ᠲᠠᠷᠢᠶᠠᠯᠠᠩ ᠤᠨ ᠮᠠᠰᠢᠨ ᠤ ᠶᠠᠰᠤ ᠴᠢᠨᠠᠷ ᠤᠨ ᠵᠠᠭᠠᠯᠳᠤᠯᠭ᠎ᠠ ᠳᠤ ᠪᠠᠶᠢᠩᠭᠤ ᠲᠣᠬᠢᠶᠠᠯᠳᠤᠳᠠᠭ ᠠᠰᠠᠭᠤᠯᠲᠠ ᠬᠠᠷᠢᠭᠤᠯᠲᠠ ︵ᠭᠤᠷᠪᠠ︶
ᠨᠡᠶᠢᠲᠡᠯᠡᠭᠰᠡᠨ ᠴᠠᠭ᠄
2023/7/10
      1.ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭᠠᠨ ᠳᠤ ᠦᠢᠯᠡᠳᠬᠦᠨ ᠤ ᠶᠠᠰᠤ ᠴᠢᠨᠠᠷ ᠤᠨ ᠠᠰᠠᠭᠤᠳᠠᠯ ᠭᠠᠷᠪᠠᠯ ᠬᠡᠨ ᠢᠶᠠᠷ ᠬᠠᠷᠢᠭᠤᠴᠠᠭᠤᠯᠪᠠᠯ ᠵᠣᠬᠢᠬᠤ ᠪᠤᠶ︖      ᠬᠠᠷᠢᠭᠤᠯᠲᠠ᠄ ᠲᠠᠷᠢᠶᠠᠯᠠᠩ ᠤᠨ ᠮᠠᠰᠢᠨ ᠤ ᠦᠢᠯᠡᠳᠭᠦᠨ ᠳᠤ ᠬᠡᠨ ᠪᠣᠷᠣᠯᠠᠭᠤᠯᠪᠠᠯ ᠬᠡᠨ ᠭᠤᠷᠪᠠ ᠶᠢ ᠳᠠᠭᠠᠭᠠᠴᠢᠯᠠᠬᠤ ᠦᠢᠯᠡᠴᠢᠯᠡᠭᠡ ᠶᠢ ᠬᠠᠷᠢᠭᠤᠴᠠᠬᠤ ᠵᠠᠷᠴᠢᠮ ᠢ ᠬᠡᠷᠡᠭᠵᠢᠭᠦᠯᠦᠨ᠎ᠡ᠃ ᠪᠣᠷᠣᠯᠠᠭᠤᠯᠤᠭᠴᠢ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠪᠠᠷᠠᠭ᠎ᠠ ᠶᠢ ᠰᠣᠯᠢᠬᠤ ᠪᠤᠶᠤ ᠪᠤᠴᠠᠭᠠᠭᠰᠠᠨ ᠤ ᠳᠠᠷᠠᠭ᠎ᠠ᠂ ᠦᠢᠯᠡᠳᠪᠦᠷᠢᠯᠡᠭᠴᠢ ᠶᠢᠨ ᠬᠠᠷᠢᠭᠤᠴᠠᠯᠭ᠎ᠠ ᠪᠣᠯᠬᠤ ᠳᠤ ᠬᠦᠷᠪᠡᠯ᠂ ᠬᠠᠤᠯᠢ ᠶᠣᠰᠣᠭᠠᠷ ᠦᠢᠯᠡᠳᠪᠦᠷᠢᠯᠡᠭᠴᠢ ᠠᠴᠠ ᠲᠥᠯᠥᠪᠦᠷᠢ ᠨᠡᠬᠡᠵᠦ ᠪᠣᠯᠣᠨ᠎ᠠ᠃ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭᠠᠨ ᠳᠤ ᠰᠡᠯᠪᠢᠨ ᠵᠠᠰᠠᠭᠴᠢ ᠶᠢᠨ ᠠᠯᠳᠠᠭ᠎ᠠ ᠠᠴᠠ ᠪᠣᠯᠵᠤ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠪᠠ ᠣᠷᠣᠯᠠᠨ ᠰᠡᠯᠪᠢᠨ ᠵᠠᠰᠠᠬᠤ ᠭᠡᠷ᠎ᠡ ᠶᠢᠨ ᠶᠣᠰᠣᠭᠠᠷ ᠬᠠᠷᠢᠭᠤᠴᠠᠯᠭ᠎ᠠ ᠡᠭᠦᠷᠭᠡᠯᠡᠨ᠎ᠡ᠃      2.ᠲᠠᠷᠢᠶᠠᠯᠠᠩ ᠤᠨ ᠮᠠᠰᠢᠨ ᠦᠢᠯᠡᠳᠪᠦᠷᠢᠯᠡᠭᠴᠢ ᠶᠠᠮᠠᠷ ᠶᠠᠮᠠᠷ ᠡᠭᠦᠷᠭᠡ ᠶᠢ ᠭᠦᠢᠴᠡᠳᠬᠡᠬᠦ ᠬᠡᠷᠡᠭᠲᠡᠢ ᠪᠤᠢ︖      ᠬᠠᠷᠢᠭᠤᠯᠲᠠ᠄ ᠭᠤᠣᠯᠳᠠᠭᠤ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠦᠢᠯᠡᠳᠬᠦᠨ ᠢ ᠪᠣᠷᠣᠯᠠᠭᠤᠯᠬᠤ ᠦᠭᠡᠢ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠬᠠᠮᠢᠶᠠᠷᠤᠯᠲᠠ ︵ᠵᠢᠱᠢᠶᠡᠯᠡᠪᠡᠯ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠪᠤᠶᠤ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠭᠡᠷᠡᠴᠢᠯᠡᠯ ᠤᠨ ᠬᠠᠮᠢᠶᠠᠷᠤᠯᠲᠠ︶ ᠶᠢᠨ ᠲᠣᠭᠲᠠᠭᠠᠯ ᠳᠤ ᠨᠡᠶᠢᠴᠡᠬᠦ ᠦᠭᠡᠢ ᠦᠢᠯᠡᠳᠬᠦᠨ ᠢ ᠪᠣᠷᠣᠯᠠᠭᠤᠯᠬᠤ ᠦᠭᠡᠢ︔ ᠦᠢᠯᠡᠳᠬᠦᠨ ᠤ ᠬᠢᠷᠢ ᠲᠡᠩᠴᠡᠭᠰᠡᠨ ᠭᠡᠷᠡᠴᠢ᠂ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠪᠠ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠭᠡᠷᠡᠴᠢ ᠵᠡᠷᠭᠡ ᠲᠠᠰᠢᠷᠠᠮ ᠤᠨ ᠪᠢᠴᠢᠭ ᠮᠠᠲ᠋ᠧᠷᠢᠶᠠᠯ ᠢ ᠪᠦᠷᠢᠳᠦᠭᠦᠯᠦᠨ᠎ᠡ︔ ᠪᠣᠷᠣᠯᠠᠭᠤᠯᠬᠤ ᠣᠷᠣᠨ ᠪᠦᠰᠡ ᠳᠤ ᠰᠡᠯᠪᠢᠨ ᠵᠠᠰᠠᠬᠤ ᠲᠣᠣᠷ ᠴᠡᠭ ᠪᠠᠶᠢᠭᠤᠯᠬᠤ ᠶᠢᠨ ᠬᠠᠮᠲᠤ ᠲᠡᠭᠦᠨ ᠯᠦᠭᠡ ᠲᠠᠷᠢᠶᠠᠯᠠᠩ ᠤᠨ ᠮᠠᠰᠢᠨ ᠤ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠪᠣᠯᠵᠣᠨ ᠲᠣᠭᠲᠠᠭᠠᠨ᠎ᠠ︔ ᠲᠠᠷᠢᠶᠠᠯᠠᠩ ᠤᠨ ᠮᠠᠰᠢᠨ ᠤ ᠦᠢᠯᠡᠳᠬᠦᠨ ᠤ ᠦᠢᠯᠡᠳᠪᠦᠷᠢᠯᠡᠯ ᠢ ᠵᠣᠭᠰᠣᠭᠠᠭᠰᠠᠨ ᠤ ᠲᠠᠷᠠᠭ᠎ᠠ᠂ ᠲᠠᠪᠤᠨ ᠵᠢᠯ ᠤᠨ ᠳᠣᠲᠣᠷ᠎ᠠ ᠰᠡᠯᠪᠢᠭ ᠲᠤᠨᠤᠭ ᠢ ᠦᠷᠭᠦᠯᠵᠢᠯᠡᠨ ᠬᠠᠩᠭᠠᠬᠤ ᠶᠢ ᠪᠠᠲᠤᠯᠠᠨ᠎ᠠ︔ ᠬᠡᠷᠡᠭᠯᠡᠭᠴᠢᠳ ᠤᠨ ᠵᠠᠭᠠᠯᠳᠤᠬᠤ᠂ ᠪᠠᠶᠢᠴᠠᠭᠠᠨ ᠯᠠᠪᠯᠠᠬᠤ᠂ ᠦᠢᠯᠡᠴᠢᠯᠡᠭᠡ ᠬᠠᠩᠭᠠᠬᠤ ᠶᠢ ᠲᠣᠬᠢᠲᠠᠢ ᠰᠢᠢᠳᠪᠦᠷᠢᠯᠡᠬᠦ ᠶᠢᠨ ᠬᠠᠮᠲᠤ ᠲᠠᠷᠢᠶᠠᠯᠠᠩ ᠤᠨ ᠶᠠᠭᠠᠷᠠᠤ ᠤᠯᠠᠷᠢᠯ ᠳᠤ ᠡᠯ᠎ᠡ ᠵᠦᠢᠯ ᠤᠨ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠠᠰᠠᠭᠤᠳᠠᠯ ᠢ ᠴᠠᠭ ᠲᠤᠬᠠᠢ  ᠳᠤᠨᠢ ᠰᠢᠢᠳᠪᠦᠷᠢᠯᠡᠨ᠎ᠡ᠃ ︽ᠲᠠᠷᠢᠶᠠᠯᠠᠩ ᠤᠨ ᠮᠠᠰᠢᠨ ᠤ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠲᠣᠭᠲᠠᠭᠠᠯ︾ ᠤᠨ ᠬᠤᠶᠠᠳᠤᠭᠠᠷ ᠪᠦᠯᠦᠭ ᠲᠤ ᠨᠠᠷᠢᠪᠴᠢᠯᠠᠨ ᠦᠵᠡᠭᠡᠷᠡᠢ᠃      3.ᠲᠠᠷᠢᠶᠠᠯᠠᠩ ᠤᠨ ᠮᠠᠰᠢᠨ ᠪᠣᠷᠣᠯᠠᠭᠤᠯᠤᠭᠴᠢ ᠶᠠᠮᠠᠷ ᠶᠠᠮᠠᠷ ᠡᠭᠦᠷᠭᠡ ᠶᠢ ᠭᠦᠢᠴᠡᠳᠬᠡᠬᠦ ᠬᠡᠷᠡᠭᠲᠡᠢ ᠪᠤᠢ︖      ᠬᠠᠷᠢᠭᠤᠯᠲᠠ᠄ ᠡᠭᠦᠨ ᠳᠤ ᠭᠤᠣᠯᠳᠠᠭᠤ᠄ ᠪᠠᠷᠠᠭ᠎ᠠ ᠣᠷᠣᠭᠤᠯᠬᠤ ᠶᠢ ᠪᠠᠶᠢᠴᠠᠭᠠᠵᠤ ᠰᠢᠯᠭᠠᠨ ᠠᠪᠬᠤ ᠳᠦᠷᠢᠮ ᠢ ᠬᠡᠷᠡᠭᠵᠢᠭᠦᠯᠬᠦ︔ ᠪᠣᠷᠤᠯᠠᠭᠤᠯᠭ᠎ᠠ ᠶᠢᠨ ᠲᠡᠮᠳᠡᠭᠯᠡᠯ ᠤᠨ ᠳᠦᠷᠢᠮ ᠢ ᠪᠠᠶᠢᠭᠤᠯᠬᠤ ᠶᠢᠨ ᠬᠠᠮᠲᠤ ᠮᠡᠳᠡᠭᠳᠡᠬᠦ ᠡᠭᠦᠷᠭᠡ ︵ᠡᠭᠦᠨ ᠳᠤ ᠦᠢᠯᠡᠳᠬᠦᠨ ᠤ ᠬᠡᠷᠡᠭᠴᠡᠭᠡ᠂ ᠬᠡᠷᠡᠭᠯᠡᠬᠦ ᠬᠡᠪᠴᠢᠶ᠎ᠡ᠂ ᠴᠢᠳᠠᠮᠵᠢ ᠶᠢ ᠮᠡᠳᠡᠭᠳᠡᠬᠦ︔ ᠭᠤᠣᠯ ᠮᠠᠰᠢᠨ ᠪᠣᠯᠣᠨ ᠮᠠᠰᠢᠨ ᠪᠠᠭᠠᠵᠢ ᠶᠢ ᠵᠥᠪ ᠣᠨᠣᠪᠴᠢᠲᠠᠶ ᠲᠣᠬᠢᠷᠠᠭᠤᠯᠬᠤ︔ ᠦᠢᠯᠡᠳᠬᠦᠨ ᠤ ᠶᠠᠪᠤᠭᠰᠠᠨ ᠥᠩᠭᠡᠷᠡᠯᠲᠡ ᠪᠤᠶᠤ ᠠᠵᠢᠯᠯᠠᠭᠰᠠᠨ ᠴᠠᠭ ᠵᠡᠷᠭᠡ︶︔ ᠦᠢᠯᠡᠳᠬᠦᠨ ᠢᠶᠠᠨ ᠲᠤᠰᠢᠶᠠᠬᠤ ᠡᠭᠦᠷᠭᠡ ᠪᠠᠨ ᠭᠦᠢᠴᠡᠳᠬᠡᠬᠦ︔ ᠰᠡᠯᠪᠢᠨ ᠵᠠᠰᠠᠬᠤ ᠬᠠᠷᠢᠭᠤᠴᠠᠯᠭ᠎ᠠ ᠵᠢᠴᠢ ᠲᠠᠷᠢᠶᠠᠯᠠᠩ ᠤᠨ ᠶᠠᠭᠠᠷᠠᠤ ᠤᠯᠠᠷᠢᠯ ᠳᠤ ᠡᠯ᠎ᠡ ᠵᠦᠢᠯ ᠤᠨ ᠰᠠᠭᠠᠳ ᠲᠣᠳᠬᠠᠷ ᠢ ᠴᠠᠭ ᠲᠤᠬᠠᠢ  ᠳᠤᠨᠢ ᠠᠷᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠶᠠᠰᠤ ᠴᠢᠨᠠᠷ ᠤᠨ ᠠᠰᠠᠭᠤᠳᠠᠯ ᠤᠨ ᠲᠤᠬᠠᠢ ᠠᠰᠠᠭᠤᠨ ᠯᠠᠪᠯᠠᠬᠤ᠂ ᠪᠠᠶᠢᠴᠠᠭᠠᠨ ᠯᠠᠪᠯᠠᠬᠤ ᠪᠠ ᠵᠠᠭᠠᠯᠳᠤᠬᠤ ᠶᠠᠪᠤᠳᠠᠯ ᠢ ᠲᠣᠬᠢᠲᠠᠢ ᠰᠢᠢᠳᠪᠦᠷᠢᠯᠡᠬᠦ ᠶᠢ ᠪᠠᠭᠲᠠᠭᠠᠨ᠎ᠠ᠃ ︽ᠲᠠᠷᠢᠶᠠᠯᠠᠩ ᠤᠨ ᠮᠠᠰᠢᠨ ᠤ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠲᠣᠭᠲᠠᠭᠠᠯ︾ ᠤᠨ ᠭᠤᠷᠪᠠᠳᠤᠭᠠᠷ ᠪᠦᠯᠦᠭ ᠲᠤ ᠨᠠᠷᠢᠪᠴᠢᠯᠠᠨ ᠦᠵᠡᠭᠡᠷᠡᠢ᠃      4.ᠲᠠᠷᠢᠶᠠᠯᠠᠩ ᠤᠨ ᠮᠠᠰᠢᠨ ᠢ ᠰᠡᠯᠪᠢᠨ ᠵᠠᠰᠠᠭᠴᠢ ᠶᠠᠮᠠᠷ ᠶᠠᠮᠠᠷ ᠡᠭᠦᠷᠭᠡ ᠶᠢ ᠭᠦᠢᠴᠡᠳᠬᠡᠬᠦ ᠬᠡᠷᠡᠭᠲᠡᠢ ᠪᠤᠢ︖      ᠬᠠᠷᠢᠭᠤᠯᠲᠠ᠄ ᠡᠭᠦᠨ ᠳᠤ ᠭᠤᠣᠯᠳᠠᠭᠤ᠄ ᠭᠡᠷ᠎ᠡ ᠶᠢᠨ ᠲᠣᠭᠲᠠᠭᠠᠯ ᠶᠣᠰᠣᠭᠠᠷ ᠵᠠᠰᠠᠪᠤᠷᠢ ᠶᠢᠨ ᠵᠠᠷᠤᠳᠠᠯ ᠪᠠ ᠰᠡᠯᠪᠢᠭ ᠲᠤᠨᠤᠭ ᠵᠠᠰᠠᠬᠤ ᠶᠢ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭᠠᠨ ᠳᠤ ᠵᠠᠰᠠᠨ ᠬᠡᠷᠡᠭᠯᠡᠬᠦ ᠶᠢ ᠪᠠᠲᠤᠯᠠᠨ᠎ᠠ︔ ᠲᠣᠭᠲᠠᠭᠰᠠᠨ ᠰᠦᠢᠳᠬᠡᠯ ᠬᠤᠷᠢᠶᠠᠬᠤ ᠦᠭᠡᠢ ᠪᠠᠷ ᠰᠡᠯᠪᠢᠨ ᠵᠠᠰᠠᠬᠤ ᠡᠭᠦᠷᠭᠡ ᠶᠢ ᠭᠦᠢᠴᠡᠳᠬᠡᠵᠦ᠂ ᠦᠢᠯᠡᠳᠪᠦᠷᠢᠯᠡᠭᠴᠢ᠂ ᠪᠣᠷᠣᠯᠠᠭᠤᠯᠤᠭᠴᠢ ᠶᠢᠨ ᠬᠢᠨᠠᠯᠲᠠ ᠶᠢ ᠬᠦᠯᠢᠶᠡᠨ᠎ᠡ︔ ᠰᠡᠯᠪᠢᠭ ᠲᠤᠨᠤᠭ ᠤᠨ ᠪᠠᠷᠠᠭ᠎ᠠ ᠣᠷᠣᠭᠤᠯᠬᠤ ᠶᠢ ᠪᠠᠶᠢᠴᠠᠭᠠᠵᠤ ᠰᠢᠯᠭᠠᠨ ᠠᠪᠬᠤ ᠳᠦᠷᠢᠮ ᠢ ᠬᠡᠷᠡᠭᠵᠢᠭᠦᠯᠬᠦ ᠳᠡᠭᠡᠨ ᠶᠠᠰᠤ ᠴᠢᠨᠠᠷ ᠨᠢ ᠬᠢᠷᠢ ᠲᠡᠩᠴᠡᠬᠦ ᠦᠭᠡᠢ ᠰᠡᠯᠪᠢᠭ ᠲᠤᠨᠤᠭ ᠢ ᠬᠡᠷᠡᠭᠯᠡᠵᠦ ᠪᠣᠯᠬᠤ ᠦᠭᠡᠢ︔ ᠰᠡᠯᠪᠢᠨ ᠵᠠᠰᠠᠭᠰᠠᠨ ᠲᠡᠮᠳᠡᠭᠯᠡᠯ ᠢ ᠪᠦᠷᠢᠨ ᠪᠦᠲᠦᠨ᠂ ᠦᠨᠡᠨ ᠪᠣᠳᠠᠲᠠᠢ᠂ ᠲᠣᠳᠣᠷᠬᠠᠢ ᠰᠠᠶᠢᠲᠤᠷ ᠬᠢᠬᠦ ᠬᠡᠷᠡᠭᠲᠡᠢ︔ ᠰᠡᠯᠪᠢᠨ ᠵᠠᠰᠠᠭᠰᠠᠨ ᠤ ᠳᠠᠷᠠᠭ᠎ᠠ ᠲᠤᠷᠰᠢᠯᠲᠠ ᠶᠢᠨ ᠮᠠᠰᠢᠨ ᠬᠡᠪ ᠤᠨ ᠶᠣᠰᠣᠭᠠᠷ ᠠᠵᠢᠯᠯᠠᠭᠰᠠᠨ ᠤ ᠳᠠᠷᠠᠭ᠎ᠠ ᠬᠡᠷᠡᠭᠯᠡᠭᠴᠢ ᠳᠤ ᠦᠯᠡᠳᠭᠦᠨ ᠢᠶᠠᠨ ᠲᠤᠰᠢᠶᠠᠨ ᠥᠭᠴᠦ᠂ ᠰᠡᠯᠪᠢᠨ ᠵᠠᠰᠠᠭᠰᠠᠨ ᠲᠡᠮᠳᠡᠭᠯᠡᠯ ᠢᠶᠠᠨ ᠰᠢᠯᠭᠠᠭᠤᠯᠵᠤ᠂ ᠰᠡᠯᠪᠢᠨ ᠵᠠᠰᠠᠬᠤ ᠶᠠᠰᠤ ᠴᠢᠨᠠᠷ ᠤᠨ ᠪᠠᠲᠤᠯᠠᠭ᠎ᠠ ᠶᠢᠨ ᠬᠤᠭᠤᠴᠠᠭ᠎ᠠ ᠶᠢ ᠪᠣᠯᠵᠣᠨ ᠲᠣᠭᠲᠠᠭᠠᠨ᠎ᠠ︔ ᠪᠠᠶᠢᠩᠭᠤ ᠬᠡᠷᠡᠭᠯᠡᠬᠦ ᠰᠡᠯᠪᠢᠨ ᠵᠠᠰᠠᠬᠤ ᠰᠡᠯᠪᠢᠭ ᠲᠣᠨᠤᠭ ᠢ ᠵᠦᠢ ᠵᠣᠬᠢᠰᠲᠠᠢ ᠨᠥᠭᠡᠴᠡᠯᠡᠬᠦ ᠪᠠ ᠰᠡᠯᠪᠢᠨ ᠵᠠᠰᠠᠬᠤ ᠴᠢᠳᠠᠪᠤᠷᠢ ᠶᠢ ᠪᠠᠲᠤᠯᠠᠵᠤ᠂ ᠲᠠᠷᠢᠶᠠᠨ ᠠᠵᠢᠯ ᠤᠨ ᠶᠠᠭᠠᠷᠠᠯᠲᠠᠢ ᠤᠯᠠᠷᠢᠯ ᠳᠤ ᠰᠠᠭᠠᠳ ᠲᠣᠳᠬᠠᠷ ᠢ ᠴᠠᠭ ᠲᠤᠬᠠᠢ ᠳᠤᠨᠢ ᠠᠷᠢᠯᠭᠠᠬᠤ ᠶᠢ ᠦᠨᠡᠨᠬᠦ ᠪᠠᠲᠤᠯᠠᠨ᠎ᠠ᠃ ᠭᠡᠷ  ᠲᠤᠨᠢ ᠬᠦᠷᠴᠦ ᠰᠡᠯᠪᠢᠨ ᠵᠠᠰᠠᠬᠤ ᠪᠠ ᠤᠲᠠᠰᠤ ᠪᠠᠷ ᠠᠰᠠᠭᠤᠨ ᠯᠠᠪᠯᠠᠬᠤ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠰᠡᠯᠪᠢᠨ ᠵᠠᠰᠠᠬᠤ ᠶᠢᠨ ᠪᠠᠶᠢᠴᠠᠭᠠᠨ ᠯᠠᠪᠯᠠᠬᠤ ᠪᠠ ᠰᠡᠯᠪᠢᠨ ᠵᠠᠰᠠᠬᠤ ᠶᠠᠰᠤ ᠴᠢᠨᠠᠷ ᠤᠨ ᠲᠤᠬᠠᠢ ᠲᠠᠷᠢᠶᠠᠯᠠᠩ ᠤᠨ ᠮᠠᠰᠢᠨ ᠬᠡᠷᠡᠭᠯᠡᠭᠴᠢᠳ ᠤᠨ ᠵᠠᠭᠠᠯᠳᠤᠯᠭ᠎ᠠ ᠶᠢ ᠲᠣᠬᠢᠲᠠᠢ ᠰᠢᠢᠳᠪᠦᠷᠢᠯᠡᠬᠦ ᠶᠢ ᠪᠠᠭᠲᠠᠭᠠᠨ᠎ᠠ᠃ ︽ᠲᠠᠷᠢᠶᠠᠯᠠᠩ ᠤᠨ ᠮᠠᠰᠢᠨ ᠤ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠲᠣᠭᠲᠠᠭᠠᠯ︾ ᠤᠨ ᠳᠥᠷᠪᠡᠳᠦᠭᠡᠷ ᠪᠦᠯᠦᠭ ᠲᠤ ᠨᠠᠷᠢᠪᠴᠢᠯᠠᠨ ᠦᠵᠡᠭᠡᠷᠡᠢ᠃      5. ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭ᠎ᠠ ᠶᠢ ᠬᠡᠷᠬᠢᠨ ᠪᠣᠳᠤᠬᠤᠪᠣᠢ︖      ᠬᠠᠷᠢᠭᠤᠯᠲᠠ᠄ ᠪᠣᠷᠣᠯᠠᠭᠤᠯᠤᠭᠴᠢ ᠮᠠᠰᠢᠨ ᠬᠤᠳᠠᠯᠳᠤᠨ ᠠᠪᠤᠭᠰᠠᠨ ᠪᠠᠷᠢᠮᠲᠠ ᠪᠢᠴᠢᠵᠦ ᠥᠭᠭᠦᠭᠰᠡᠨ ᠡᠳᠦᠷ ᠠᠴᠠ ᠡᠬᠢᠯᠡᠵᠦ ᠪᠤᠳᠤᠨ᠎ᠠ᠃ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭ᠎ᠠ ᠳᠤ ᠪᠦᠬᠦᠯᠢ ᠮᠠᠰᠢᠨ ᠤ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭ᠎ᠠ᠂ ᠭᠤᠣᠯ ᠤᠭᠰᠠᠷᠠᠭ᠎ᠠ ᠲᠣᠨᠤᠭ ᠤᠨ ᠶᠠᠰᠤ ᠴᠢᠨᠠᠷ ᠢ ᠪᠠᠲᠤᠯᠠᠬᠤ ᠬᠤᠭᠤᠴᠠᠭ᠎ᠠ᠂ ᠠᠮᠠᠷᠬᠠᠨ ᠡᠪᠳᠡᠷᠡᠬᠦ ᠲᠣᠨᠤᠭ ᠪᠠ ᠪᠤᠰᠤᠳ ᠰᠡᠯᠪᠢᠭ ᠲᠣᠨᠤᠭ ᠤᠨ ᠶᠠᠰᠤ ᠴᠢᠨᠠᠷ ᠢ ᠪᠠᠲᠤᠯᠠᠬᠤ ᠬᠤᠭᠤᠴᠠᠭ᠎ᠠ ᠪᠠᠭᠲᠠᠨ᠎ᠠ᠃ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭᠠᠨ ᠳᠤ ᠪᠣᠷᠣᠯᠠᠭᠤᠯᠤᠭᠴᠢ ᠭᠤᠷᠪᠠ   ᠶᠢ ᠳᠠᠭᠠᠭᠠᠴᠢᠯᠠᠬᠤ ᠦᠢᠯᠡᠴᠢᠯᠡᠭᠡᠨ ᠤ ᠡᠭᠦᠷᠭᠡ ᠪᠠᠨ ᠭᠦᠢᠴᠡᠳᠬᠡᠬᠦ ᠦᠭᠡᠢ᠂ ᠡᠰᠡᠬᠦᠯ᠎ᠡ ᠲᠠᠷᠢᠶᠠᠯᠠᠩ ᠤᠨ ᠮᠠᠰᠢᠨ ᠤ ᠦᠢᠯᠡᠳᠬᠦᠨ ᠳᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠪᠤᠶᠤ ᠬᠢᠨᠠᠨ ᠲᠣᠭᠲᠠᠭᠠᠯᠲᠠ ᠬᠢᠬᠦ ᠴᠢᠬᠤᠯᠠ ᠲᠠᠢ ᠪᠣᠯ ᠭᠤᠷᠪᠠ ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭ᠎ᠠ ᠶᠢ ᠲᠠᠷᠢᠶᠠᠯᠠᠩ ᠤᠨ ᠮᠠᠰᠢᠨ ᠬᠡᠷᠡᠭᠯᠡᠭᠴᠢᠳ ᠤᠨ ᠭᠤᠶᠤᠴᠢᠯᠠᠭᠰᠠᠨ ᠡᠳᠦᠷ ᠠᠴᠠ ᠡᠬᠢᠯᠡᠵᠦ ᠪᠤᠳᠤᠨ᠎ᠠ᠂ ᠭᠤᠷᠪᠠ   ᠶᠢ ᠳᠠᠭᠠᠭᠠᠴᠢᠯᠠᠬᠤ ᠦᠢᠯᠡᠴᠢᠯᠡᠭᠡᠨ ᠤ ᠬᠦᠴᠦᠨ ᠲᠠᠢ ᠬᠤᠭᠤᠴᠠᠭ᠎ᠠ ᠶᠢ ᠳᠣᠷᠭᠤᠨ ᠵᠣᠭᠰᠣᠭᠠᠭᠰᠠᠨ ᠡᠳᠦᠷ ᠤᠨ ᠲᠤᠭ᠎ᠠ ᠪᠠᠷ ᠤᠷᠲᠤᠳᠬᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号