ᠭᠤᠣᠯ ᠰᠡᠳᠦᠪᠲᠦ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠵᠠᠷ ᠰᠢᠷᠣᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠡᠭᠦᠯᠳᠡᠷ ᠤᠨ ᠢᠷᠡᠯᠲᠡ᠂ ᠤᠰᠤ᠂ ᠡᠪᠡᠰᠦ ᠵᠡᠷᠭᠡ ᠲᠠᠯ᠎ᠠ ᠠᠴᠠ ᠭᠠᠷᠳᠠᠨ᠂ ᠲᠠᠷᠢᠶᠠᠯᠠᠩ ᠮᠠᠯ ᠠᠵᠤ | ᠠᠬᠤᠢ ᠶᠢᠨ ᠣᠷᠣᠨ ᠪᠦᠰᠡ ᠶᠢᠨ ᠪᠠᠶᠢᠷᠢᠰᠢᠭᠤᠯᠤᠯ ᠪᠣᠯᠣᠨ ᠦᠢᠯᠡᠳᠪᠦᠷᠢᠯᠡᠯ ᠤᠨ ᠪᠦᠲᠦᠴᠡ ᠶᠢ ᠯᠠᠪᠳᠠᠭᠤᠨ ᠢᠶᠠᠷ | ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠯᠬᠢᠨ | ᠠᠬᠢᠭᠤᠯᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠭᠦᠯᠬᠦ ᠶᠢᠨ ᠲᠦᠯᠦᠭᠡ᠂ 7 | ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠴᠠᠷᠭᠠᠰᠤ ᠶᠢᠨ ᠲᠠᠷᠢᠮᠠᠯ ᠤᠨ ᠠᠵᠢᠯ ᠤᠨ ᠲᠤᠬᠠᠢ ᠶᠢᠨ | ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠭᠤᠯᠪᠠ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠢ ᠡᠷᠭᠢᠯᠡᠭᠰᠡᠨ ᠪᠥᠭᠡᠳ | ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | | | | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠵᠧᠩ ᠱᠢ ᠠᠮᠢ ᠠᠬᠤᠢ ᠶᠢᠨ ᠲᠠᠷᠢᠶᠠᠯᠠᠩ ᠤᠨ ᠲᠦᠮᠡᠨ | ᠮᠦ ᠶᠢᠨ ᠠᠮᠢ ᠠᠬᠤᠢ ᠶᠢᠨ ᠨᠣᠭᠤᠭᠠᠨ ᠬᠤᠩᠭᠢᠯ᠂ ᠶᠢᠦ ᠷᠠᠨ ᠮᠠᠯ ᠠᠵᠤ ᠠᠬᠤᠢ ᠶᠢᠨ ᠰᠢᠶᠣᠣ ᠯᠢ ᠪᠦᠦ ᠠᠮᠢ | ᠠᠬᠤᠢ ᠶᠢᠨ ᠮᠠᠯᠵᠢᠯ ᠤᠨ ᠲᠠᠯᠠᠪᠠᠢ᠂ ᠮᠧᠩ ᠼᠤᠤ ᠪᠦᠯᠦᠭᠯᠡᠯ ᠤᠨ ᠭᠸᠦ ᠽᠢ ᠪᠠᠨ ᠤ ᠴᠠᠷᠭᠠᠰᠤ ᠶᠢᠨ ᠦᠷ᠎ᠡ ᠶᠢ | ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ᠂ ᠵᠧᠩ ᠱᠢ ᠲᠠᠷᠢᠶᠠᠯᠠᠩ ᠤᠨ ᠲᠠ ᠪᠦ᠋ ᠰᠠᠢ ᠰᠠᠭᠤᠷᠢᠨ ᠭᠠᠵᠠᠷ ᠢᠶᠠᠷ | ᠲᠣᠭᠤᠷᠢᠨ ᠦᠵᠡᠵᠦ᠂ ᠴᠠᠷᠭᠠᠰᠤ ᠶᠢᠨ ᠦᠷ᠎ᠡ ᠪᠣᠶᠢᠵᠢᠭᠤᠯᠬᠤ᠂ ᠲᠠᠷᠢᠬᠤ᠂ ᠬᠠᠳᠤᠬᠤ᠂ ᠪᠣᠯᠪᠠᠰᠤᠷᠠᠭᠤᠯᠬᠤ᠂ ᠲᠡᠵᠢᠭᠡᠬᠦ | ᠪᠦᠬᠦ ᠠᠵᠤ ᠦᠢᠯᠡᠰ ᠤᠨ ᠬᠡᠯᠬᠢᠶᠡᠨ ᠤ ᠪᠠᠶᠢᠳᠠᠯ ᠢ ᠨᠠᠷᠢᠨ ᠣᠶᠢᠯᠠᠭᠠᠪᠠ᠃ ᠬᠤᠷᠠᠯ ᠠᠴᠠ ᠯᠦ ᠰᠢᠨ ᠱᠢ᠂ ᠶᠠᠩ ᠴᠢᠩ | ᠴᠤᠸᠠᠨ ᠪᠣᠯᠣᠨ ᠭᠡᠭᠡᠨᠲᠦ ᠭᠤᠷᠪᠠᠨ ᠫᠷᠤᠫᠧᠰᠰᠤᠷ ᠢ ᠤᠷᠢᠵᠤ ᠤᠯᠤᠰ ᠤᠨ ᠳᠣᠲᠣᠭᠠᠳᠤ ᠭᠠᠳᠠᠭᠠᠳᠤ ᠶᠢᠨ | ᠴᠠᠷᠭᠠᠰᠤ ᠶᠢᠨ ᠠᠵᠤ ᠦᠢᠯᠡᠰ ᠤᠨ ᠪᠠᠶᠢᠳᠠᠯ᠂ ᠤᠯᠤᠰ ᠲᠠᠭᠠᠨ ᠦᠢᠯᠡᠳᠪᠦᠷᠢᠯᠡᠭᠰᠡᠨ ᠴᠠᠷᠭᠠᠰᠤ ᠶᠢᠨ ᠡᠭᠦᠯᠳᠡᠷ | ᠪᠣᠶᠢᠵᠢᠭᠤᠯᠤᠯᠲᠠ ᠵᠢᠴᠢ ᠳᠡᠯᠭᠡᠷᠡᠭᠦᠯᠦᠯᠲᠡ᠂ ᠪᠦᠬᠦ ᠣᠷᠣᠨ ᠤ ᠴᠠᠷᠭᠠᠰᠤ ᠶᠢᠨ ᠡᠪᠡᠰᠦ ᠪᠣᠯᠪᠠᠰᠤᠷᠠᠭᠤᠯᠬᠤ ᠵᠡᠷᠭᠡ | ᠠᠭᠤᠯᠭ᠎ᠠ ᠶᠢᠨ ᠲᠣᠭᠤᠷᠢᠨ ᠳᠤ ᠭᠤᠣᠯ ᠰᠡᠳᠦᠪᠲᠦ ᠮᠡᠳᠡᠭᠦᠯᠦᠯᠲᠡ ᠬᠢᠯᠭᠡᠵᠦ᠂ ᠬᠥᠬᠡᠬᠤᠲᠠ᠂ ᠬᠥᠯᠥᠨ ᠪᠤᠶᠢᠷ ᠬᠤᠳᠠ᠂ | ᠤᠯᠠᠭᠠᠨᠬᠠᠳᠠ ᠬᠤᠳᠠ᠂ ᠪᠠᠶᠠᠨᠨᠠᠭᠤᠷ ᠬᠤᠳᠠ ᠵᠡᠷᠭᠡ 4 ᠠᠶᠢᠮᠠᠭ ᠬᠤᠳᠠ ᠪᠣᠯᠣᠨ ᠤᠳᠤ ᠦᠶ᠎ᠡ ᠶᠢᠨ ᠡᠪᠡᠰᠦᠨ ᠤ | ᠦᠢᠯᠡᠰ᠂ ᠢ ᠡᠾᠧ ᠯᠢᠦ᠋ ᠶᠢᠨ ᠵᠡᠷᠭᠡ 2 ᠠᠵᠤ ᠠᠬᠤᠶᠢᠯᠠᠯ ᠰᠣᠯᠢᠯᠴᠠᠭᠠᠨ ᠤ ᠶᠠᠷᠢᠶ᠎ᠠ ᠲᠠᠯᠪᠢᠵᠠᠢ᠃ | | | | | | ᠬᠤᠷᠠᠯ ᠠᠴᠠ᠂ ᠮᠠᠨ ᠤ ᠣᠷᠣᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠨᠢ ᠴᠠᠷᠭᠠᠰᠤ ᠶᠢᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠠᠴᠠ ᠰᠠᠯᠵᠤ ᠴᠢᠳᠠᠬᠤ ᠦᠭᠡᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠨᠡ ᠵᠢᠯ ᠤᠨ ᠪᠦᠬᠦ ᠣᠷᠣᠨ ᠤ | 60 ᠲᠦᠮᠡᠨ ᠮᠦ ᠴᠠᠷᠭᠠᠰᠤ ᠲᠠᠷᠢᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | | | | | | ᠬᠤᠷᠠᠯ ᠠᠴᠠ᠂ ᠠᠮᠢ ᠠᠬᠤᠢ ᠪᠣᠯᠣᠨ ᠦᠢᠯᠡᠳᠪᠦᠷᠢᠯᠡᠯ ᠢ ᠬᠠᠮᠵᠢᠯᠴᠠᠭᠤᠯᠤᠨ ᠬᠥᠭᠵᠢᠭᠦᠯᠬᠦ ᠶᠢ ᠪᠠᠷᠢᠮᠲᠠᠯᠠᠬᠤ | ᠬᠡᠷᠡᠭᠲᠡᠢ᠃ ︽ᠭᠠᠵᠠᠷ᠂ ᠤᠰᠤ᠂ ᠦᠷ᠎ᠡ︾ ᠭᠡᠬᠦ ᠭᠤᠷᠪᠠᠨ ᠵᠠᠩᠭᠢᠯᠠᠭ᠎ᠠ ᠲᠠᠢ ᠨᠢᠭᠲᠠ ᠤᠶᠠᠯᠳᠤᠭᠤᠯᠤᠨ᠂ | ︽ᠦᠢᠯᠡᠳᠪᠦᠷᠢᠯᠡᠬᠦ᠂ ᠰᠤᠷᠤᠯᠴᠠᠬᠤ᠂ ᠰᠤᠳᠤᠯᠬᠤ᠂ ᠠᠬᠢᠭᠤᠯᠬᠤ︾ ᠶᠢ ᠨᠢᠭᠲᠠ ᠤᠶᠠᠯᠳᠤᠭᠤᠯᠤᠭᠰᠠᠨ ᠴᠠᠷᠭᠠᠰᠤ ᠶᠢᠨ | ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ | ᠬᠦᠴᠦᠨ ᠢᠶᠠᠨ ᠲᠥᠪᠯᠡᠷᠡᠭᠦᠯᠦᠨ ᠮᠠᠨ ᠤ ᠣᠷᠣᠨ ᠳᠤ ᠲᠣᠬᠢᠷᠠᠬᠤ ᠥᠨᠳᠥᠷ ᠤᠨᠠᠯᠲᠠ ᠲᠠᠢ᠂ ᠬᠦᠢᠲᠡᠨ ᠳᠤ | ᠲᠡᠰᠪᠦᠷᠢᠲᠡᠢ ᠂ ᠭᠠᠩ ᠬᠠᠭᠰᠠᠷᠠᠭᠠᠨ ᠳᠤ ᠳᠠᠭᠠᠭᠠᠴᠠᠲᠠᠢ᠂ ᠬᠤᠵᠢᠷ ᠲᠤ ᠳᠠᠭᠠᠭᠠᠮᠠᠭᠠᠢ 3︱5 ᠭᠤᠣᠯ ᠡᠭᠦᠯᠳᠡᠷ ᠢ | ᠪᠣᠶᠢᠵᠢᠭᠤᠯᠵᠤ᠂ ᠴᠠᠷᠭᠠᠰᠤ ᠶᠢᠨ ᠤᠰᠤ ᠠᠷᠪᠢᠯᠠᠬᠤ ᠲᠠᠷᠢᠮᠠᠯ ᠢ ᠶᠡᠬᠡᠪᠡᠷ ᠳᠡᠯᠭᠡᠷᠡᠭᠦᠯᠵᠦ᠂ ᠴᠠᠷᠭᠠᠰᠤ ᠲᠠᠷᠢᠬᠤ ᠪᠠᠷ | ᠳᠡᠮᠵᠢᠨ ᠲᠠᠷᠢᠶᠠᠨ ᠭᠠᠵᠠᠷ ᠤᠨ ᠰᠢᠮ᠎ᠡ ᠶᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠵᠦ᠂ ᠠᠮᠢ ᠠᠬᠤᠢ ᠪᠠ | ᠦᠢᠯᠡᠳᠪᠦᠷᠢᠯᠡᠯ ᠤᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠭᠡᠷᠡᠭᠲᠡᠢ᠃ ᠠᠵᠤ ᠦᠢᠯᠡᠰᠵᠢᠯᠲᠡ ᠶᠢᠨ ᠪᠦᠬᠦ | ᠬᠡᠯᠬᠢᠶᠡᠨ ᠤ ᠬᠥᠭᠵᠢᠯᠲᠡ ᠶᠢ ᠪᠠᠷᠢᠮᠲᠠᠯᠠᠬᠤ ᠬᠡᠷᠡᠭᠲᠡᠢ᠃ ᠲᠣᠮᠣ ᠢᠳᠡᠭᠡᠨ ᠤ ᠦᠵᠡᠯᠲᠡ ᠶᠢ ᠪᠣᠶ ᠪᠣᠯᠭᠠᠵᠤ᠂ | ᠲᠡᠵᠢᠭᠡᠬᠦ ᠶᠢᠨ ᠲᠥᠯᠥᠭᠡ ᠳᠠᠷᠢᠵᠤ᠂ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠨ᠂ ᠮᠠᠯ ᠪᠡᠯᠴᠢᠭᠡᠷ ᠢ ᠨᠢᠭᠡ | ᠴᠣᠭᠴᠠᠵᠢᠭᠤᠯᠤᠨ ᠠᠬᠢᠭᠤᠯᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ | ᠬᠡᠷᠡᠭᠲᠡᠢ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠶᠡᠬᠡᠪᠡᠷ ᠪᠣᠶᠢᠵᠢᠭᠤᠯᠵᠤ᠂ ᠰᠦ᠂ ᠡᠪᠡᠰᠦᠨ ᠤ | ᠳᠠᠭᠠᠭᠤᠯᠤᠭᠴᠢ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠴᠠᠷᠭᠠᠰᠤ ᠶᠢᠨ ᠳᠠᠪᠠᠭᠤᠯᠢᠭ | ᠭᠠᠷᠤᠯᠲᠠ ᠶᠢᠨ ᠣᠷᠣᠨ ᠲᠡᠶᠢᠰᠢ ᠲᠥᠪᠯᠡᠷᠡᠭᠦᠯᠬᠦ ᠶᠢ ᠳᠡᠮᠵᠢᠵᠦ᠂ ᠳᠠᠷᠢᠬᠤ᠂ ᠬᠠᠳᠤᠵᠤ ᠬᠤᠷᠢᠶᠠᠬᠤ᠂ ᠪᠣᠯᠪᠠᠰᠤᠷᠠᠭᠤᠯᠬᠤ᠂ | ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠨ | ᠡᠵᠡᠩᠨᠡᠬᠦ ᠶᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠢᠶᠠᠷ ᠬᠥᠭᠵᠢᠯᠲᠡ ᠶᠢ ᠳᠠᠶᠢᠴᠢᠯᠠᠬᠤ ᠶᠢ ᠪᠠᠷᠢᠮᠲᠠᠯᠠᠬᠤ | ᠬᠡᠷᠡᠭᠲᠡᠢ᠃ ᠬᠦᠷᠢᠶᠡᠯᠡᠩ ᠲᠣᠭᠤᠷᠢᠭ ᠤᠨ ᠲᠥᠪᠯᠡᠷᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ | ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ | ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ ᠭᠤᠣᠯᠳᠠᠯᠭ᠎ᠠ ᠲᠠᠢ ᠬᠤᠰᠢᠭᠤ ᠰᠢᠶᠠᠨ ᠳᠤ ᠨᠢᠭᠡ ᠪᠦᠯᠦᠭ | ᠬᠡᠪᠴᠢᠶᠡᠵᠢᠭᠰᠡᠨ ᠥᠨᠳᠥᠷ ᠪᠠᠷᠢᠮᠵᠢᠶᠠᠲᠤ ᠥᠨᠳᠥᠷ ᠬᠢᠷᠢ ᠲᠦᠪᠰᠢᠨ ᠪᠦᠬᠦᠢ ᠴᠠᠷᠭᠠᠰᠤ ᠡᠪᠡᠰᠦᠨ ᠤ ᠲᠠᠷᠢᠶ᠎ᠠ ᠶᠢ | ᠡᠭᠦᠳᠦᠨ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ | ᠡᠷᠲᠡ ᠠᠴᠠ ᠲᠥᠯᠥᠪᠵᠢᠭᠦᠯᠵᠦ᠂ ᠡᠷᠲᠡ ᠠᠴᠠ ᠬᠥᠳᠡᠯᠵᠦ᠂ ᠴᠠᠷᠭᠠᠰᠤ ᠶᠢᠨ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠰᠠᠶᠢᠲᠤᠷ ᠬᠢᠵᠦ᠂ ᠰᠦ᠂ ᠡᠪᠡᠰᠦᠨ ᠤ ᠠᠵᠤ ᠠᠬᠤᠶᠢᠯᠠᠯ ᠤᠨ ᠠᠵᠠ ᠲᠣᠬᠢᠶᠠᠯᠳᠤ | ᠬᠤᠭᠤᠴᠠᠭ᠎ᠠ ᠶᠢ ᠠᠮᠵᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠴᠠᠷᠭᠠᠰᠤ ᠶᠢᠨ ᠠᠵᠤ ᠦᠢᠯᠡᠰ ᠤᠨ ᠬᠦᠴᠦᠷᠬᠡᠭᠵᠢᠨ ᠪᠤᠵᠠᠭᠠᠶᠢᠷᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠬᠤᠷᠠᠯ ᠠᠴᠠ ᠪᠠᠰᠠ ᠰᠦᠨ ᠤ ᠦᠢᠯᠡᠰ ᠤᠨ ᠠᠵᠢᠯ ᠳᠤ ᠤᠯᠠᠮ ᠴᠢᠨᠠᠭᠰᠢᠳᠠ ᠪᠠᠶᠢᠷᠢᠯᠠᠭᠤᠯᠤᠯᠲᠠ ᠬᠢᠵᠦ᠂ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢ ᠵᠢᠯᠣᠭᠤᠳᠤᠨ ᠲᠡᠳᠬᠦᠬᠦ ᠪᠠᠨ ᠴᠢᠩᠭᠠᠳᠬᠠᠵᠤ᠂ ᠲᠡᠵᠢᠭᠡᠨ | ᠦᠷᠡᠵᠢᠭᠦᠯᠬᠦ ᠲᠠᠯᠠᠪᠠᠢ ︵ᠡᠷᠦᠬᠡ︶ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠷ᠎ᠡ ᠠᠰᠢᠭ ᠢ | ᠲᠣᠭᠲᠠᠪᠤᠷᠢᠵᠢᠭᠤᠯᠬᠤ ᠬᠡᠷᠡᠭᠲᠡᠢ᠃ ᠲᠥᠷᠥᠯ ᠵᠦᠢᠯ ᠤᠨ ᠪᠡᠯᠡ ᠮᠥᠩᠭᠦ ᠶᠢ ᠰᠠᠯᠭᠠᠨ ᠥᠭᠬᠦ ᠶᠢ ᠲᠦᠷᠭᠡᠳᠬᠡᠵᠦ᠂ | ᠲᠡᠵᠢᠭᠡᠨ ᠦᠷᠡᠵᠢᠭᠦᠯᠬᠦ ᠲᠠᠯᠠᠪᠠᠶ ᠶᠢᠨ ᠡᠵᠡᠩᠨᠡᠯᠲᠡ ᠶᠢᠨ ᠳᠠᠷᠤᠯᠲᠠ ᠶᠢ ᠬᠦᠩᠭᠡᠷᠡᠭᠦᠯᠬᠦ ᠬᠡᠷᠡᠭᠲᠡᠢ᠃ ᠲᠦᠭᠦᠬᠡᠢ ᠰᠢᠨ᠎ᠡ | ᠰᠦ ᠬᠤᠳᠠᠯᠳᠤᠨ ᠠᠪᠬᠤ ᠪᠠ ᠪᠣᠷᠣᠯᠠᠭᠤᠯᠬᠤ ᠬᠤᠶᠠᠷ ᠲᠠᠯ᠎ᠠ ᠶᠢ ᠵᠢᠯᠤᠭᠤᠳᠴᠤ ᠪᠠᠶᠢᠭᠠᠳ ᠠᠷᠠᠯᠵᠢᠶᠠᠨ ᠤ | ᠯᠠᠪᠯᠠᠯᠲᠠ ᠶᠢᠨ ᠦᠨ᠎ᠡ ᠬᠠᠩᠰᠢ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠤᠷᠤᠰᠬᠠᠯ ᠤᠨ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠤᠨ ᠠᠰᠢᠭ ᠲᠤᠰᠠ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | | | | | | | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ | ᠪᠦᠬᠦᠢ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ | | | | | |