7 ᠰᠠᠷ᠎ᠠ ᠶᠢᠨ 13 ᠤ ᠡᠳᠦᠷ᠂ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ᠂ ᠠᠷᠪᠠᠨ ᠨᠢᠭᠡᠳᠦᠭᠡᠷ | ᠬᠤᠭᠤᠴᠠᠭᠠᠨ ᠤ ᠥᠪᠥᠷ ᠮᠣᠩᠭᠤᠯ ︵ᠥᠪᠥᠷ ᠮᠣᠩᠭᠤᠯ ᠤᠨ ᠵᠡᠭᠦᠨ ᠬᠡᠰᠡᠭ︶ ᠤᠨ ᠲᠠᠷᠢᠶᠠᠯᠠᠩ ᠤᠨ ᠮᠠᠰᠢᠨ ᠤ | ᠦᠵᠡᠰᠬᠦᠯᠡᠩ ᠤᠨ ᠴᠤᠭᠯᠠᠭᠠᠨ᠂ ᠠᠩᠬᠠᠳᠤᠭᠠᠷ ᠬᠤᠭᠤᠴᠠᠭᠠᠨ ᠤ ᠤᠯᠠᠭᠠᠨᠬᠠᠳᠠ ᠶᠢᠨ ᠪᠡᠯᠡᠨ ᠵᠠᠭᠤᠰᠢ ᠶᠢᠨ ᠶᠡᠭᠡ | ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠯᠠᠭᠠᠨᠬᠠᠳᠠ ᠳᠤ ᠬᠤᠷᠠᠯᠳᠤᠪᠠ᠃ | | | | | ᠦᠵᠡᠰᠬᠦᠯᠡᠩ ᠤᠨ ᠴᠤᠭᠯᠠᠭᠠᠨ ᠨᠢ 8 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ | ᠤᠯᠠᠭᠠᠨᠬᠠᠳᠠ ᠶᠢᠨ ᠣᠯᠠᠨ ᠤᠯᠤᠰ ᠤᠨ ᠬᠤᠷᠠᠯ ᠦᠵᠡᠭᠦᠯᠭᠡ ᠤᠨ ᠲᠥᠪ ᠲᠤ ᠶᠠᠪᠤᠭᠳᠠᠨ᠎ᠠ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠠᠭᠠᠨᠬᠠᠳᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠭᠤᠣᠯᠯᠠᠨ ᠡᠷᠬᠢᠯᠡᠵᠦ᠂ ᠡᠨᠡ ᠨᠢ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠪᠠ ᠪᠣᠬᠢᠷᠲᠤᠯ ᠦᠭᠡᠢ ᠣᠷᠭᠠᠨᠢᠭ | ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠰᠠᠶᠢᠲᠤᠷ ᠠᠳᠬᠤᠵᠤ᠂ ᠨᠢᠭᠡ ᠬᠤᠶᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠦᠵᠡᠰᠬᠦᠯᠡᠩ ᠤᠨ ᠴᠤᠭᠯᠠᠭᠠᠨ ᠨᠢ | ︽ᠬᠥᠭᠵᠢᠯᠲᠡ ᠶᠢᠨ ᠠᠮᠵᠢᠯᠲᠠ ᠶᠢ ᠳᠡᠯᠭᠡᠨ ᠦᠵᠡᠭᠦᠯᠵᠦ᠂ ᠰᠣᠳᠣᠨ ᠨᠡᠷᠡᠲᠦ ᠲᠦᠷᠦᠯ ᠲᠡᠮᠳᠡᠭ ᠢ ᠪᠣᠶᠢᠵᠢᠭᠤᠯᠵᠤ᠂ | ᠦᠢᠯᠡᠳᠪᠦᠷᠢᠯᠡᠯ ᠪᠣᠷᠤᠯᠠᠭᠤᠯᠭ᠎ᠠ ᠶᠢᠨ ᠵᠤᠯᠭᠠᠯᠴᠠᠭ᠎ᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ︾ ᠭᠡᠬᠦ ᠪᠠᠷ ᠭᠤᠣᠯ ᠰᠡᠳᠦᠪ ᠪᠣᠯᠭᠠᠵᠤ᠂ ᠴᠢᠨᠠᠷ ᠰᠠᠶᠢᠲᠠᠢ ᠪᠣᠬᠢᠷᠲᠤᠯ ᠦᠭᠡᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠣᠯᠢᠯᠴᠠᠭ᠎ᠠ᠂ ᠬᠠᠮᠲᠤᠷᠠᠯᠴᠠᠭ᠎ᠠ᠂ ᠠᠷᠠᠯᠵᠢᠶᠠᠨ ᠤ | ᠲᠠᠪᠴᠠᠩ ᠢ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠨ᠎ᠠ᠃ | 2013 ᠣᠨ ᠠᠴᠠ ᠡᠬᠢᠯᠡᠨ᠂ ᠪᠣᠬᠢᠷᠲᠤᠯ ᠦᠭᠡᠢ ᠦᠵᠡᠰᠬᠦᠯᠡᠩ ᠤᠨ ᠴᠤᠭᠯᠠᠭᠠᠨ ᠢ ᠨᠢᠭᠡᠨᠲᠡ ᠶᠢᠰᠦᠨ | ᠬᠤᠭᠤᠴᠠᠭ᠎ᠠ ᠪᠠᠷ ᠠᠮᠵᠢᠯᠲᠠ ᠲᠠᠢ ᠡᠷᠬᠢᠯᠡᠵᠦ᠂ ᠣᠳᠣᠬᠠᠨ ᠳᠤ ᠪᠦᠬᠦ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ | ᠪᠦᠲᠦᠭᠡᠭᠳᠡᠬᠦᠨ ᠢᠶᠠᠷ ᠬᠠᠮᠤᠭ ᠤᠨ ᠤᠯᠠᠨ᠂ ᠨᠥᠯᠥᠭᠡᠯᠡᠬᠦ ᠬᠦᠴᠦᠨ ᠢᠶᠠᠷ ᠬᠠᠮᠤᠭ ᠤᠨ ᠴᠢᠩᠭ᠎ᠠ ᠰᠢᠯᠢᠳᠡᠭ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠶᠢᠯᠡᠭᠰᠡᠨ ᠦᠵᠡᠭᠦᠯᠭᠡ ᠪᠤᠯᠵᠠᠢ᠂ ᠡᠨᠡ ᠵᠢᠯ ᠪᠦᠬᠦ | ᠣᠷᠣᠨ ᠤ 12 ᠠᠶᠢᠮᠠᠭ ᠬᠤᠳᠠ ᠶᠢᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠤᠯᠠᠭᠠᠨᠬᠠᠳᠠ ᠳᠤ ᠬᠤᠷᠠᠨ ᠴᠤᠭᠯᠠᠷᠠᠵᠤ᠂ 400 ᠭᠠᠷᠤᠢ ᠬᠤᠳᠠᠯᠳᠤᠭᠠᠴᠢᠨ᠂ 700 ᠭᠠᠷᠤᠢ ᠬᠤᠳᠠᠯᠳᠤᠭᠠᠴᠢᠨ ᠢ | ᠤᠷᠢᠵᠤ ᠴᠤᠭᠯᠠᠭᠠᠨ ᠳᠤ ᠣᠷᠣᠯᠴᠠᠭᠤᠯᠬᠤ ᠪᠣᠯᠣᠨ᠎ᠠ᠃ ᠶᠡᠭᠡ ᠬᠤᠷᠠᠯ ᠠᠴᠠ ᠪᠠᠶᠢᠭᠤᠯᠤᠭᠰᠠᠨ ᠤᠯᠠᠨ ᠨᠡᠶᠢᠲᠡ ᠶᠢᠨ | ᠦᠵᠡᠭᠦᠯᠭᠡ ᠶᠢᠨ ᠲᠣᠭᠤᠷᠢᠭ ᠲᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠲᠠᠢ ᠮᠤᠵᠢ ᠬᠤᠳᠠ᠂ ᠴᠢᠨᠠᠷ | ᠰᠠᠶᠢᠲᠠᠢ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠵᠡᠭᠦᠯᠭᠡ ᠶᠢᠨ ᠲᠣᠭᠤᠷᠢᠭ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠰᠤ ᠠᠷᠪᠢᠯᠠᠬᠤ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠭᠡ ᠶᠢᠨ ᠲᠣᠭᠤᠷᠢᠭ᠂ ᠳᠤᠮᠳᠠᠳᠤ ᠤᠯᠤᠰ ᠤᠨ ᠰᠢᠤᠳᠠᠨ ᠤ | ᠪᠦᠯᠦᠭᠯᠡᠯ ᠤᠨ ᠦᠵᠡᠭᠦᠯᠭᠡ ᠶᠢᠨ ᠲᠣᠭᠤᠷᠢᠭ᠂ ᠵᠥᠪᠳᠡᠯᠴᠡᠭᠡ ᠵᠢᠴᠢ ᠦᠢᠯᠡᠳᠪᠦᠷᠢᠯᠡᠯ ᠪᠣᠷᠤᠯᠠᠭᠤᠯᠭ᠎ᠠ ᠶᠢ | ᠵᠣᠯᠭᠠᠭᠤᠯᠬᠤ ᠲᠣᠭᠤᠷᠢᠭ᠂ ᠨᠡᠷᠡᠲᠦ ᠲᠦᠷᠦᠯ ᠲᠡᠮᠳᠡᠭᠲᠦ ᠵᠣᠴᠢᠳ ᠤᠨ ᠲᠢᠩᠬᠢᠮ ᠤᠨ ᠰᠢᠭᠤᠳ ᠨᠡᠪᠲᠡᠷᠡᠭᠦᠯᠭᠡ ᠶᠢᠨ | ᠰᠣᠷᠪᠤᠯᠵᠢᠯᠠᠭ᠎ᠠ ᠶᠢᠨ ᠲᠣᠭᠤᠷᠢᠭ᠂ ᠰᠢᠭᠤᠳ ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠬᠤ ᠲᠣᠭᠤᠷᠢᠭ ᠪᠣᠯᠣᠨ | ᠲᠠᠷᠢᠶᠠᠯᠠᠩ ᠤᠨ ᠮᠠᠰᠢᠨ ᠤ ᠦᠵᠡᠭᠦᠯᠭᠡ ᠶᠢᠨ ᠲᠣᠭᠤᠷᠢᠭ ᠪᠠᠭᠲᠠᠵᠤ᠂ ᠲᠠᠷᠢᠶᠠᠯᠠᠩ ᠤᠨ ᠮᠠᠰᠢᠨ ᠤ ᠦᠵᠡᠭᠦᠯᠭᠡ ᠶᠢᠨ | ᠲᠣᠭᠤᠷᠢᠭ ᠲᠤ 10 ᠶᠡᠭᠡ ᠲᠦᠷᠦᠯ᠂ 3000 ᠭᠠᠷᠤᠢ ᠰᠠᠭᠤᠷᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ | ᠪᠠᠭᠠᠵᠢ ᠶᠢ ᠳᠡᠯᠭᠡᠨ ᠦᠵᠡᠭᠦᠯᠬᠦ ᠪᠣᠯᠣᠨ᠎ᠠ᠃ ᠠᠳᠠᠯᠢ ᠬᠤᠭᠤᠴᠠᠭᠠᠨ ᠳᠤ ᠶᠠᠪᠤᠭᠳᠠᠬᠤ ᠠᠩᠬᠠᠳᠤᠭᠠᠷ ᠬᠤᠭᠤᠴᠠᠭᠠᠨ ᠤ | ᠤᠯᠠᠭᠠᠨᠬᠠᠳᠠ ᠶᠢᠨ ᠪᠡᠯᠡᠨ ᠵᠠᠭᠤᠰᠢ ᠶᠢᠨ ᠶᠡᠭᠡ ᠬᠤᠷᠠᠯ ᠳᠤ ᠤᠯᠠᠭᠠᠨᠬᠠᠳᠠ ᠬᠤᠳᠠ ᠶᠢᠨ 60 ᠭᠠᠷᠤᠢ ᠪᠡᠯᠡᠨ | ᠵᠠᠭᠤᠰᠢ ᠶᠢᠨ ᠠᠵᠤ ᠠᠬᠤᠶᠢᠯᠠᠯ ᠤᠨ ᠪᠡᠯᠡᠨ ᠵᠤᠭᠤᠭᠯᠠᠬᠤ᠂ ᠪᠡᠯᠡᠨ ᠬᠠᠯᠠᠭᠤᠯᠠᠬᠤ᠂ ᠪᠡᠯᠡᠨ ᠬᠢᠬᠦ᠂ ᠪᠡᠯᠡᠨ ᠨᠠᠶᠢᠷᠠᠭᠤᠯᠬᠤ | ᠵᠡᠷᠭᠡ 4 ᠶᠡᠭᠡ ᠲᠦᠷᠦᠯ ᠤᠨ 150 