠠᠶᠢᠯᠠᠪᠠᠯ ᠣᠷᠳᠣ ᠬᠤᠭᠤᠴᠠᠭ᠎ᠠ ᠪᠠᠷ ᠪᠣᠷᠳᠣᠭᠤᠷ ᠣᠷᠣᠭᠤᠯᠬᠤ ᠦᠭᠡᠢ ᠲᠣᠭᠤᠷᠢᠭ᠂ ᠲᠣᠰ ᠤᠯᠠᠷᠢᠯ ᠳᠤ ᠪᠣᠷᠳᠣᠭᠤᠷ ᠣᠷᠣᠭᠤᠯᠬᠤ ᠦᠭᠡᠢ ᠲᠣᠭᠤᠷᠢᠭ᠂ ᠪᠣᠷᠳᠣᠭᠤᠷ ᠣᠷᠣᠭᠤᠯᠬᠤ ᠦᠭᠡᠢ ᠡᠭᠡᠯᠵᠢᠯᠡᠨ ᠰᠣᠯᠢᠬᠤ 2 ᠲᠣᠭᠤᠷᠢᠭ ︵ᠲᠤᠬᠠᠢ ᠶᠢᠨ ᠵᠢᠯ ᠳᠤ ᠪᠣᠷᠳᠣᠭᠤᠷ ᠣᠷᠣᠭᠤᠯᠬᠤ ᠦᠭᠡᠢ ᠲᠣᠭᠤᠷᠢᠭ ᠨᠢ ᠲᠦᠷᠦᠭᠦᠸ ᠵᠢᠯ ᠤᠨ  ᠬᠢ ᠲᠠᠢ ᠳᠠᠪᠬᠤᠷᠳᠠᠵᠤ ᠪᠣᠯᠬᠤ ᠦᠭᠡᠢ᠂ 3 ᠵᠢᠯ ᠳᠤ ᠨᠢᠭᠡ ᠡᠭᠡᠯᠵᠢᠯᠡᠨ᠎ᠡ︶᠂ ᠡᠩ ᠤᠨ ᠪᠣᠷᠳᠣᠭᠤᠷ ᠣᠷᠣᠭᠤᠯᠬᠤ ᠲᠣᠭᠤᠷᠢᠭ ᠪᠣᠯᠣᠨ᠎ᠠ᠃ ᠭᠤᠣᠯᠳᠠᠭᠤ ᠣᠷᠳᠣ ᠬᠤᠭᠤᠴᠠᠭ᠎ᠠ ᠪᠠᠷ ᠪᠣᠷᠳᠣᠭᠤᠷ ᠣᠷᠣᠭᠤᠯᠬᠤ ᠦᠭᠡᠢ᠂ ᠲᠣᠰ ᠤᠯᠠᠷᠢᠯ ᠳᠤ ᠪᠣᠷᠳᠣᠭᠤᠷ ᠣᠷᠣᠭᠤᠯᠬᠤ ᠦᠭᠡᠢ᠂ ᠡᠩ ᠤᠨ ᠬᠢᠮᠢ ᠶᠢᠨ ᠪᠣᠷᠳᠣᠭᠤᠷ ᠬᠡᠷᠡᠭᠯᠡᠪᠡᠯ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠹᠢᠽᠢᠺ ᠬᠢᠮᠢ ᠶᠢᠨ ᠰᠢᠨᠵᠢ ᠪᠠᠶᠢᠳᠠᠯ ᠪᠠ ᠲᠠᠷᠢᠮᠠᠯ ᠤᠨ ᠤᠨᠠᠯᠲᠠ ᠳᠤ ᠦᠵᠡᠭᠦᠯᠬᠦ ᠨᠥᠯᠥᠭᠡ ᠶᠢ ᠬᠢᠨᠠᠨ ᠬᠡᠮᠵᠢᠬᠦ ᠳᠤ ᠬᠡᠷᠡᠭᠯᠡᠨ᠎ᠡ᠃      ᠪᠦᠬᠦ ᠬᠤᠲᠠ ᠶᠢᠨ ᠲᠠᠷᠢᠶᠠᠨ ᠭᠠᠵᠠᠷ ᠤᠨ ᠰᠢᠮ᠎ᠡ ᠪᠠ ᠪᠣᠷᠳᠣᠭᠤᠷ ᠣᠷᠣᠭᠤᠯᠬᠤ ᠦᠢᠯᠡᠳᠦᠯ ᠤᠨ ᠬᠥᠳᠡᠯᠦᠩᠭᠦᠢ ᠬᠤᠪᠢᠷᠠᠯᠲᠠ ᠶᠢᠨ ᠪᠠᠶᠢᠳᠠᠯ ᠢ ᠡᠵᠡᠮᠰᠢᠬᠦ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ 14 ᠬᠤᠰᠢᠭᠤ ᠬᠤᠲᠠ ᠲᠣᠭᠤᠷᠢᠭ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠲᠠᠷᠢᠶᠠᠨ ᠭᠠᠵᠠᠷ ᠤᠨ ᠲᠤᠷᠰᠢᠯᠲᠠ ᠶᠢᠨ ᠪᠠᠶᠢᠴᠠᠭᠠᠯᠲᠠ ᠪᠠ ᠬᠦᠷᠦᠰᠦ ᠰᠢᠷᠣᠢ ᠶᠢᠨ ᠥᠯᠢᠭᠡᠷ ᠡᠳ᠋ ᠠᠪᠴᠤ ᠰᠢᠨᠵᠢᠯᠡᠨ ᠰᠢᠯᠭᠠᠬᠤ ᠠᠵᠢᠯ ᠢ ᠥᠷᠨᠢᠭᠦᠯᠬᠦ ᠶᠢᠨ ᠬᠠᠮᠲᠤ ᠡᠭᠦᠨ ᠢᠶᠠᠷ ᠰᠠᠭᠤᠷᠢ ᠪᠣᠯᠭᠠᠵᠤ᠂ ᠪᠥᠬᠦ ᠬᠤᠲᠠ ᠶᠢᠨ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠲᠠᠷᠢᠶᠠᠨ ᠭᠠᠵᠠᠷ ᠢ ᠵᠦᠢ ᠵᠣᠬᠢᠰᠲᠠᠢ ᠠᠰᠢᠭᠯᠠᠬᠤ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠭᠠᠵᠠᠷ ᠤᠨ ᠰᠢᠮ᠎ᠡ ᠶᠢ ᠨᠡᠮᠡᠭᠳᠡᠭᠦᠯᠬᠦ ᠪᠠ ᠪᠥᠬᠦ ᠬᠤᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠪᠣᠯᠤᠨ᠎ᠠ᠃
图片1.png
       ᠤᠯᠤᠰ ᠤᠨ ᠲᠠᠰ ᠤᠨ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号