ᠲᠠᠪᠢᠨ ᠬᠤᠶᠠᠳᠤᠭᠠᠷ ᠬᠤᠭᠤᠴᠠᠭᠠᠨ ᠤ ᠭᠤᠷᠪᠠᠨ ᠮᠤᠵᠢ ︵ᠣᠷᠣᠨ︶ ᠶᠢᠨ ᠲᠤᠯᠤᠭᠠᠨ ᠬᠤᠲᠠ ︵ᠠᠶᠢᠮᠠᠭ︶ ᠶᠢᠨ ᠮᠠᠯ ᠡᠮᠨᠡᠯᠭᠡ ᠶᠢᠨ ᠬᠠᠮᠲᠤᠷᠠᠨ ᠰᠡᠷᠭᠡᠶᠢᠯᠡᠬᠦ ᠬᠠᠮᠵᠢᠯᠴᠠᠭᠠᠨ ᠤ ᠬᠤᠷᠠᠯ ᠤᠯᠠᠭᠠᠨᠬᠠᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/7/10
      7 ᠰᠠᠷ᠎ᠠ ᠶᠢᠨ 9 ᠤ ᠡᠳᠦᠷ᠂ ᠲᠠᠪᠢᠨ ᠬᠤᠶᠠᠳᠤᠭᠠᠷ ᠬᠤᠭᠤᠴᠠᠭᠠᠨ ᠤ ᠭᠤᠷᠪᠠᠨ ᠮᠤᠵᠢ ︵ᠣᠷᠣᠨ︶ ᠶᠢᠨ ᠲᠤᠯᠤᠭᠠᠨ ᠬᠤᠲᠠ ︵ᠠᠶᠢᠮᠠᠭ︶ ᠶᠢᠨ ᠮᠠᠯ ᠡᠮᠨᠡᠯᠭᠡ ᠶᠢᠨ ᠬᠠᠮᠲᠤᠷᠠᠨ ᠰᠡᠷᠭᠡᠶᠢᠯᠡᠬᠦ ᠬᠠᠮᠵᠢᠯᠴᠠᠭᠠᠨ ᠤ ᠬᠤᠷᠠᠯ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠳᠤ ᠶᠠᠪᠤᠭᠳᠠᠪᠠ᠂ ᠬᠤᠯᠪᠣᠭᠳᠠᠯ ᠪᠦᠬᠦᠢ ᠭᠠᠵᠠᠷ ᠣᠷᠣᠨ ᠤ ᠡᠯ᠎ᠡ ᠱᠠᠲᠤᠨ ᠤ ᠮᠠᠯ ᠡᠮᠨᠡᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠵᠡᠷᠭᠡ ᠬᠠᠮᠵᠢᠯᠴᠠᠭᠠᠨ ᠤ ᠨᠢᠭᠡᠴᠢ ᠶᠢᠨ 80 ᠭᠠᠷᠤᠢ ᠬᠥᠮᠥᠨ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
图片1.png
       ᠭᠤᠷᠪᠠᠨ ᠮᠤᠵᠢ ︵ᠣᠷᠣᠨ︶ ᠶᠢᠨ ᠲᠤᠯᠤᠭᠠᠨ ᠬᠤᠲᠠ ︵ᠠᠶᠢᠮᠠᠭ︶ ᠶᠢᠨ ᠮᠠᠯ ᠡᠮᠨᠡᠯᠭᠡ ᠶᠢᠨ ᠬᠠᠮᠲᠤᠷᠠᠨ ᠰᠡᠷᠭᠡᠶᠢᠯᠡᠬᠦ ᠬᠠᠮᠵᠢᠯᠴᠠᠭᠠᠨ ᠤ ᠵᠣᠬᠢᠶᠠᠨ ᠪᠠᠶᠢᠭᠤᠯᠤᠯᠲᠠ ᠪᠣᠯ ᠥᠪᠥᠷ ᠮᠣᠩᠭᠤᠯ᠂ ᠾᠧᠪᠧᠢ᠂ ᠯᠢᠶᠣᠤᠨᠢᠩ ᠤᠨ ᠲᠤᠯᠤᠭᠠᠨ ᠬᠤᠲᠠ ︵ᠠᠶᠢᠮᠠᠭ︶ ᠶᠢᠨ ᠵᠠᠰᠠᠭ ᠤᠨ ᠣᠷᠳᠣᠨ ᠠᠴᠠ ᠪᠠᠶᠢᠭᠤᠯᠤᠭᠰᠠᠨ ᠣᠷᠣᠨ ᠪᠦᠰᠡ ᠶᠢᠨ ᠴᠢᠨᠠᠷᠲᠠᠢ ᠮᠠᠯ ᠡᠮᠨᠡᠯᠭᠡ ᠶᠢᠨ ᠬᠠᠮᠲᠤᠷᠠᠨ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠪᠣᠯᠣᠨ᠎ᠠ᠂ ᠡᠭᠦᠨ ᠳᠤ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠴᠧᠩᠳᠧ ᠬᠤᠲᠠ᠂ ᠴᠢᠭᠤᠯᠤᠯᠲᠤ ᠬᠠᠭᠠᠯᠭ᠎ᠠ ᠬᠤᠲᠠ᠂ ᠴᠢᠨ ᠬᠤᠸᠠᠩ ᠳ᠋ᠣᠣ ᠬᠤᠲᠠ᠂ ᠬᠤ᠋ ᠯᠦ ᠳ᠋ᠣᠣ ᠬᠤᠲᠠ᠂ ᠴᠣᠣᠶᠠᠩ ᠬᠤᠲᠠ ᠪᠠᠭᠲᠠᠨ᠎ᠠ᠂ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠪᠠ ᠠᠮᠢᠲᠠᠨ ᠤ ᠢᠳᠡᠭᠡᠨ ᠤ ᠠᠮᠤᠷ ᠲᠦᠪᠰᠢᠨ ᠳᠤ ᠭᠠᠵᠠᠷ ᠣᠷᠣᠨ ᠠᠯᠤᠰᠯᠠᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠳᠡᠭᠡᠷ᠎ᠡ ᠵᠠᠭᠤᠨ ᠤ ᠲᠠᠪᠢᠭᠠᠳ ᠣᠨ ᠤ ᠡᠬᠢᠨ ᠤ ᠦᠶ᠎ᠡ ᠪᠠᠷ ᠪᠠᠶᠢᠭᠤᠯᠤᠭᠳᠠᠭᠰᠠᠨ ᠠᠴᠠ ᠨᠠᠭᠠᠰᠢ᠂ ᠤᠳᠠᠭ᠎ᠠ ᠪᠦᠷᠢ ᠶᠢᠨ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠴᠥᠮ ᠵᠠᠩᠭᠢᠯᠠᠭ᠎ᠠ ᠶᠢᠨ ᠦᠢᠯᠡᠳᠦᠯ ᠦᠵᠡᠭᠦᠯᠦᠭᠰᠡᠨ ᠪᠠᠶᠢᠨ᠎ᠠ᠃ ᠬᠠᠮᠲᠤᠷᠠᠨ ᠰᠡᠷᠭᠡᠶᠢᠯᠡᠬᠦ ᠵᠣᠬᠢᠶᠠᠨ ᠪᠠᠶᠢᠭᠤᠯᠤᠯᠲᠠ  ᠨᠢ ᠲᠤᠯᠤᠭᠠᠨ ᠬᠤᠲᠠ ︵ᠠᠶᠢᠮᠠᠭ︶ ᠠᠴᠠ ᠡᠭᠡᠯᠵᠢᠯᠡᠨ ᠵᠢᠵᠢᠭᠦᠷᠯᠡᠵᠦ᠂ ᠤᠯᠠᠭᠠᠨᠬᠠᠳᠠ ᠬᠤᠲᠠ ᠪᠠᠷ ᠲᠣᠰ ᠬᠤᠭᠤᠴᠠᠭᠠᠨ ᠤ ᠵᠢᠵᠢᠭᠦᠷᠯᠡᠬᠦ ᠨᠢᠭᠡᠴᠢ ᠪᠣᠯᠭᠠᠵᠤ᠂ ᠲᠠᠪᠢᠨ ᠭᠤᠷᠪᠠᠳᠤᠭᠠᠷ ᠬᠤᠭᠤᠴᠠᠭᠠᠨ ᠳᠤ ᠰᠢᠯᠢ ᠶᠢᠨ ᠭᠤᠣᠯ ᠠᠶᠢᠮᠠᠭ ᠠᠴᠠ ᠵᠢᠵᠢᠭᠦᠷᠯᠡᠬᠦ ᠪᠠᠷ ᠪᠠᠶᠢᠨ᠎ᠠ᠃
图片2.png
       ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠴᠧᠨ ᠹᠧᠢ ᠬᠤᠷᠠᠯ ᠡᠬᠢᠯᠡᠬᠦ ᠦᠭᠡ ᠬᠡᠯᠡᠵᠦ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠠᠩ ᠱᠧᠩ ᠡᠾᠧ ᠲᠠᠪᠢᠨ ᠬᠤᠶᠠᠳᠤᠭᠠᠷ ᠬᠤᠭᠤᠴᠠᠭᠠᠨ ᠤ ᠮᠠᠯ ᠡᠮᠨᠡᠯᠭᠡ ᠶᠢᠨ ᠬᠠᠮᠲᠤᠷᠠᠨ ᠰᠡᠷᠭᠡᠶᠢᠯᠡᠬᠦ ᠬᠠᠮᠵᠢᠯᠴᠠᠭᠠᠨ ᠤ ᠬᠤᠷᠠᠯ ᠤᠨ ᠠᠵᠢᠯ ᠤᠨ ᠮᠡᠳᠡᠭᠦᠯᠦᠯᠲᠡ ᠬᠢᠪᠡ᠃ ᠶᠡᠭᠡ ᠬᠤᠷᠠᠯ ᠠᠴᠠ 5 ᠳᠤᠭᠤᠶᠢᠯᠠᠩ ᠤᠨ ᠵᠢᠵᠢᠭᠦᠷᠯᠡᠬᠦ ᠬᠤᠰᠢᠭᠤ ᠰᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 3 ᠲᠡᠷᠢᠭᠦᠨ ᠤ ᠨᠢᠭᠡᠴᠢ ᠪᠣᠯᠣᠨ 80 ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ ᠬᠤᠷᠠᠯ ᠠᠴᠠ᠂ ᠡᠯ᠎ᠡ ᠬᠠᠮᠲᠤᠷᠠᠨ ᠰᠡᠷᠭᠡᠶᠢᠯᠡᠬᠦ ᠬᠠᠮᠵᠢᠯᠴᠠᠭᠠᠨ ᠤ ᠨᠢᠭᠡᠴᠢ ᠨᠢᠭᠲᠠ ᠬᠠᠮᠵᠢᠯᠴᠠᠨ ᠠᠬᠢᠭᠤᠯᠵᠤ᠂ ︽ᠣᠷᠣᠨ ᠪᠦᠰᠡ ᠶᠢᠨ ᠴᠢᠨᠠᠷᠲᠠᠢ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠭᠠᠷᠬᠤ ᠦᠭᠡᠢ ᠪᠠᠶᠢᠬᠤ ᠪᠠ ᠠᠮᠢᠲᠠᠨ ᠤ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢᠨ ᠬᠦᠨᠳᠦ ᠶᠡᠭᠡ ᠬᠡᠷᠡᠭ ᠭᠠᠷᠬᠤ ᠦᠭᠡᠢ ᠪᠠᠶᠢᠬᠤ ᠶᠢ ᠪᠠᠲᠤᠯᠠᠬᠤ︾ ᠭᠤᠣᠯ ᠱᠤᠭᠤᠮ ᠤᠨ ᠲᠣᠭᠤᠷᠢᠨ ᠳᠤ ᠦᠷ᠎ᠡ ᠪᠦᠲᠦᠮᠵᠢ ᠰᠠᠶᠢᠲᠠᠢ ᠠᠵᠢᠯ ᠢ ᠥᠷᠨᠢᠭᠦᠯᠵᠦ᠂ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠠ ᠢᠳᠡᠭᠡᠨ ᠤ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃
图片3.png
