ᠲᠦᠩᠯᠢᠶᠣᠣ ᠬᠤᠲᠠ ᠶᠢᠨ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ 2023 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠶᠢᠨ ᠦᠷ᠎ᠡ ᠪᠦᠲᠦᠮᠵᠢ ᠪᠠ ᠡᠪᠡᠳᠴᠢᠨ ᠡᠭᠦᠰᠬᠡᠭᠴᠢ ᠶᠢᠨ ᠰᠤᠳᠤᠯᠤᠯ ᠤᠨ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/6/9
      ᠲᠦᠩᠯᠢᠶᠣᠣ ᠬᠤᠲᠠ ᠶᠢᠨ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠶᠢᠨ ᠦᠷ᠎ᠡ ᠪᠦᠲᠦᠮᠵᠢ ᠪᠠ ᠠᠮᠢᠲᠠᠨ ᠤ ᠬᠢᠵᠢᠭ ᠡᠪᠡᠳᠴᠢᠨ ᠤ ᠳᠡᠯᠭᠡᠷᠡᠬᠦ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠲᠥᠯᠥᠭᠡ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽2023 ᠣᠨ ᠤ ᠲᠦᠩᠯᠢᠶᠣᠣ ᠬᠤᠲᠠ ᠶᠢᠨ ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠶᠢᠨ ᠠᠵᠢᠯ ᠤᠨ ᠲᠥᠯᠥᠪᠯᠡᠭᠡ︾ ︵︵2023︶ 92 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠬᠤ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠲᠦᠩᠯᠢᠶᠣᠣ ᠬᠤᠲᠠ ᠶᠢᠨ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ 6 ᠬᠢᠨᠠᠨ ᠵᠢᠯᠤᠭᠤᠳᠬᠤ ᠳᠤᠭᠤᠶᠢᠯᠠᠩ ᠪᠠᠶᠢᠭᠤᠯᠵᠤ 2023 ᠣᠨ ᠤ 5 ᠰᠠᠷ᠎ᠠ ᠶᠢᠨ ᠰᠡᠭᠦᠯᠴᠢ ᠪᠠᠷ ᠪᠥᠬᠦ ᠬᠤᠲᠠ ᠶᠢᠨ ᠬᠡᠪᠴᠢᠶᠡᠨ ᠳᠤ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠶᠢᠨ ᠦᠷ᠎ᠡ ᠪᠦᠲᠦᠮᠵᠢ ᠪᠠ ᠡᠪᠡᠳᠴᠢᠨ ᠡᠭᠦᠰᠬᠡᠭᠴᠢ ᠶᠢᠨ ᠰᠤᠳᠤᠯᠤᠯ ᠤᠨ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃      ᠲᠣᠰ ᠤᠳᠠᠭᠠᠨ ᠤ ᠰᠤᠭᠤᠴᠢᠨ ᠪᠠᠶᠢᠴᠠᠭᠠᠬᠤ ᠠᠵᠢᠯ ᠢᠶᠠᠷ ᠳᠡᠮᠵᠢᠨ᠂ ᠲᠦᠩᠯᠢᠶᠣᠣ ᠬᠤᠲᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠡᠯ᠎ᠡ ᠬᠤᠰᠢᠭᠤ ᠰᠢᠶᠠᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠬᠠᠪᠤᠷ ᠤᠨ ᠤᠯᠠᠷᠢᠯ ᠤᠨ ᠲᠥᠪᠯᠡᠷᠡᠭᠦᠯᠦᠨ ᠡᠭᠡᠯᠢᠯᠡᠬᠦ᠂ ᠠᠷᠢᠭᠤᠳᠬᠠᠵᠤ ᠡᠬᠢ ᠶᠢ ᠨᠢ ᠤᠰᠠᠳᠬᠠᠬᠤ᠂ ᠪᠣᠯᠪᠠᠰᠤᠷᠠᠭᠤᠯᠬᠤ᠂ ᠤᠬᠠᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠡᠵᠡᠮᠳᠡᠪᠡ᠃ ᠡᠭᠦᠨ ᠳᠤ ᠠᠯᠪᠠᠳᠠᠯᠭ᠎ᠠ ᠪᠠᠷ ᠡᠭᠡᠯᠢᠯᠡᠭᠡ ᠬᠢᠬᠦ ᠡᠪᠡᠳᠴᠢᠨ ᠤ ᠲᠥᠷᠥᠯ ᠳᠤ ᠡᠭᠡᠯᠢᠯᠡᠭᠡ ᠬᠢᠭᠰᠡᠨ ᠮᠠᠯ ᠵᠢᠭᠦᠷᠲᠡᠨ ᠤ ᠲᠤᠭ᠎ᠠ ᠨᠡᠶᠢᠲᠡ 2303 ᠲᠦᠮᠡᠨ ᠲᠣᠯᠣᠭᠠᠢ ᠳᠤ ᠬᠦᠷᠴᠦ᠂ ᠲᠥᠯᠥᠪᠯᠡᠭᠡᠲᠦ ᠡᠭᠡᠯᠢᠯᠡᠭᠡ ᠶᠢᠨ ᠲᠤᠭ᠎ᠠ ᠶᠠᠭ ᠡᠮᠬᠢ ᠵᠢᠷᠤᠮ ᠲᠠᠢ ᠪᠠᠷ ᠠᠬᠢᠵᠤ ᠪᠠᠶᠢᠨ᠎ᠠ︔ ᠠᠷᠢᠭᠤᠳᠬᠠᠨ ᠤᠰᠠᠳᠬᠠᠬᠤ ᠶᠡᠷᠦᠩᠬᠡᠢ ᠲᠠᠯᠠᠪᠠᠶ ᠨᠢ 42km2 ᠪᠠᠶᠢᠵᠤ᠂ ᠨᠡᠶᠢᠲᠡ 78.6 ᠲᠣᠨ ᠠᠷᠢᠭᠤᠳᠬᠠᠬᠤ ᠡᠮ ᠣᠷᠣᠭᠤᠯᠵᠤ᠂ 107 ᠰᠢᠶᠠᠩ ᠪᠠᠯᠭᠠᠰᠤ᠂ 1947 ᠭᠠᠴᠠᠭ᠎ᠠ ᠲᠣᠰᠬᠤᠨ᠂ ᠠᠷᠢᠭᠤᠳᠬᠠᠬᠤ ᠬᠢᠵᠢᠭ ᠤᠨ ᠴᠡᠭ 759᠂ ᠠᠷᠢᠭᠤᠳᠬᠠᠬᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠪᠠᠭ᠎ᠠ ᠲᠣᠭᠤᠷᠢᠭ 1975᠂ ᠠᠷᠠᠯᠵᠢᠶᠠᠨ ᠤ ᠵᠠᠬ᠎ᠠ ᠳᠡᠯᠭᠡᠭᠦᠷ 14᠂ ᠨᠢᠲᠤᠯᠬᠤ ᠭᠠᠵᠠᠷ 40 ᠪᠣᠶ︔ ᠡᠯ᠎ᠡ ᠬᠤᠰᠢᠭᠤ ᠰᠢᠶᠠᠨ ᠨᠢ ᠴᠥᠮ ᠪᠷᠦ᠋ᠼᠧᠯ ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠶᠠᠪᠤᠭᠳᠠᠭᠤᠯᠵᠤ᠂ ᠤᠬᠠᠭᠤᠯᠭ᠎ᠠ ᠶᠢᠨ ᠸᠢᠳᠢᠤ᠋ ᠶᠢ ᠳᠠᠮᠵᠢᠭᠤᠯᠤᠨ ᠲᠠᠷᠬᠠᠭᠠᠵᠤ᠂ ᠤᠬᠠᠭᠤᠯᠭ᠎ᠠ ᠶᠢᠨ ᠲᠠᠶᠢᠯᠤᠮᠵᠢ ᠶᠢᠨ ᠠᠵᠢᠯᠯᠠᠭ᠎ᠠ ᠶᠢ ᠥᠷᠨᠢᠭᠦᠯᠦᠨ᠂ ᠡᠯᠭᠦᠭᠡ ᠵᠢᠷᠤᠭ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷᠲᠠᠴᠠ ᠪᠠ ᠭᠠᠷ ᠤᠭᠤᠲᠠ ᠵᠡᠷᠭᠡ ᠡᠳ᠋ ᠪᠣᠳᠠᠰ ᠢ ᠲᠠᠷᠬᠠᠭᠠᠪᠠ ︔ ᠡᠭᠦᠨ ᠤ ᠬᠠᠮᠲᠤ ᠪᠷᠦ᠋ᠼᠧᠯ ᠡᠪᠡᠳᠴᠢᠨ ᠵᠡᠷᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ ᠥᠷᠨᠢᠭᠦᠯᠵᠦ ᠂ ᠨᠡᠶᠢᠳᠡ 1479 ᠬᠥᠮᠥᠨ ᠤᠳᠠᠭ᠎ᠠ ᠪᠣᠯᠪᠠᠰᠤᠷᠠᠭᠤᠯᠪᠠ ᠃ ᠵᠠᠯᠭᠠᠭᠠᠳ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠰᠦᠷᠦᠭᠵᠢᠯ ᠤᠨ ᠡᠭᠡᠯᠢᠯᠡᠭᠡ ᠶᠢᠨ ᠬᠢᠷᠢ ᠲᠦᠪᠰᠢᠨ ᠢ ᠦᠨᠳᠦᠰᠦᠯᠡᠨ ᠪᠥᠬᠦ ᠬᠤᠲᠠ ᠶᠢᠨ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠶᠢᠨ ᠬᠠᠮᠲᠤ ᠡᠪᠡᠳᠴᠢᠨ ᠡᠭᠦᠰᠬᠡᠭᠴᠢ ᠶᠢᠨ ᠰᠤᠳᠤᠯᠤᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠲᠠᠢ ᠤᠶᠠᠯᠳᠤᠭᠤᠯᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠵᠢᠴᠢ ᠭᠠᠳᠠᠨ᠎ᠠ ᠠᠴᠠ ᠢᠷᠡᠭᠰᠡᠨ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ  ᠬᠢᠬᠦ ᠪᠠᠷ ᠪᠠᠶᠢᠨ᠎ᠠ ᠃
11.png
 
12.png
13.png
      ᠲᠣᠰ ᠤᠳᠠᠭᠠᠨ ᠤ ᠠᠵᠢᠯ ᠢᠶᠠᠷ ᠳᠠᠮᠵᠢᠭᠤᠯᠤᠨ᠂ ᠡᠯ᠎ᠡ ᠬᠤᠰᠢᠭᠤ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠮᠠᠯ ᠰᠦᠷᠦᠭ ᠤᠨ ᠪᠦᠬᠦᠯᠢ ᠴᠣᠭᠴᠠ ᠶᠢᠨ ᠡᠭᠡᠯᠢᠯᠡᠭᠡ ᠶᠢᠨ ᠶᠠᠰᠤ ᠴᠢᠨᠠᠷ ᠪᠠ ᠨᠢᠭᠲᠠᠴᠠ ᠶᠢ ᠪᠠᠲᠤᠯᠠᠨ᠂ ᠬᠢᠵᠢᠭ ᠡᠪᠡᠳᠴᠢᠨ ᠤ ᠳᠡᠯᠭᠡᠷᠡᠬᠦ ᠲᠦᠭᠰᠢᠭᠦᠷᠢ ᠶᠢ ᠪᠠᠭᠤᠷᠠᠭᠤᠯᠵᠤ᠂ ᠪᠦᠬᠦᠯᠢ ᠴᠣᠭᠴᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠵᠦᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠦᠩᠯᠢᠶᠣᠣ ᠬᠤᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠪᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号