ᠪᠥᠬᠦ ᠤᠯᠤᠰ ᠤᠨ ᠠᠩᠬᠠᠳᠠᠭᠴᠢ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠨ ᠱᠠᠲᠤᠨ ᠤ ᠬᠠᠮᠲᠤ ᠪᠠᠷ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠥᠪᠥᠷ ᠮᠣᠩᠭᠤᠯ ᠤᠨ ᠤᠯᠠᠭᠠᠨᠴᠠᠪ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2023/7/1
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠭᠤᠣᠯ ᠰᠡᠳᠦᠪᠲᠦ ᠬᠥᠮᠦᠵᠢᠯ ᠤᠨ ᠳᠤᠮᠳᠠ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠪᠲᠤᠯᠤᠯᠲᠠ ᠲᠠᠢ ᠰᠢᠨ᠎ᠡ ᠶᠢ ᠡᠭᠦᠳᠬᠦ ᠶᠢ ᠠᠬᠢᠭᠤᠯᠵᠦ ᠪᠠᠶᠢᠨ᠎ᠠ᠃ 7 ᠰᠠᠷ᠎ᠠ ᠶᠢᠨ 1 ᠤ ᠡᠳᠦᠷ᠂ ᠪᠥᠬᠦ ᠤᠯᠤᠰ ᠤᠨ ᠠᠩᠬᠠᠳᠠᠭᠴᠢ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠨ ᠱᠠᠲᠤᠨ ᠤ ᠬᠠᠮᠲᠤ ᠪᠠᠷ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠯᠠᠭᠠᠨᠴᠠᠪ ᠬᠤᠲᠠ ᠶᠢᠨ ᠰᠢᠩ ᠾᠧ ᠰᠢᠶᠠᠨ ᠳᠤ ᠡᠬᠢᠯᠡᠪᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ ᠤ ᠳᠡᠳ᠋ ᠳᠠᠷᠤᠭ᠎ᠠ ᠦ᠋ ᠬᠤᠩ ᠸᠧᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
1.jpg
       ᠡᠬᠢᠯᠡᠯᠲᠡ ᠶᠢᠨ ᠶᠣᠰᠣᠯᠠᠯ ᠳᠡᠭᠡᠷ᠎ᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠤᠷᠰᠢᠯᠲᠠ ᠶᠢᠨ ᠬᠤᠰᠢᠭᠤ ᠰᠢᠶᠠᠨ ᠳᠥᠷᠪᠡᠨ ᠲᠠᠯ᠎ᠠ ᠪᠠᠷ ᠢᠶᠠᠨ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠪᠠ᠃ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠤᠷ ᠲᠤ ᠵᠢᠱᠢᠶ᠎ᠡ ᠦᠵᠡᠭᠦᠯᠬᠦ ᠴᠡᠭ ᠤᠨ ᠬᠠᠭᠤᠷᠠᠢ ᠲᠠᠷᠢᠶᠠᠯᠠᠭ᠎ᠠ ᠶᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠯᠡᠰᠦᠨ ᠴᠠᠷ᠎ᠠ ᠶᠢᠨ ᠵᠠᠭᠪᠤᠷ ᠤᠨ ᠦᠵᠡᠭᠦᠯᠭᠡ ᠵᠢᠴᠢ ᠰᠢᠩ ᠾᠧ ᠰᠢᠶᠠᠨ ᠤ ᠬᠠᠭᠤᠷᠠᠢ ᠲᠠᠷᠢᠶᠠᠯᠠᠭ᠎ᠠ ᠶᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠷᠰᠢᠯᠲᠠ ᠶᠢᠨ ᠣᠷᠣᠨ ᠢ ᠲᠣᠭᠤᠷᠢᠨ ᠦᠵᠡᠪᠡ᠃ 
2.png
       ᠦ᠋ ᠬᠤᠩ ᠸᠧᠢ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠬᠠᠭᠤᠷᠠᠢ ᠲᠠᠷᠢᠶᠠᠯᠠᠭ᠎ᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠥᠷᠪᠡᠨ ᠱᠠᠲᠤᠨ ᠤ ᠬᠠᠮᠲᠤ ᠪᠠᠷ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠠᠩᠬᠠᠳᠤᠭᠠᠷ ᠤᠳᠠᠭ᠎ᠠ ᠥᠷᠨᠢᠭᠦᠯᠦᠭᠰᠡᠨ ᠶᠠᠪᠤᠳᠠᠯ ᠪᠣᠯ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠪᠦᠲᠦᠭᠡᠨ ᠪᠠᠶᠢᠭᠤᠯᠬᠤ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠡᠷᠬᠡ ᠠᠰᠠᠭᠤᠳᠠᠯ ᠢ ᠰᠢᠢᠳᠪᠦᠷᠢᠯᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠶᠠᠪᠤᠳᠠᠯ ᠪᠣᠯᠣᠨ᠎ᠠ᠃ ᠥᠪᠥᠷ ᠮᠣᠩᠭᠤᠯ ᠤᠨ 2021 ᠣᠨ  ᠠᠴᠠ ᠡᠬᠢᠯᠡᠨ ᠥᠷᠨᠢᠭᠦᠯᠦᠭᠰᠡᠨ 487 ᠲᠦᠮᠡᠨ ᠮᠦ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠬᠠᠮᠢᠶᠠᠷᠤᠯᠲᠠ ᠶᠢᠨ ᠵᠢᠷᠤᠮᠵᠢᠯ ᠲᠠᠢ ᠪᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ᠂ ᠤᠰᠤ ᠭᠠᠩ ᠤᠨ ᠭᠠᠮᠰᠢᠭ ᠢ ᠡᠰᠡᠷᠭᠦᠴᠡᠬᠦ ᠴᠢᠳᠠᠪᠤᠷᠢ᠂ ᠮᠠᠰᠢᠨᠴᠢᠯᠠᠯᠲᠠ ᠪᠠᠷ ᠠᠵᠢᠯᠯᠠᠬᠤ ᠬᠢᠷᠢ ᠲᠦᠪᠰᠢᠨ ᠢ ᠵᠡᠷᠭᠡ ᠪᠠᠷ ᠳᠡᠭᠡᠭᠰᠢᠯᠡᠭᠦᠯᠦᠭᠰᠡᠨ ᠦᠷ᠎ᠡ ᠪᠦᠲᠦᠮᠵᠢ ᠶᠢ ᠣᠯᠵᠤ᠂ ᠨᠡᠯᠢᠶᠡᠳ ᠰᠠᠶᠢᠨ ᠰᠠᠭᠤᠷᠢ ᠲᠠᠢ ᠪᠣᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ ᠲᠡᠷᠡ ᠴᠢᠬᠤᠯᠠᠴᠢᠯᠠᠭᠰᠠᠨ ᠨᠢ᠂ ᠬᠠᠭᠤᠷᠠᠢ ᠭᠠᠵᠠᠷ ᠤᠨ ᠪᠦᠲᠦᠭᠡᠨ ᠪᠠᠶᠢᠭᠤᠯᠤᠯᠲᠠ ᠳᠤ ᠲᠣᠬᠢᠷᠠᠬᠤ ᠵᠠᠭᠪᠤᠷ ᠢ ᠰᠠᠶᠢᠲᠤᠷ ᠰᠣᠩᠭᠤᠬᠤ ᠶᠢᠨ ᠬᠠᠮᠲᠤ ᠳᠥᠷᠪᠡᠨ ᠱᠠᠲᠤᠨ ᠤ ᠬᠠᠮᠲᠤᠷᠠᠨ ᠬᠥᠳᠡᠯᠦᠯᠴᠡᠬᠦ ᠠᠵᠢᠯ ᠤᠨ ᠵᠠᠭᠪᠤᠷ ᠢ ᠰᠠᠶᠢᠲᠤᠷ ᠬᠡᠷᠡᠭᠯᠡᠵᠦ᠂ ᠬᠠᠭᠤᠷᠠᠢ ᠲᠠᠷᠢᠶᠠᠯᠠᠩ ᠤᠨ ᠲᠤᠷᠰᠢᠯᠲᠠ ᠪᠠᠷ ᠲᠠᠪᠴᠠᠩ ᠪᠣᠯᠭᠠᠨ ᠵᠣᠷᠢᠭᠲᠠᠢ ᠲᠤᠷᠰᠢᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠲᠣᠬᠢᠷᠠᠬᠤ ᠨᠢᠭᠡ ᠪᠦᠯᠦᠭ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠲᠥᠬᠦᠭᠡᠷᠦᠮᠵᠢ ᠶᠢ ᠰᠢᠯᠢᠨ ᠰᠣᠩᠭᠤᠵᠤ᠂ ᠲᠤᠷᠰᠢᠯᠲᠠ ᠶᠢᠨ ᠦᠷ᠎ᠡ ᠪᠦᠲᠦᠭᠡᠯ ᠢ ᠠᠯᠢ ᠴᠢᠳᠠᠬᠤ ᠪᠠᠷ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠪᠣᠯᠭᠠᠵᠤ᠂ ᠠᠵᠢᠯ ᠲᠥᠷᠥᠯ ᠤᠨ ᠪᠠᠷᠢᠮᠵᠢᠶ᠎ᠠ ᠪᠣᠯᠭᠠᠨ ᠳᠡᠭᠡᠭᠰᠢᠯᠡᠭᠦᠯᠵᠦ᠂ ᠦᠨᠡᠨ ᠪᠣᠳᠠᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃
3.jpg
4.jpg
       ᠭᠦᠸᠧ ᠵᠠᠨ ᠵᠢᠶᠠᠩ ᠵᠢᠭᠠᠵᠤ ᠭᠠᠷᠭᠠᠭᠰᠠᠨ ᠨᠢ᠂ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠥᠪᠥᠷ ᠮᠣᠩᠭᠤᠯ ᠤᠨ ᠬᠤᠶᠢᠰᠢᠳᠠ ᠶᠢᠨ ᠰᠢᠨ᠎ᠡ ᠪᠠᠷ ᠪᠠᠶᠢᠭᠤᠯᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠭᠤᠣᠯᠳᠠᠯᠭ᠎ᠠ᠂ ᠬᠦᠴᠢᠷ ᠠᠰᠠᠭᠤᠳᠠᠯ ᠮᠥᠨ᠂ ᠭᠡᠪᠡᠴᠦ ᠡᠭᠦᠨ ᠤ ᠬᠠᠮᠲᠤ ᠪᠠᠰᠠ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢᠨ ᠴᠢᠬᠤᠯᠠ ᠨᠡᠮᠡᠭᠳᠡᠯ ᠤᠨ ᠴᠡᠭ ᠮᠥᠨ᠃ ᠮᠠᠨ ᠤ ᠣᠷᠣᠨ ᠪᠦᠬᠦ ᠰᠢᠰᠲ᠋ᠧᠮ ᠤᠨ ᠬᠦᠴᠦᠨ ᠢᠶᠠᠷ ᠲᠦᠷᠪᠡᠨ ᠱᠠᠲᠤᠨ ᠤ ᠬᠠᠮᠲᠤ ᠶᠢᠨ ᠪᠠᠶᠢᠭᠤᠯᠤᠯᠲᠠ ᠶᠢ ᠰᠠᠶᠢᠲᠤᠷ ᠵᠣᠬᠢᠴᠠᠭᠤᠯᠵᠤ᠂ ᠰᠠᠶᠢᠲᠤᠷ ᠪᠠᠲᠤᠯᠠᠵᠤ᠂ ᠰᠠᠶᠢᠲᠤᠷ ᠬᠡᠷᠡᠭᠯᠡᠵᠦ᠂ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠦᠨᠡᠨ ᠪᠣᠳᠠᠲᠠᠢ ᠦᠷ᠎ᠡ ᠪᠦᠲᠦᠮᠵᠢ ᠲᠠᠢ ᠪᠣᠯᠭᠠᠨ᠎ᠠ ᠭᠡᠪᠡ᠃ ᠲᠡᠷᠡ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠦᠴᠦᠨ ᠢᠶᠠᠨ ᠲᠥᠪᠯᠡᠷᠡᠭᠦᠯᠦᠨ᠂ ᠢᠨᠵᠧᠨᠧᠷᠢᠩ᠂ ᠬᠥᠷᠥᠰᠥ ᠰᠢᠷᠣᠢ᠂ ᠤᠰᠤ ᠠᠷᠪᠢᠯᠠᠬᠤ᠂ ᠲᠠᠷᠢᠮᠠᠯ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠨ ᠲᠣᠮᠢᠯᠠᠵᠤ᠂ ᠴᠡᠭ ᠲᠤ ᠰᠠᠭᠤᠬᠤ ᠠᠷᠭ᠎ᠠ ᠮᠠᠶ᠋ᠢᠭ ᠢᠶᠠᠷ ᠰᠤᠳᠤᠯᠭᠠᠨ ᠥᠷᠨᠢᠭᠦᠯᠦᠨ᠎ᠡ᠂ ᠬᠤᠲᠠ ᠰᠢᠶᠠᠨ ᠬᠤᠶᠠᠷ ᠱᠠᠲᠤᠨ ᠤ ᠬᠢᠨ ᠲᠤᠰᠬᠠᠢ ᠠᠵᠢᠯᠲᠠᠨ ᠲᠣᠬᠢᠷᠠᠭᠤᠯᠤᠨ ᠲᠤᠷᠰᠢᠯᠲᠠ ᠬᠢᠵᠦ ᠵᠢᠱᠢᠶ᠎ᠡ ᠦᠵᠡᠭᠦᠯᠬᠦ ᠶᠢ ᠬᠠᠷᠢᠭᠤᠴᠠᠭᠤᠯᠵᠤ᠂ ᠤᠯᠤᠰ ᠤᠨ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠤ ᠳᠤᠷᠠᠳᠤᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠭᠠᠵᠠᠷ ᠲᠤ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠲᠤᠭ᠎ᠠ ᠪᠠᠷᠢᠮᠲᠠ ᠪᠠ ᠬᠡᠷᠡᠭᠯᠡᠭᠡᠨ ᠤ ᠦᠷ᠎ᠡ ᠪᠦᠲᠦᠮᠵᠢ ᠶᠢ ᠬᠠᠷᠢᠭᠤ ᠲᠤᠰᠬᠠᠬᠤ ᠬᠡᠷᠡᠭᠲᠡᠢ᠃ ᠡᠭᠦᠨ ᠤ ᠬᠠᠮᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠣᠬᠢᠷᠠᠭᠤᠯᠤᠯᠲᠠ ᠶᠢᠨ ᠲᠠᠯ᠎ᠠ ᠪᠠᠷ ᠲᠤᠷᠰᠢᠯᠲᠠ ᠬᠢᠬᠦ ᠭᠠᠵᠠᠷ ᠣᠷᠣᠨ ᠲᠡᠶᠢᠰᠢ ᠬᠡᠯᠪᠡᠶᠢᠯᠭᠡᠵᠦ᠂ ᠲᠠᠷᠢᠶᠠᠯᠠᠩ ᠳᠤ ᠬᠤᠯᠪᠣᠭᠳᠠᠬᠤ ᠪᠤᠰᠤᠳ ᠵᠦᠢᠯᠡᠰ ᠤᠨ ᠳᠡᠮᠵᠢᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠵᠦᠢᠯᠡᠰ ᠢ ᠡᠮᠬᠢᠯᠡᠨ ᠨᠡᠶᠢᠯᠡᠭᠦᠯᠬᠦ ᠬᠡᠷᠡᠭᠲᠡᠢ ᠭᠡᠵᠡᠢ᠃ ᠲᠡᠷᠡ᠂ ᠴᠡᠭ ᠠᠴᠠ ᠪᠦᠬᠦ ᠲᠠᠯ᠎ᠠ ᠳᠤ ᠬᠦᠷᠬᠦ ᠬᠤᠪᠢᠰᠤᠯᠳᠠ ᠶᠢ ᠲᠦᠷᠭᠡᠨ ᠪᠡᠶᠡᠯᠡᠭᠦᠯᠵᠦ᠂ ᠰᠢᠯᠢᠨ ᠰᠣᠩᠭᠤᠭᠰᠠᠨ ᠮᠡᠷᠭᠡᠵᠢᠯ ᠪᠣᠯᠣᠨ ᠵᠠᠭᠪᠤᠷ ᠢ ᠡᠷᠲᠡ ᠬᠡᠷᠡᠭᠯᠡᠵᠦ᠂ ᠬᠡᠷᠡᠭᠯᠡᠬᠦ ᠶᠢ ᠪᠦᠬᠦᠨ ᠢ ᠬᠡᠷᠡᠭᠯᠡᠵᠦ᠂ ᠨᠢᠭᠡ ᠵᠢᠯ ᠳᠤ ᠲᠤᠷᠰᠢᠯᠲᠠ ᠬᠢᠬᠦ᠂ ᠬᠤᠶᠠᠷ ᠵᠢᠯ ᠳᠤ ᠲᠠᠯᠠᠪᠠᠢ ᠶᠢ ᠥᠷᠭᠡᠳᠬᠡᠬᠦ᠂ ᠭᠤᠷᠪᠠᠨ ᠵᠢᠯ ᠳᠤ ᠭᠠᠵᠠᠷ ᠣᠷᠣᠨ ᠢ ᠥᠷᠭᠡᠳᠬᠡᠬᠦ ᠠᠯᠬᠤᠮ ᠳᠠᠷᠠᠭ᠎ᠠ ᠪᠠᠷ ︽ᠫᠧᠩᠰᠡᠲᠦ ᠦᠵᠡᠮᠵᠢ︾ ᠶᠢ ︽ᠤᠢ ᠰᠢᠭᠤᠢ︾ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
5.jpg
       ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ᠂ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠤᠯᠠᠭᠠᠨᠴᠠᠪ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠲᠤᠰᠬᠠᠢ ᠮᠡᠷᠭᠡᠵᠢᠯᠲᠡᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号