       ᠬᠤᠷᠠᠯ ᠳᠡᠭᠡᠷ᠎ᠡ ᠪᠠᠰᠠ ᠤᠯᠠᠭᠠᠨᠬᠠᠳᠠ ᠬᠤᠳᠠ ᠪᠣᠯᠣᠨ ᠰᠢᠯᠢ ᠶᠢᠨ ᠭᠤᠣᠯ ᠠᠶᠢᠮᠠᠭ ᠤᠨ ᠬᠠᠮᠲᠤᠷᠠᠨ ᠰᠡᠷᠭᠡᠶᠢᠯᠡᠬᠦ ᠵᠢᠵᠢᠭᠦᠷ ᠢ ᠲᠤᠰᠢᠶᠠᠨ ᠦᠭᠬᠦ ᠪᠠ ᠬᠦᠯᠢᠶᠡᠨ ᠠᠪᠬᠤ ᠶᠣᠰᠣᠯᠠᠯ ᠶᠠᠪᠤᠭᠤᠯᠵᠠᠢ᠃ ᠲᠤᠰᠢᠶᠠᠨ ᠦᠭᠴᠦ ᠬᠦᠯᠢᠶᠡᠨ ᠠᠪᠤᠭᠰᠠᠨ ᠤ ᠳᠠᠷᠠᠭ᠎ᠠ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠠᠩ ᠶᠠᠨ ᠴᠧᠨ ︽ᠭᠤᠷᠪᠠᠨ ᠮᠤᠵᠢ ︵ᠣᠷᠣᠨ︶ ᠶᠢᠨ ᠲᠤᠯᠤᠭᠠᠨ ᠬᠤᠳᠠ ︵ᠠᠶᠢᠮᠠᠭ︶ ᠶᠢᠨ ᠮᠠᠯ ᠡᠮᠨᠡᠯᠭᠡ ᠶᠢᠨ ᠬᠠᠮᠲᠤᠷᠠᠨ ᠰᠡᠷᠭᠡᠶᠢᠯᠡᠬᠦ ᠬᠠᠮᠵᠢᠯᠴᠠᠭᠠᠨ ᠤ ᠨᠡᠶᠢᠲᠡ ᠶᠢᠨ ᠭᠡᠷ᠎ᠡ︾  ᠶᠢᠨ ᠲᠥᠰᠥᠯ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠳ ᠭᠠᠷ ᠡᠷᠭᠦᠨ ᠰᠠᠨᠠᠯ ᠨᠢᠭᠡᠲᠡᠢ ᠪᠠᠲᠤᠯᠠᠪᠠ᠃ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠶᠠᠩ ᠯᠢ ᠲᠠᠪᠢᠨ ᠭᠤᠷᠪᠠᠳᠤᠭᠠᠷ ᠬᠤᠭᠤᠴᠠᠭᠠᠨ ᠤ ᠡᠭᠡᠯᠵᠢᠯᠡᠨ ᠵᠢᠵᠢᠭᠦᠷᠯᠡᠬᠦ ᠬᠤᠲᠠ ︵ᠠᠶᠢᠮᠠᠭ︶ ᠶᠢ ᠲᠥᠯᠥᠭᠡᠯᠡᠨ ᠬᠠᠮᠲᠤᠷᠠᠨ ᠰᠡᠷᠭᠡᠶᠢᠯᠡᠬᠦ ᠬᠠᠮᠵᠢᠯᠴᠠᠭᠠᠨ ᠤ ᠠᠵᠢᠯ ᠤᠨ ᠲᠤᠬᠠᠢ ᠪᠠᠷᠠᠯᠠᠪᠠ᠃ ᠳᠠᠷᠠᠭᠠᠴᠢ ᠶᠢᠨ ᠠᠯᠬᠤᠮ ᠳᠤ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠬᠤᠯᠪᠤᠭᠠᠯᠠᠨ ᠰᠡᠷᠭᠡᠶᠢᠯᠡᠬᠦ ᠬᠠᠮᠵᠢᠯᠴᠠᠭᠠᠨ ᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠬᠠᠮᠵᠢᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠨᠡᠩ ᠶᠡᠭᠡ ᠠᠮᠵᠢᠯᠲᠠ ᠣᠯᠬᠤ ᠪᠠᠷ ᠴᠢᠷᠮᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号