ᠭᠠᠷᠤᠢ ᠲᠦᠷᠦᠯ ᠤᠨ ᠪᠡᠯᠡᠨ ᠵᠠᠭᠤᠰᠢ ᠶᠢᠨ ᠪᠦᠲᠦᠭᠡᠭᠳᠡᠬᠦᠨ ᠢ ᠳᠡᠯᠭᠡᠨ | ᠦᠵᠡᠭᠦᠯᠬᠦ ᠪᠤᠯᠤᠨ᠎ᠠ᠃ | ᠲᠤᠬᠠᠢ ᠶᠢᠨ ᠦᠶ᠎ᠡ ᠳᠤ᠂ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠳᠤᠮᠳᠠᠳᠤ ᠤᠯᠤᠰ ᠤᠨ ᠰᠢᠤᠳᠠᠨ ᠤ | ᠪᠦᠯᠦᠭᠯᠡᠯ᠂ ᠡᠾᠧ ᠮᠠ ᠰᠢᠶᠠᠨ ᠱᠧᠩ᠂ ᠲᠥᠪ ᠤᠨ ᠵᠠᠷ ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠨ ᠠᠪᠬᠤ ᠯᠤᠭ᠎ᠠ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠣᠩᠭᠤᠯᠲᠠ ᠶᠢᠨ ᠴᠤᠭᠯᠠᠭᠠᠨ᠂ ᠰᠢᠤᠳᠠᠨ ᠤ ᠵᠦᠢᠯ | ᠬᠤᠳᠠᠯᠳᠤᠨ ᠠᠪᠬᠤ᠂ ᠡᠾᠧ ᠮᠠ ᠰᠢᠶᠠᠨ ᠱᠧᠩ᠂ ᠲᠥᠪ ᠤᠨ ᠵᠠᠷ ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠨ ᠠᠪᠬᠤ | ᠵᠡᠷᠭᠡ ᠭᠤᠷᠪᠠᠨ ᠶᠡᠭᠡ ᠴᠢᠨᠠᠷ ᠰᠠᠶᠢᠲᠠᠢ ᠠᠷᠭ᠎ᠠ ᠵᠠᠮ ᠤᠨ ᠲᠠᠪᠴᠠᠩ ᠤᠨ ᠪᠠᠶᠢᠳᠠᠯ ᠢ ᠠᠰᠢᠭᠯᠠᠨ᠂ ᠥᠪᠥᠷ | ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠮᠠᠯ ᠠᠵᠤ | ᠠᠬᠤᠢ ᠶᠢᠨ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠠᠵᠠ ᠲᠣᠬᠢᠶᠠᠯ ᠢ ᠡᠭᠦᠳᠴᠦ ᠥᠭᠬᠦ | ᠪᠣᠯᠣᠨ᠎ᠠ᠃ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ ᠪᠠᠰᠠ ︽ᠪᠡᠯᠡᠨ ᠵᠠᠭᠤᠰᠢ ᠶᠢᠨ ᠶᠠᠷᠢᠯᠴᠠᠭᠠᠨ ᠤ | ᠲᠠᠪᠴᠠᠩ︾ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ︾ ︽ᠨᠠᠷᠠᠲᠤ | ᠲᠦᠷᠦᠯ ᠲᠡᠮᠳᠡᠭᠲᠦ ᠶᠢ ᠲᠠᠨᠢᠯᠴᠠᠭᠤᠯᠬᠤ︾ ᠵᠡᠷᠭᠡ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠣᠯᠣᠨ᠎ᠠ᠃ |