ᠭᠠᠩ ᠳᠤ ᠳᠠᠭᠠᠭᠠᠴᠠᠲᠠᠢ ᠤᠰᠤ ᠠᠷᠪᠢᠯᠠᠬᠤ ᠲᠤᠲᠤᠷᠭ᠎ᠠ ᠶᠢᠨ ᠤᠮᠠᠷᠠᠲᠤ ᠶᠢᠨ ᠰᠤᠳᠤᠯᠭᠠᠨ ᠤ ᠲᠥᠪ ᠲᠦᠩᠯᠢᠶᠣᠣ ᠬᠤᠲᠠ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/7/12
      ᠭᠠᠩ ᠳᠤ ᠳᠠᠭᠠᠭᠠᠴᠠᠲᠠᠢ ᠤᠰᠤ ᠠᠷᠪᠢᠯᠠᠬᠤ ᠲᠤᠲᠤᠷᠭ᠎ᠠ  ᠶᠢᠨ ᠤᠮᠠᠷᠠᠲᠤ ᠶᠢᠨ ᠰᠤᠳᠤᠯᠭᠠᠨ ᠤ ᠲᠥᠪ ᠤᠨ ᠭᠡᠷ᠎ᠡ ᠲᠣᠭᠲᠠᠬᠤ ᠵᠢᠴᠢ ᠫᠠᠶᠢᠰᠠ ᠰᠡᠬᠦᠬᠦ ᠶᠣᠰᠣᠯᠠᠯ ᠤᠷᠴᠢᠮᠬᠠᠨ ᠲᠦᠩᠯᠢᠶᠣᠣ ᠬᠤᠲᠠ ᠳᠤ ᠶᠠᠪᠤᠭᠳᠠᠪᠠ᠃ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠣᠯᠣᠨ ᠱᠠᠩᠬᠠᠢ ᠬᠤᠲᠠ ᠶᠢᠨ ᠲᠠᠷᠢᠶᠠᠯᠠᠩ ᠤᠨ ᠠᠮᠢᠳᠤ ᠪᠣᠳᠠᠰ ᠤᠨ ᠭᠧᠨ ᠤ ᠲᠥᠪ ᠤᠨ ᠲᠥᠯᠥᠭᠡᠯᠡᠭᠴᠢ ᠠᠬᠤᠢ ᠲᠠᠯᠠᠪᠠᠢ ᠳᠤ ᠭᠡᠷ᠎ᠡ ᠲᠣᠭᠲᠠᠵᠤ᠂ ᠭᠠᠩ ᠳᠤ ᠳᠠᠭᠠᠭᠠᠴᠠᠲᠠᠢ ᠤᠰᠤ ᠠᠷᠪᠢᠯᠠᠬᠤ ᠲᠤᠲᠤᠷᠭ᠎ᠠ  ᠶᠢᠨ ᠤᠮᠠᠷᠠᠲᠤ ᠶᠢᠨ ᠰᠤᠳᠤᠯᠭᠠᠨ ᠤ ᠲᠥᠪ ᠵᠢᠩᠬᠢᠨᠢ ᠪᠠᠷ ᠪᠠᠶᠢᠭᠤᠯᠤᠭᠳᠠᠭᠰᠠᠨ ᠪᠠᠶᠢᠨ᠎ᠠ ᠃      ᠣᠶᠢᠯᠠᠭᠠᠭᠰᠠᠨ ᠢᠶᠠᠷ ᠂ ᠲᠦᠩᠯᠢᠶᠣᠣ ᠬᠤᠲᠠ ᠶᠢᠨ ᠲᠠᠷᠢᠵᠤ ᠪᠠᠶᠢᠭ᠎ᠠ ᠤᠰᠤᠨ ᠲᠤᠲᠤᠷᠭ᠎ᠠ ᠶᠢᠨ ᠲᠠᠯᠠᠪᠠᠶ 30 ᠭᠠᠷᠤᠢ ᠲᠦᠮᠡᠨ ᠮᠦ ᠪᠠᠶᠢᠵᠤ ᠂ ᠳᠠᠷᠢᠬᠤ ᠲᠥᠷᠥᠯ ᠵᠦᠢᠯ ᠨᠢ ᠤᠯᠠᠮᠵᠢᠯᠠᠯᠲᠤ ᠤᠰᠤᠨ ᠲᠤᠲᠤᠷᠭ᠎ᠠ ᠪᠠᠷ ᠭᠤᠣᠯ ᠪᠣᠯᠭᠠᠨ᠂ ᠦᠢᠯᠡᠳᠪᠦᠷᠢᠯᠡᠯ ᠤᠨ ᠶᠠᠪᠤᠴᠠ ᠳᠤ ᠴᠡᠩᠭᠡᠭ ᠤᠰᠤ ᠶᠢ ᠬᠡᠲᠦᠷᠬᠡᠢ ᠲᠦᠰᠢᠭᠯᠡᠬᠦ᠂ ᠭᠠᠩ ᠢ ᠳᠠᠭᠠᠭᠠᠬᠤ ᠴᠢᠨᠠᠷ ᠢᠶᠠᠷ ᠠᠨᠠᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠯ᠎ᠠ ᠃ ᠭᠠᠩ ᠳᠤ ᠳᠠᠭᠠᠭᠠᠴᠠᠲᠠᠢ ᠤᠰᠤ ᠠᠷᠪᠢᠯᠠᠬᠤ ᠲᠤᠲᠤᠷᠭ᠎ᠠ ᠪᠤᠯ ᠥᠨᠳᠥᠷ ᠤᠨᠠᠯᠲᠠ  ᠲᠠᠢ᠂ ᠴᠢᠨᠠᠷ ᠰᠠᠶᠢᠲᠠᠢ ᠲᠤᠲᠤᠷᠭ᠎ᠠ ᠮᠥᠷᠳᠡᠭᠡᠨ ᠬᠠᠭᠤᠷᠠᠢ ᠪᠠᠷ ᠲᠠᠷᠢᠬᠤ ᠲᠤᠲᠤᠷᠭ᠎ᠠ ᠶᠢᠨ ᠳᠤᠳᠤᠷᠠᠬᠢ ᠭᠠᠩ ᠳᠤ ᠳᠠᠭᠠᠭᠠᠴᠠᠲᠠᠢ ᠤᠰᠤ ᠠᠷᠪᠢᠯᠠᠬᠤ ᠰᠢᠨ᠎ᠡ ᠬᠡᠯᠪᠡᠷᠢ ᠶᠢᠨ ᠤᠰᠤᠨ ᠲᠤᠲᠤᠷᠭ᠎ᠠ ᠪᠣᠯᠣᠨ᠎ᠠ᠃ ᠥᠨᠳᠥᠷ ᠤᠨᠠᠯᠲᠠ  ᠲᠠᠢ᠂ ᠴᠢᠨᠠᠷ ᠰᠠᠶᠢᠲᠠᠢ ᠂ ᠭᠠᠩ ᠳᠤ ᠳᠠᠭᠠᠭᠠᠴᠠᠲᠠᠢ ᠤᠰᠤ ᠠᠷᠪᠢᠯᠠᠬᠤ᠂ ᠪᠣᠷᠳᠣᠭᠤᠷ ᠪᠠ ᠲᠠᠷᠢᠶᠠᠨ ᠡᠮ ᠪᠠᠭ᠎ᠠ ᠬᠡᠷᠡᠭᠯᠡᠬᠦ᠂ ᠵᠠᠶᠢᠯᠠᠬᠤ ᠳᠤ ᠳᠥᠭᠦᠮ ᠵᠡᠷᠭᠡ ᠣᠨᠴᠠᠯᠢᠭ ᠲᠠᠢ ᠪᠠᠶᠢᠵᠤ ᠂ ᠤᠳᠤ ᠦᠶ᠎ᠡ ᠶᠢᠨ ᠪᠣᠬᠢᠷᠲᠤᠯ ᠦᠭᠡᠢ ᠲᠠᠷᠢᠶᠠᠯᠠᠩ ᠤᠨ ᠬᠦᠭᠵᠢᠯᠲᠡ ᠶᠢᠨ ᠬᠡᠷᠡᠭᠴᠡᠭᠡ ᠳᠤ ᠨᠡᠶᠢᠴᠡᠨ ᠂ ᠲᠦᠩᠯᠢᠶᠣᠣ ᠬᠤᠲᠠ ᠶᠢᠨ ᠲᠠᠷᠢᠶᠠᠯᠠᠩ ᠤᠨ ᠪᠣᠬᠢᠷᠲᠤᠯ ᠦᠭᠡᠢ ᠬᠦᠭᠵᠢᠯᠲᠡ ᠶᠢ ᠠᠬᠢᠭᠤᠯᠬᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ᠂ ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠰᠢᠯᠢᠳᠡᠭᠵᠢᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃     ᠭᠠᠩ ᠳᠤ ᠳᠠᠭᠠᠭᠠᠴᠠᠲᠠᠢ ᠤᠰᠤ ᠠᠷᠪᠢᠯᠠᠬᠤ ᠲᠤᠲᠤᠷᠭ᠎ᠠ ᠶᠢᠨ ᠤᠮᠠᠷᠠᠲᠤ ᠶᠢᠨ ᠰᠤᠳᠤᠯᠭᠠᠨ ᠤ ᠲᠥᠪ ᠪᠠᠶᠢᠭᠤᠯᠤᠭᠳᠠᠭᠰᠠᠨ ᠤ ᠳᠠᠷᠠᠭ᠎ᠠ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠠ ᠱᠠᠩᠬᠠᠢ ᠬᠤᠲᠠ ᠶᠢᠨ ᠲᠠᠷᠢᠶᠠᠯᠠᠩ ᠤᠨ ᠠᠮᠢᠳᠤ ᠪᠣᠳᠠᠰ ᠤᠨ ᠭᠧᠨ ᠤ ᠲᠥᠪ ᠮᠡᠳᠡᠭᠡ ᠵᠠᠩᠭᠢ ᠶᠢᠨ ᠬᠠᠮᠲᠦ ᠪᠠᠷ ᠡᠳ᠋ᠯᠡᠬᠦ᠂ ᠡᠬᠢ ᠪᠠᠶᠠᠯᠢᠭ ᠢ ᠬᠠᠮᠲᠦ ᠪᠠᠷ ᠡᠳ᠋ᠯᠡᠬᠦ᠂ ᠬᠠᠮᠲᠤᠷᠠᠨ ᠰᠤᠳᠤᠯᠬᠤ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠵᠡᠷᠭᠡ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠥᠨᠳᠥᠷ ᠪᠦᠲᠦᠮᠵᠢᠲᠡᠶ ᠬᠠᠮᠵᠢᠯᠴᠠᠨ᠂ ᠰᠢᠨ᠎ᠡ ᠶᠢ ᠡᠭᠦᠳᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠭᠠᠩ ᠳᠤ ᠳᠠᠭᠠᠭᠠᠴᠠᠲᠠᠢ ᠤᠰᠤ ᠠᠷᠪᠢᠯᠠᠬᠤ ᠲᠤᠲᠤᠷᠭ᠎ᠠ ᠶᠢᠨ ᠦᠷ᠎ᠡ ᠪᠣᠶᠢᠵᠢᠭᠤᠯᠬᠤ ᠤᠨᠤᠯ᠂ ᠮᠡᠷᠭᠡᠵᠢᠯ ᠪᠠ ᠰᠢᠪᠲᠤᠯᠤᠯᠲᠠ ᠶᠢᠨ ᠴᠢᠨᠠᠷᠲᠠᠢ ᠰᠢᠨ᠎ᠡ ᠡᠭᠦᠯᠳᠡᠷ ᠢ ᠪᠣᠶᠢᠵᠢᠭᠤᠯᠬᠤ ᠰᠤᠳᠤᠯᠭᠠᠨ᠂ ᠦᠷᠭᠦᠯᠵᠢᠯᠡᠬᠦ ᠦᠢᠯᠡᠳᠪᠦᠷᠢᠯᠡᠯ ᠤᠨ ᠮᠡᠷᠭᠡᠵᠢᠯ᠂ ᠥᠨᠳᠥᠷ ᠪᠦᠲᠦᠮᠵᠢᠲᠡᠶ ᠦᠢᠯᠡᠳᠪᠦᠷᠢᠯᠡᠯ ᠤᠨ ᠵᠠᠭᠪᠤᠷ ᠪᠠ ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠭᠵᠢᠯᠲᠡ᠂ ᠥᠨᠳᠥᠷ ᠨᠡᠮᠡᠯᠲᠡ ᠦᠷᠳᠡᠭ ᠪᠦᠬᠦᠢ ᠪᠦᠲᠦᠭᠡᠭᠳᠡᠭᠦᠨ ᠵᠢᠴᠢ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠵᠡᠷᠭᠡ ᠶᠢ ᠪᠠᠭᠲᠠᠭᠠᠭᠰᠠᠨ ᠠᠵᠢᠯ ᠢ ᠥᠷᠨᠢᠭᠦᠯᠥᠨ᠂ ᠠᠵᠤ ᠦᠢᠯᠡᠰ ᠤᠨ ᠬᠡᠯᠬᠢᠶ᠎ᠡ ᠬᠢᠭᠡᠳ ᠰᠢᠨ᠎ᠡ ᠶᠢ ᠡᠭᠦᠳᠬᠦ ᠬᠡᠯᠬᠢᠶᠡᠨ ᠤ ᠠᠭᠤᠰᠤᠯᠴᠠᠨ ᠬᠦᠭᠵᠢᠬᠦ ᠶᠢ ᠠᠬᠢᠭᠤᠯᠵᠤ᠂ ᠭᠠᠩ ᠳᠤ ᠳᠠᠭᠠᠭᠠᠴᠠᠲᠠᠢ ᠤᠰᠤ ᠠᠷᠪᠢᠯᠠᠬᠤ ᠲᠤᠲᠤᠷᠭ᠎ᠠ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠪᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号