ᠤᠯᠠᠭᠠᠨᠴᠠᠪ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠭᠠᠭᠤᠯᠤᠭᠴᠢ ᠠᠵᠤ ᠠᠬᠤᠶᠢᠯᠠᠯ 40 ᠪᠣᠯᠪᠠ
ᠨᠡᠶᠢᠲᠡᠯᠡᠭᠰᠡᠨ ᠴᠠᠭ᠄
2023/7/10
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠶᠢᠰᠦᠨ ᠰᠠᠯᠠᠭ᠎ᠠ ᠮᠥᠴᠢᠷ ᠬᠠᠮᠲᠤᠷᠠᠨ ︽ᠶᠢᠰᠦᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠤᠨ ᠮᠠᠭᠠᠳᠯᠠᠨ ᠲᠣᠭᠲᠠᠭᠠᠭᠰᠠᠨ ᠨᠡᠷᠡᠰ ᠪᠠ ᠲᠦᠷᠦᠭᠦᠸ ᠨᠠᠢᠮᠠᠨ ᠪᠦᠯᠦᠭ ᠤᠨ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠤᠯᠠᠭᠠᠨᠴᠠᠪ ᠬᠤᠲᠠ ᠶᠢᠨ ᠠᠵᠠᠨ᠎ᠠ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠩ ᠾᠧ ᠰᠢᠶᠠᠨ ᠤ ᠾᠧ ᠣᠪᠣᠭᠲᠤ ᠶᠢᠨ ᠠᠮᠤ ᠲᠤᠰᠤᠨ ᠤ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠳᠥᠷᠪᠡᠳ ᠬᠤᠰᠢᠭᠤᠨ ᠤ ᠦᠨᠳᠦᠰᠦᠲᠡᠨ ᠤ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 18 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠭᠠᠭᠤᠯᠤᠭᠴᠢ ᠠᠵᠤ ᠠᠬᠤᠶᠢᠯᠠᠯ ᠢᠶᠠᠷ ᠰᠢᠨ᠎ᠡ ᠪᠠᠷ ᠮᠠᠭᠠᠳᠯᠠᠨ ᠲᠣᠭᠲᠠᠭᠠᠪᠠ᠂ ᠥᠪᠥᠷ ᠮᠣᠩᠭᠤᠯ ᠤᠨ ᠯᠠᠨ ᠭᠧ ᠭᠧ ᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠯᠢᠶᠡᠩᠴᠧᠩ ᠰᠢᠶᠠᠨ ᠤ ᠬᠠᠢ ᠭᠤᠸ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠰᠢ ᠰᠧᠨ ᠲᠥᠮᠥᠰᠥ ᠶᠢᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ 22 ᠠᠵᠤ ᠠᠬᠤᠶᠢᠯᠠᠯ ᠤᠨ ᠬᠢᠨᠠᠨ ᠬᠡᠮᠵᠢᠯᠲᠡ ᠳᠤ ᠬᠢᠷᠢ ᠲᠡᠩᠴᠡᠵᠦ᠂ ᠪᠥᠬᠦ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠭᠠᠭᠤᠯᠤᠭᠴᠢ ᠠᠵᠤ ᠠᠬᠤᠶᠢᠯᠠᠯ 40 ᠬᠦᠷᠴᠦ᠂ ᠨᠠᠢᠮᠠᠳᠤᠭᠠᠷ ᠪᠦᠯᠦᠭ ᠤᠨ ᠬᠢᠨᠠᠨ ᠬᠡᠮᠵᠢᠵᠦ ᠮᠠᠭᠠᠳᠯᠠᠨ ᠲᠣᠭᠲᠠᠭᠠᠭᠰᠠᠨ ᠨᠡᠷᠡᠰ ᠠᠴᠠ 7 ᠨᠡᠮᠡᠭᠳᠡᠵᠡᠢ᠃      ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ︽ᠳᠠᠭᠠᠭᠤᠯᠤᠭᠴᠢ︾ ᠶᠢ ᠲᠦᠷᠭᠡᠳᠬᠡᠨ ᠪᠣᠶᠢᠵᠢᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠰᠢᠨ᠎ᠡ ᠪᠠᠷ  ᠮᠠᠭᠠᠳᠯᠠᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠠᠭᠤᠯᠤᠭᠴᠢ ᠠᠵᠤ ᠠᠬᠤᠶᠢᠯᠠᠯ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠴᠠ ᠳᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠬᠦᠰᠡᠵᠦ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号