ᠥᠪᠥᠷ ᠮᠣᠩᠭᠤᠯ ᠤᠨ ᠬᠠᠩᠭᠢᠨ ᠬᠤᠰᠢᠭᠤᠨ ᠤ ᠨᠡᠷᠡᠨ ᠬᠤᠸᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2023/6/9
      ᠲᠦᠷᠦᠭᠦᠭᠡᠨ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠭᠤᠤᠯᠯᠠᠨ ᠵᠢᠯᠤᠭᠤᠳᠴᠤ᠂ ᠬᠠᠩᠭᠢᠨ ᠬᠤᠰᠢᠭᠤᠨ ᠤ ᠨᠡᠷᠡᠨ ᠬᠤᠸᠠᠷ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ ᠲᠦᠰᠢᠭᠯᠡᠨ᠂ ᠬᠠᠩᠭᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ᠂ ᠬᠠᠩᠭᠢᠨ ᠬᠤᠰᠢᠭᠤᠨ ᠤ ᠢ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠨᠡᠬᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠬᠠᠮᠳᠤᠷᠠᠨ ᠪᠠᠶᠢᠭᠤᠯᠤᠭᠰᠠᠨ ︽ᠥᠪᠥᠷ ᠮᠣᠩᠭᠤᠯ ᠤᠨ ᠬᠠᠩᠭᠢᠨ ᠬᠤᠰᠢᠭᠤᠨ ᠤ ᠨᠡᠷᠡᠨ ᠬᠤᠸᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ︾ ᠬᠠᠩᠭᠢᠨ ᠬᠤᠰᠢᠭᠤᠨ ᠤ ᠵᠢᠷᠭᠠᠯᠠᠩᠲᠤ ᠪᠠᠯᠭᠠᠰᠤ ᠶᠢᠨ ᠨᠡᠷᠡᠨ ᠬᠤᠸᠠᠷ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ ᠵᠢᠩᠭᠢᠨᠢ ᠪᠠᠷ ᠫᠠᠶᠢᠰᠠ ᠡᠯᠭᠦᠪᠠ᠃ ᠲᠣᠰ ᠵᠢᠵᠢᠭ ᠬᠦᠷᠢᠶᠡᠯᠡᠩ ᠨᠢ 2022 ᠣᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠤᠷᠭᠠᠨ ᠬᠥᠮᠦᠵᠢᠯ ᠤᠨ ᠶᠠᠮᠤᠨ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠶᠠᠮᠤᠨ ᠤ ᠳᠡᠮᠵᠢᠵᠦ ᠪᠠᠶᠢᠭᠤᠯᠤᠭᠰᠠᠨ ᠤᠯᠤᠰ ᠤᠨ ᠲᠠᠰ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ︾ ᠤᠨ ᠨᠡᠷᠡᠰ ᠲᠤ ᠵᠢᠭᠰᠠᠭᠠᠭᠳᠠᠭᠰᠠᠨ ᠪᠠᠶᠢᠨ᠎ᠠ᠃      ᠬᠠᠩᠭᠢᠨ ᠬᠤᠰᠢᠭᠤᠨ ᠤ ᠨᠡᠷᠡᠨ ᠬᠤᠸᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠪᠠᠶᠢᠭᠤᠯᠤᠭᠳᠠᠭᠰᠠᠨ ᠨᠢ ᠲᠦᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ ᠮᠥᠨ ᠪᠦᠭᠡᠳ ︽ᠰᠤᠷᠭᠠᠭᠤᠯᠢ ᠣᠷᠣᠨ ᠨᠤᠲᠤᠭ ᠬᠤᠯᠪᠣᠭᠠᠯᠠᠬᠤ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠬᠠᠮᠲᠤᠷᠠᠯᠴᠠᠬᠤ︾ ᠬᠦᠭᠵᠢᠯᠲᠡ ᠶᠢᠨ ᠵᠠᠭᠪᠤᠷ ᠤᠨ ᠠᠮᠢᠳᠤᠯᠢᠭ ᠲᠠᠶᠢᠯᠪᠤᠷᠢᠯᠠᠯᠲᠠ ᠪᠤᠯᠤᠨ᠎ᠠ᠃ ᠨᠡᠷᠡᠨ ᠬᠤᠸᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠨᠢ ᠨᠡᠷᠡᠨ ᠬᠤᠸᠠᠷ ᠤᠨ ᠦᠢᠯᠡᠳᠪᠦᠷᠢᠯᠡᠯ ᠳᠤᠮᠳᠠᠬᠢ ᠪᠣᠳᠠᠲᠠᠶ ᠠᠰᠠᠭᠤᠳᠠᠯ ᠲᠠᠢ ᠨᠢᠭᠲᠠ ᠤᠶᠠᠯᠳᠤᠭᠤᠯᠤᠨ ︽ᠥᠭᠦᠯᠡᠯ ᠢᠶᠠᠨ ᠡᠬᠡ ᠭᠠᠵᠠᠷ ᠳᠡᠭᠡᠷ᠎ᠡ ᠲᠤᠭᠤᠷᠪᠢᠵᠤ︾᠂ ᠨᠢᠭᠡ ᠪᠦᠯᠦᠭ ᠦᠯᠡᠳᠡᠵᠦ ᠳᠡᠶᠢᠯᠬᠦ᠂ ᠬᠡᠷᠡᠭᠯᠡᠵᠦ ᠳᠡᠶᠢᠯᠬᠦ᠂ ᠬᠦᠳᠡᠭᠡ ᠠᠵᠤ ᠠᠬᠤᠢ ᠶᠢ ᠣᠶᠢᠯᠠᠭᠠᠬᠤ᠂ ᠬᠥᠳᠡᠭᠡ ᠲᠤᠰᠬᠤᠨ ᠢ ᠬᠠᠶᠢᠷᠠᠯᠠᠬᠤ᠂ ᠲᠠᠷᠢᠶᠠᠴᠢᠨ ᠢ ᠬᠠᠶᠢᠷᠠᠯᠠᠬᠤ ᠳᠡᠭᠡᠳᠦ ᠲᠠᠰ ᠤᠨ᠂ ᠬᠡᠷᠡᠭᠯᠡᠭᠡᠨ ᠤ ᠬᠡᠯᠪᠡᠷᠢ ᠶᠢᠨ ︽ᠬᠥᠳᠡᠭᠡ ᠠᠵᠤ ᠠᠬᠤᠶ ᠬᠥᠳᠡᠭᠡ ᠲᠤᠰᠬᠤᠨ ᠲᠠᠷᠢᠶᠠᠴᠢᠨ︾ ᠤ ᠴᠢᠳᠠᠪᠤᠷᠢᠲᠠᠨ ᠢ ᠬᠥᠮᠦᠵᠢᠭᠦᠯᠦᠨ ᠪᠣᠶᠢᠵᠢᠭᠤᠯᠵᠤ᠂ ᠬᠠᠩᠭᠢᠨ ᠬᠤᠰᠢᠭᠤᠨ ᠤ ᠬᠦᠳᠡᠭᠡ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠳᠤ ᠬᠦᠴᠦᠨ ᠨᠡᠮᠡᠷᠢᠯᠡᠬᠦ᠂ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠪᠠ ᠤᠶᠤᠨ ᠤ ᠪᠠᠲᠤᠯᠠᠭ᠎ᠠ ᠬᠠᠩᠭᠠᠬᠤ ᠪᠤᠯᠤᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号