ᠣᠶᠢᠷ᠎ᠠ ᠳᠤ᠂ ︽ᠭᠠᠵᠠᠷ ᠰᠢᠷᠤᠢ ᠪᠠᠷ ᠠᠮᠤ ᠪᠤᠳᠠᠭ᠎ᠠ ᠶᠢ ᠪᠠᠲᠤᠯᠠᠬᠤ᠂ ᠤᠷ᠎ᠠ ᠮᠡᠷᠭᠡᠵᠢᠯ ᠢᠶᠠᠷ ᠪᠤᠳᠠᠭᠠᠨ ᠤ | ᠤᠨᠠᠯᠲᠠ ᠶᠢ ᠳᠡᠭᠡᠭᠰᠢᠯᠡᠭᠦᠯᠬᠦ︾ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠨ ᠭᠠᠵᠠᠷ ᠤᠨ ᠰᠢᠮ᠎ᠡ ᠶᠢᠨ | ᠬᠠᠮᠠᠭᠠᠯᠠᠯᠲᠠ ᠶᠢᠨ ᠤᠬᠠᠮᠰᠠᠷ ᠢ ᠨᠢ ᠴᠢᠩᠭᠠᠷᠠᠭᠤᠯᠵᠤ᠂ ᠲᠠᠷᠢᠶᠠᠨ ᠭᠠᠵᠠᠷ ᠢ ᠠᠲᠠᠷᠰᠢᠭᠤᠯᠬᠤ ᠦᠭᠡᠢ᠂ ᠲᠠᠷᠢᠶᠠᠨ | ᠭᠠᠵᠠᠷ ᠤᠨ ᠰᠢᠮ᠎ᠡ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ | ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠪᠠ ᠰᠠᠶᠢᠵᠢᠷᠠᠭᠤᠯᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ | ᠴᠢᠨᠠᠷ ᠢ ᠭᠦᠢᠴᠡᠳ ᠳᠠᠶᠢᠴᠢᠯᠠᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ 2023 ᠣᠨ ᠤ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠶᠢᠨ | ᠪᠡᠯᠡ ᠮᠥᠩᠭᠦ ᠲᠠᠷᠬᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠡᠢ᠃ | | | | | | | | ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢ ᠴᠠᠭ | ᠲᠤᠬᠠᠢ ᠳᠤᠨᠢ᠂ ᠲᠤᠭ᠎ᠠ ᠶᠣᠰᠣᠭᠠᠷ ᠭᠦᠢᠴᠡᠳ ᠣᠯᠭᠤᠬᠤ ᠶᠢ ᠪᠠᠲᠤᠯᠠᠬᠤ ᠶᠢᠨ ᠲᠥᠯᠥᠭᠡ᠂ ᠠᠯᠠᠱᠠ ᠪᠠᠷᠠᠭᠤᠨ | ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠵᠢᠭᠦᠯᠵᠦ᠂ ᠢᠳᠡᠪᠬᠢᠲᠡᠢ ᠪᠠᠷ ᠲᠦᠯᠬᠢᠨ ᠠᠬᠢᠭᠤᠯᠪᠠ᠃ ᠨᠢᠭᠡ ᠳᠤ ᠤᠬᠠᠭᠤᠯᠬᠤ ᠡᠷᠴᠢᠮ ᠢᠶᠠᠨ | ᠴᠢᠩᠭᠠᠷᠠᠭᠤᠯᠪᠠ᠃ 2023 ᠣᠨ ᠤ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠣᠯᠬᠤ | ᠡᠲᠡᠭᠡᠳ ᠵᠢᠴᠢ ᠬᠦᠷᠢᠶ᠎ᠡ ᠬᠡᠪᠴᠢᠶ᠎ᠡ᠂ ᠬᠡᠷᠡᠭᠵᠢᠭᠦᠯᠬᠦ ᠠᠭᠤᠯᠭ᠎ᠠ᠂ ᠨᠥᠬᠦᠪᠦᠷᠢ ᠥᠭᠬᠦ ᠲᠠᠰ ᠳᠠᠷᠠᠭᠠᠯᠠᠯ ᠢ ᠲᠠᠷᠢᠶᠠᠴᠢᠨ | ᠡᠷᠦᠬᠡ ᠳᠤ ᠬᠠᠯᠠᠰᠢᠷᠠᠯ ᠦᠭᠡᠢ ᠲᠠᠶᠢᠯᠪᠤᠷᠢᠯᠠᠨ ᠤᠬᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ | ᠳᠡᠭᠡᠭᠰᠢᠯᠡᠭᠦᠯᠦᠨ᠂ ᠲᠠᠷᠢᠶᠠᠴᠢᠨ ᠡᠷᠦᠬᠡ ᠶᠢᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢ ᠵᠣᠷᠢᠭᠵᠢᠭᠤᠯᠪᠠ᠃ | ᠬᠤᠶᠠᠷ ᠲᠤ ᠭᠤᠶᠤᠴᠢᠯᠠᠨ ᠮᠡᠳᠡᠭᠦᠯᠦᠭᠰᠡᠨ ᠲᠠᠯᠠᠪᠠᠶ ᠶᠢ ᠬᠠᠷᠭᠤᠭᠤᠯᠤᠨ ᠪᠠᠶᠢᠴᠠᠭᠠᠪᠠ᠃ ᠡᠯ᠎ᠡ ᠭᠠᠴᠠᠭᠠᠨ ᠤ | ᠮᠡᠳᠡᠭᠦᠯᠦᠭᠰᠡᠨ ᠲᠤᠭ᠎ᠠ ᠪᠠᠷᠢᠮᠲᠠ ᠲᠠᠢ ᠬᠠᠷᠢᠴᠠᠭᠤᠯᠤᠨ ᠳᠠᠷᠢᠭᠰᠠᠨ ᠲᠠᠯᠠᠪᠠᠶ᠂ ᠲᠠᠷᠢᠶᠠᠴᠢᠨ ᠡᠷᠦᠬᠡ ᠶᠢᠨ ᠣᠪᠣᠭ ᠨᠡᠷ᠎ᠡ᠂ | ᠳᠠᠷᠢᠭᠰᠠᠨ ᠭᠠᠵᠠᠷ ᠵᠡᠷᠭᠡ ᠮᠡᠳᠡᠭᠡ ᠵᠠᠩᠭᠢ ᠶᠢ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ | ᠬᠦᠰᠦᠨᠦᠭᠲᠦ ᠶᠢ ᠦᠨᠡᠨ ᠪᠣᠳᠠᠲᠠᠢ ᠪᠠᠷ ᠲᠠᠭᠯᠠᠨ ᠪᠢᠴᠢᠬᠦ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠭᠠᠷ ᠤᠨ | ᠥᠰᠥᠭ ᠵᠢᠷᠤᠵᠤ ᠨᠤᠲᠠᠯᠠᠨ᠂ ᠳᠠᠷᠢᠭᠰᠠᠨ ᠲᠠᠯᠠᠪᠠᠶ ᠶᠢᠨ ᠢᠷᠡᠯᠲᠡ ᠶᠢᠨ ᠦᠨᠡᠨ ᠪᠣᠳᠠᠲᠠᠢ᠂ ᠲᠤᠭ᠎ᠠ ᠪᠠᠷᠢᠮᠲᠠ ᠶᠢᠨ | ᠣᠨᠣᠪᠴᠢᠲᠠᠶ ᠪᠠᠶᠢᠬᠤ ᠶᠢ ᠤᠯᠠᠮ ᠨᠢᠭᠡ ᠠᠯᠬᠤᠮ ᠪᠠᠲᠤᠯᠠᠵᠤ᠂ ᠪᠠᠶᠢᠴᠠᠭᠠᠬᠤ ᠪᠠᠷᠢᠮᠲᠠ ᠲᠠᠢ ᠪᠠᠶᠢᠬᠤ ᠶᠢ ᠦᠨᠡᠨᠬᠦ | ᠪᠠᠲᠤᠯᠠᠪᠠ᠃ ᠭᠤᠷᠪᠠ ᠳᠤ ᠴᠠᠭ ᠲᠤᠬᠠᠢ ᠳᠤᠨᠢ ᠢᠯᠡ ᠪᠠᠷ ᠨᠡᠶᠢᠲᠡᠯᠡᠪᠡ᠃ ᠡᠯ᠎ᠡ ᠰᠤᠮᠤ ᠪᠠᠯᠭᠠᠰᠤ ᠶᠢ ᠱᠠᠯᠠᠪᠳᠠᠭᠤᠯᠵᠦ | ᠪᠠᠶᠢᠭᠠᠳ ᠡᠷᠦᠬᠡ ᠪᠦᠷᠢ ᠶᠢᠨ ᠨᠥᠬᠦᠪᠦᠷᠢ ᠦᠭᠬᠦ ᠲᠠᠯᠠᠪᠠᠶ᠂ ᠪᠠᠷᠢᠮᠵᠢᠶ᠎ᠠ ᠵᠢᠴᠢ ᠪᠡᠯᠡ ᠮᠥᠩᠭᠦ ᠶᠢᠨ ᠪᠣᠳᠠᠲᠠᠢ | ᠲᠠᠷᠬᠠᠭᠠᠭᠰᠠᠨ ᠪᠠᠶᠢᠳᠠᠯ ᠢ ᠦᠨᠡᠨ ᠪᠣᠳᠠᠲᠠᠢ ᠪᠠᠷ ᠴᠠᠭ ᠲᠤᠬᠠᠢ ᠳᠤᠨᠢ ᠢᠯᠡ ᠨᠡᠶᠢᠲᠡᠯᠡᠵᠦ᠂ ᠨᠡᠶᠢᠭᠡᠮ ᠨᠡᠶᠢᠲᠡ᠂ ᠣᠯᠠᠨ | ᠲᠦᠮᠡᠨ ᠤ ᠬᠢᠨᠠᠯᠲᠠ ᠲᠠᠯᠪᠢᠯᠲᠠ ᠶᠢ ᠥᠷᠭᠡᠨ ᠢᠶᠠᠷ ᠬᠦᠯᠢᠶᠡᠵᠦ᠂ ᠪᠡᠯᠡ ᠮᠥᠩᠭᠦ ᠶᠢᠨ ᠲᠠᠷᠬᠠᠭᠠᠯᠲᠠ ᠶᠢ ᠢᠯᠡ ᠲᠣᠳᠣ | ᠪᠠᠶᠢᠯᠭᠠᠬᠤ ᠶᠢ ᠪᠡᠶᠡᠯᠡᠭᠦᠯᠪᠡ᠃ ᠳᠥᠷᠪᠡ ᠳᠤ ᠨᠥᠬᠦᠪᠦᠷᠢ ᠶᠢ ᠡᠷᠤᠭᠡ ᠳᠤ ᠤᠯᠭᠤᠪᠠ᠃ ᠢᠯᠡ ᠨᠡᠶᠢᠲᠡᠯᠡᠭᠰᠡᠨ ᠤ | ᠳᠠᠷᠠᠭ᠎ᠠ ᠨᠢᠭᠡᠳᠦᠯᠲᠡᠢ ᠬᠤᠷᠢᠶᠠᠩᠭᠤᠶᠢᠯᠠᠭᠠᠳ ᠠᠯᠠᠱᠠ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ ᠳᠤ ᠮᠡᠳᠡᠭᠦᠯᠵᠦ᠂ ᠠᠯᠠᠱᠠ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ︽ᠪᠦᠷᠢᠨ | ᠴᠢᠳᠠᠮᠵᠢᠲᠦ ᠺᠠᠷᠲ︾ ᠢᠶᠠᠷ ᠳᠠᠮᠵᠢᠭᠤᠯᠤᠨ ᠨᠥᠬᠦᠪᠦᠷᠢ ᠪᠡᠯᠡ ᠮᠥᠩᠭᠦ ᠶᠢ ᠲᠠᠷᠢᠶᠠᠴᠢᠨ ᠡᠷᠦᠬᠡ ᠶᠢᠨ ᠪᠠᠩᠬᠢ ᠶᠢᠨ | ᠺᠠᠷᠲ ᠤᠨ ᠲᠠᠩᠰᠠᠨ ᠡᠷᠦᠬᠡ ᠳᠤ ᠣᠨᠣᠪᠴᠢᠲᠠᠶ ᠲᠠᠷᠬᠠᠭᠠᠪᠠ᠃ | 2023 ᠣᠨ ᠤ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢᠨ | ᠠᠰᠢᠭ ᠭᠥᠷᠳᠡᠭᠰᠡᠨ ᠲᠠᠷᠢᠶᠠᠴᠢᠨ ᠡᠷᠦᠬᠡ 7 ᠰᠤᠮᠤ ᠪᠠᠯᠭᠠᠰᠤ ᠶᠢᠨ 617 ᠡᠷᠦᠬᠡ ᠳᠤ ᠬᠤᠯᠪᠣᠭᠳᠠᠵᠤ᠂ ᠨᠡᠶᠢᠲᠡ | 270 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠲᠠᠷᠬᠠᠭᠠᠭᠰᠠᠨ ᠪᠠᠶᠢᠨ᠎ᠠ᠃ |