ᠰᠠᠭᠠᠯᠢ ᠶᠢᠨ  ᠢᠮᠠᠭᠠᠨ ᠤ ᠤᠬᠤᠨ᠎ᠠ ᠶᠢᠨ ᠠᠷᠠᠴᠢᠯᠠᠭ᠎ᠠ ᠳᠣᠳᠣᠮᠳᠣᠯᠭ᠎ᠠ
ᠨᠡᠶᠢᠲᠡᠯᠡᠭᠰᠡᠨ ᠴᠠᠭ᠄
2023/6/7
      ᠶᠡᠷᠦ ᠶᠢᠨ ᠦᠭᠡᠨ ᠳᠤ ︽ᠤᠬᠤᠨ᠎ᠠ ᠰᠠᠶᠢᠨ ᠪᠣᠯ᠂ ᠨᠢᠭᠡ ᠦᠶ᠎ᠡ ᠰᠠᠶᠢᠨ ᠂ ᠡᠮ᠎ᠡ ᠢᠮᠠᠭ᠎ᠠ ᠰᠠᠶᠢᠨ ᠪᠣᠯ᠂ ᠨᠢᠭᠡ ᠡᠭᠦᠷ ᠰᠠᠶᠢᠨ︾ ᠭᠡᠵᠦ ᠬᠡᠯᠡᠳᠡᠭ ᠃      ᠰᠠᠭᠠᠯᠢ ᠶᠢᠨ  ᠢᠮᠠᠭᠠᠨ ᠤ ᠤᠬᠤᠨ᠎ᠠ  ᠶᠢ ᠳᠤᠮᠳᠠ ᠳᠡᠭᠡᠳᠦ ᠵᠡᠷᠭᠡ ᠶᠢᠨ ᠲᠠᠷᠭᠤ ᠬᠦᠴᠦ ᠲᠠᠢ ᠂ ᠴᠣᠭ ᠵᠢᠪᠬᠤᠭ᠎ᠠ ᠲᠡᠭᠦᠯᠳᠡᠷ᠂ ᠬᠤᠷᠢᠴᠠᠯ ᠤᠨ ᠬᠦᠰᠡᠯ ᠪᠠᠳᠠᠷᠠᠩᠭᠤᠢ᠂ ᠦᠷ᠎ᠡ ᠶᠢᠨ ᠰᠢᠩᠭᠡᠨ ᠤ ᠴᠢᠨᠠᠷ ᠰᠠᠶᠢᠨ᠂ ᠦᠷ᠎ᠡ ᠬᠠᠷᠪᠤᠬᠤ ᠬᠡᠮᠵᠢᠶ᠎ᠡ ᠶᠡᠭᠡ ᠪᠠᠶᠢᠬᠤ ᠶᠢ ᠱᠠᠭᠠᠷᠳᠠᠵᠤ᠂ ᠬᠡᠭᠡᠯᠲᠦᠭᠦᠯᠭᠡ ᠶᠢᠨ ᠡᠭᠦᠷᠭᠡ ᠪᠠᠨ ᠨᠠᠩ ᠰᠠᠶᠢᠨ ᠪᠡᠶᠡᠯᠡᠭᠦᠯᠵᠦ᠂ ᠲᠡᠭᠦᠨ ᠤ ᠬᠡᠷᠡᠭᠯᠡᠭᠡᠨ ᠤ ᠦᠨ᠎ᠡ ᠥᠷᠲᠡᠭ ᠢ ᠪᠠᠳᠠᠷᠠᠭᠤᠯᠬᠤ ᠶᠢ ᠠᠩᠬᠠᠷᠬᠤ ᠭᠡᠷᠡᠭᠳᠡᠢ᠃ ᠤᠬᠤᠨ᠎ᠠ ᠶᠢᠨ ᠬᠡᠷᠡᠭᠯᠡᠬᠦ ᠬᠤᠭᠤᠴᠠᠭ᠎ᠠ ᠨᠢ ᠡᠩ ᠤᠨ ᠪᠠᠶᠢᠳᠠᠯ ᠳᠤ 1 ᠨᠠᠰᠤ ᠬᠠᠭᠠᠰ ᠠᠴᠠ ᠡᠬᠢᠯᠡᠨ 6 ᠨᠠᠰᠤ ᠣᠷᠴᠢᠮ  ᠪᠠᠶᠢᠵᠤ᠂  ᠤᠯᠠᠷᠢᠯ ᠪᠦᠷᠢ ᠳᠤ ᠨᠢᠭᠡ ᠤᠳᠠᠭ᠎ᠠ ᠲᠤᠭᠤᠷᠠᠢ ᠶᠢ ᠨᠢ ᠵᠠᠰᠠᠵᠤ᠂ 7 ᠨᠠᠰᠤᠨ ᠠᠴᠠ ᠰᠡᠭᠦᠯᠡᠷ ᠰᠢᠭᠰᠢᠭᠳᠡᠬᠦᠯᠳᠡᠭ ᠃      ᠨᠠᠰᠤᠨ ᠳᠤ ᠬᠦᠷᠦᠭᠰᠡᠨ ᠤᠬᠤᠨ᠎ᠠ ᠶᠢ ᠡᠳᠦᠷ ᠪᠦᠷᠢ 2 ~ 3 ᠤᠳᠠᠭ᠎ᠠ ᠬᠡᠭᠡᠯᠲᠦᠭᠦᠯᠬᠦ ᠪᠤᠶᠤ ᠦᠷ᠎ᠡ ᠠᠪᠴᠤ᠂ ᠭᠠᠷᠠᠭ ᠪᠦᠷᠢ 2 ᠡᠳᠦᠷ ᠠᠮᠠᠷᠠᠭᠤᠯᠤᠨ᠎ᠠ᠃ ᠬᠡᠲᠦᠷᠡᠲᠡᠯ᠎ᠡ ᠬᠡᠷᠡᠭᠯᠡᠵᠦ ᠪᠣᠯᠬᠤ ᠦᠭᠡᠢ ᠮᠥᠷᠲᠡᠭᠡᠨ ᠤᠷᠲᠤ ᠬᠤᠭᠤᠴᠠᠭ᠎ᠠ ᠪᠠᠷ ᠬᠡᠷᠡᠭᠯᠡᠬᠦ ᠦᠭᠡᠢ ᠪᠠᠶᠢᠵᠤ ᠴᠤ ᠪᠣᠯᠬᠤ ᠦᠭᠡᠢ᠃ ᠬᠡᠭᠡᠯᠲᠦᠭᠦᠯᠬᠦ ᠬᠤᠭᠤᠴᠠᠭᠠᠨ ᠳᠤ  ᠨᠠᠰᠤᠨ ᠳᠤ ᠬᠦᠷᠦᠭᠰᠡᠨ ᠤᠬᠤᠨ᠎ᠠ  ᠳᠤ ᠡᠳᠦᠷ ᠲᠤ 1 ᠺᠢᠯᠣᠭ᠍ᠷᠠᠮ ᠣᠷᠴᠢᠮ ᠨᠠᠷᠢᠯᠢᠭ ᠪᠣᠷᠳᠤᠭ᠎ᠠ ᠢᠳᠡᠭᠦᠯᠬᠦ ᠶᠢᠨ ᠬᠠᠮᠲᠤ ᠡᠳᠦᠷ ᠪᠦᠷᠢ 2 ᠥᠨᠳᠡᠭᠡ ᠪᠤᠶᠤ 1 ᠺᠢᠯᠣᠭ᠍ᠷᠠᠮ ᠢᠮᠠᠭᠠᠨ ᠰᠦ ᠨᠥᠬᠦᠪᠦᠷᠢᠯᠡᠨ᠎ᠡ᠂ ᠰᠢᠯᠢᠳᠡᠭ ᠲᠡᠵᠢᠭᠡᠯ ᠡᠪᠡᠰᠦ ᠶᠢ ᠳᠤᠷ᠎ᠠ ᠪᠠᠷ ᠨᠢ ᠢᠳᠡᠭᠦᠯᠦᠨ᠎ᠡ᠂ ᠤᠬᠤᠨ᠎ᠠ ᠶᠢ ᠦᠷᠭᠦᠯᠵᠢ ᠬᠥᠳᠡᠯᠭᠡᠭᠡᠨ ᠬᠢᠯᠭᠡᠨ᠎ᠡ᠃      ᠵᠠᠯᠠᠭᠤ ᠤᠬᠤᠨ᠎ᠠ 18 ᠰᠠᠷ᠎ᠠ ᠪᠣᠯᠤᠭᠰᠠᠨ ᠤ ᠲᠠᠷᠠᠭ᠎ᠠ ᠰᠠᠶ᠋ᠢ ᠬᠡᠭᠡᠯᠲᠦᠭᠦᠯᠭᠡ ᠳᠤ ᠬᠡᠪ ᠤᠨ ᠪᠠᠶᠢᠳᠠᠯ ᠢᠶᠠᠷ ᠬᠡᠷᠡᠭᠯᠡᠵᠦ᠂ ᠬᠡᠭᠡᠯᠲᠦᠭᠦᠯᠭᠡ ᠬᠢᠯᠭᠡᠭᠰᠡᠨ ᠤ ᠳᠠᠷᠠᠭ᠎ᠠ ᠡᠮ᠎ᠡ ᠢᠮᠠᠭ᠎ᠠ ᠳᠠᠬᠢᠨ ᠤᠷᠤᠭ᠎ᠠ    ᠤᠷᠤᠬᠤ ᠪᠠᠶᠢᠳᠠᠯ ᠤᠯᠠᠨ ᠲᠣᠬᠢᠶᠠᠯᠳᠤᠪᠠᠯ ᠳᠤᠰ ᠤᠬᠤᠨ᠎ᠠ ᠶᠢ ᠴᠠᠭ ᠲᠤᠬᠠᠢ ᠳᠦ ᠨᠢ ᠰᠢᠭᠰᠢᠭᠳᠡᠭᠦᠯᠬᠦ ᠬᠡᠷᠡᠭᠲᠡᠢ᠃      ᠤᠬᠤᠨ᠎ᠠ ᠶᠢᠨ ᠦᠷᠡᠵᠢᠯ ᠤᠨ ᠡᠷᠬᠡᠲᠡᠨ ᠤ ᠪᠠᠶᠢᠴᠠᠭᠠᠯᠲᠠ ᠶᠢ ᠴᠠᠭ ᠲᠤᠬᠠᠢ ᠳᠦ ᠨᠢ ᠬᠢᠬᠦ ᠬᠡᠷᠡᠭᠲᠡᠢ᠃ ᠵᠢᠵᠢᠭ ᠲᠥᠮᠥᠰᠥ᠂ ᠣᠬᠤᠷ ᠲᠡᠭᠡᠷᠬᠡᠢ᠂ ᠲᠡᠭᠡᠷᠬᠡᠢ ᠶᠢᠨ ᠠᠷᠠᠰᠤ ᠨᠢ ᠬᠠᠵᠠᠶᠢᠵᠤ᠂ ᠭᠠᠭᠴᠠ ᠲᠥᠮᠥᠰᠥ᠂ ᠳᠠᠭᠠᠯᠲᠠ ᠲᠥᠮᠥᠰᠥ ᠨᠢ ᠢᠯᠡᠷᠬᠡᠢ ᠪᠢᠰᠢ᠂ ᠡᠮ᠎ᠡ ᠢᠮᠠᠭᠠᠨ ᠤ ᠪᠡᠶ᠎ᠡ ᠲᠦᠷᠬᠦ ᠲᠠᠢ ᠤᠬᠤᠨ᠎ᠠ  ᠶᠢ ᠴᠥᠮ   ᠰᠢᠭᠰᠢᠭᠳᠡᠭᠦᠯᠬᠦ ᠬᠡᠷᠡᠭᠲᠡᠢ᠃ ᠦᠷ᠎ᠡ ᠦᠯᠡᠳᠡᠭᠡᠬᠦ ᠦᠭᠡᠢ ᠡᠷ᠎ᠡ ᠢᠰᠢᠭᠡ ᠶᠢ ᠬᠦᠩᠭᠡᠯᠡᠬᠦ ᠠᠷᠭ᠎ᠠ ᠪᠣᠯ ᠥᠨᠳᠡᠭᠡ ᠶᠢ ᠬᠠᠳᠬᠤᠬᠤ ᠠᠷᠭ᠎ᠠ ᠪᠣᠯᠣᠨ᠎ᠠ᠄ ᠳᠠᠷᠤᠢ ᠢᠰᠢᠭᠡᠨ ᠦ ᠬᠤᠤᠬᠠᠨᠠᠭ ᠤᠨ ᠤᠭ ᠬᠡᠰᠡᠭ ᠲᠤ ᠰᠤᠨᠳᠠᠭ  ᠤᠷᠢᠶᠠᠵᠤ᠂ ᠴᠢᠰᠤᠨ ᠤ ᠡᠷᠭᠢᠯᠲᠡ ᠶᠢ ᠬᠠᠷᠰᠢᠯᠠᠨ᠎ᠠ᠂ 15 ᠡᠳᠦᠷ ᠤᠨ ᠳᠠᠷᠠᠭ᠎ᠠ ᠬᠤᠤᠬᠠᠨᠠᠭ ᠤᠨ ᠤᠭᠤᠲᠠ ᠪᠣᠯᠣᠨ ᠲᠥᠮᠥᠰᠥ ᠶᠢᠨ ᠬᠠᠮᠲᠤ ᠠᠶᠠᠨᠳᠠᠭᠠᠨ ᠬᠠᠳᠠᠵᠤ ᠬᠤᠪᠬᠤᠷᠠᠨ ᠤᠨᠠᠨ᠎ᠠ᠃ ᠦᠷ᠎ᠡ ᠦᠯᠡᠳᠡᠭᠡᠬᠦ ᠢᠮᠠᠭ᠎ᠠ ᠶᠢ ᠪᠦᠷ ᠳ᠋ᠤᠭᠠᠷᠯᠠᠵᠤ᠂ ᠨᠦᠬᠡᠯᠡᠬᠦ ᠬᠠᠪᠴᠢᠭᠤᠷ ᠢᠶᠠᠷ ᠴᠢᠬᠢᠨ ᠤ ᠲᠡᠮᠳᠡᠭ ᠢ ᠵᠡᠭᠦᠨ ᠴᠢᠬᠢᠨ ᠤ ᠤᠭ ᠤᠨ ᠳᠣᠣᠷ᠎ᠠ ᠲᠠᠯ᠎ᠠ ᠳᠤ ᠬᠠᠳᠠᠨ᠎ᠠ᠃      ᠢᠮᠠᠭᠠᠨ ᠤ  ᠪᠡᠶ᠎ᠡ ᠶᠢ ᠦᠷᠭᠦᠯᠵᠢ ᠵᠦᠯᠭᠦᠵᠦ᠂ ᠢᠮᠠᠭᠠᠨ ᠤ ᠠᠷᠢᠭᠤᠨ ᠴᠡᠪᠡᠷ ᠢ ᠪᠠᠲᠤᠯᠠᠵᠤ᠂ ᠡᠷᠡᠭᠦᠯ ᠴᠢᠭᠢᠷᠠᠭ ᠪᠠ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠬᠥᠮᠥᠨ ᠮᠠᠯ ᠤᠨ ᠣᠶᠢᠷ᠎ᠠ ᠳᠣᠲᠣᠨᠣ ᠪᠠᠶᠢᠬᠤ ᠳᠤ ᠠᠰᠢᠭᠲᠠᠢ ᠪᠥᠭᠡᠳ ᠬᠠᠮᠢᠶᠠᠷᠬᠤ ᠳᠤ ᠲᠥᠬᠦᠮ ᠪᠣᠯᠭᠠᠳᠠᠭ᠃ ᠱᠤᠸᠠᠰᠠᠳᠠᠬᠤ ᠦᠶ᠎ᠡ ᠳᠤ ᠱᠤᠸᠠᠰᠠ ᠪᠠᠷ ᠳᠡᠭᠡᠷ᠎ᠡ ᠠᠴᠠ ᠳᠣᠷᠣᠭᠰᠢ᠂ ᠵᠡᠭᠦᠨ ᠠᠴᠠ ᠪᠠᠷᠠᠭᠤᠨᠰᠢ᠂ ᠡᠮᠦᠨ᠎ᠡ ᠠᠴᠠ ᠬᠤᠶᠢᠰᠢ ᠪᠠᠨ ᠦᠰᠦᠨ ᠤ ᠤᠷᠭᠤᠬᠤ ᠴᠢᠭᠯᠡᠯ ᠢᠶᠠᠷ ᠳᠡᠰ ᠳᠠᠷᠠᠭ᠎ᠠ ᠲᠠᠢ ᠵᠦᠯᠭᠦᠬᠦ ᠬᠡᠷᠡᠭᠲᠡᠢ᠃                                                  ᠲᠠᠩ ᠷᠦᠢ ᠵᠢᠶᠣᠣ   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号