ᠮᠠᠨ ᠤ ᠤᠷᠤᠨ ᠪᠦᠬᠦ ᠵᠢᠯ ᠤᠨ ᠮᠢᠬᠠᠨ ᠤ ᠵᠦᠢᠯ ᠤᠨ ᠶᠡᠷᠦᠩᠬᠡᠢ ᠭᠠᠷᠤᠯᠲᠠ ᠶᠢ 300 ᠲᠦᠮᠡᠨ ᠲᠤᠨ ᠢ ᠳᠠᠪᠠᠭᠤᠯᠬᠤ ᠪᠠᠷ ᠬᠦᠴᠦᠯᠡᠵᠤ ᠪᠤᠢ
ᠨᠡᠶᠢᠲᠡᠯᠡᠭᠰᠡᠨ ᠴᠠᠭ᠄
2023/7/13
      ᠮᠠᠨ ᠤ ᠤᠷᠤᠨ ᠦᠬᠡᠷ ᠬᠤᠨᠢ ᠲᠡᠵᠢᠭᠡᠨ ᠦᠷᠡᠵᠢᠭᠦᠯᠬᠦ ᠲᠣᠮᠣ ᠣᠷᠣᠨ ᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠴᠢᠬᠤᠯᠠ ᠪᠦᠬᠦᠢ ᠮᠠᠯ ᠤᠨ ᠠᠰᠢᠭ ᠰᠢᠮ᠎ᠡ ᠶᠢᠨ ᠪᠦᠲᠦᠮᠵᠢᠲᠡᠢ ᠬᠠᠩᠭᠠᠯᠭ᠎ᠠ ᠶᠢ ᠰᠠᠶᠢᠳᠤᠷ ᠪᠠᠲᠤᠯᠠᠨ᠂ ᠪᠦᠬᠦ ᠤᠷᠤᠨ ᠤ ᠪᠦᠬᠦ ᠵᠢᠯ ᠤᠨ ᠮᠢᠬᠠᠨ ᠤ ᠵᠦᠢᠯ ᠤᠨ ᠶᠡᠷᠦᠩᠬᠡᠢ ᠭᠠᠷᠤᠯᠲᠠ ᠶᠢ 300 ᠲᠦᠮᠡᠨ ᠲᠤᠨ ᠢ ᠳᠠᠪᠠᠭᠤᠯᠬᠤ ᠪᠠᠷ ᠬᠦᠴᠦᠯᠡᠵᠤ ᠪᠠᠶᠢᠨ᠎ᠠ᠃      ᠮᠠᠨ ᠤ ᠤᠷᠤᠨ ︽ᠳᠠᠪᠠᠭᠤᠯᠢᠭ ᠢᠶᠠᠨ ᠲᠣᠭᠲᠠᠪᠤᠷᠢᠵᠢᠭᠤᠯᠬᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ︾ ᠬᠤᠶᠠᠷ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ᠂ ᠰᠠᠭᠤᠷᠢ ᠡᠬᠡ ᠮᠠᠯ ᠤᠨ ᠰᠦᠷᠦᠭ ᠢ ᠥᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠬᠦ᠂ ᠮᠢᠬᠠᠨ ᠤ ᠬᠤᠨᠢ ᠶᠢᠨ ᠰᠠᠶᠢᠨ ᠡᠭᠦᠯᠳᠡᠷ ᠤᠨ ᠨᠥᠬᠦᠪᠥᠷᠢ ᠤᠯᠭᠤᠬᠤ ᠮᠡᠳᠤ ᠶᠢᠨ ᠬᠦᠴᠦᠨ ᠪᠦᠬᠦᠢ ᠠᠷᠭ᠎ᠠ ᠬᠡᠮᠵᠢᠶ᠎ᠠ ᠶᠢ ᠠᠪᠴᠦ᠂ ᠡᠨᠡ ᠵᠢᠯ ᠮᠢᠬᠠᠨ ᠤ ᠦᠬᠡᠷ ᠤᠨ ᠲᠤᠭ᠎ᠠ ᠶᠢ 56 ᠲᠦᠮᠡ ᠨᠡᠮᠡᠭᠳᠡᠭᠦᠯᠦᠨ 715 ᠲᠦᠮᠡ ᠳᠤ ᠬᠦᠷᠭᠡᠵᠦ᠂ ᠮᠢᠬᠠᠨ ᠤ ᠬᠤᠨᠢ ᠶᠢᠨ ᠲᠤᠭ᠎ᠠ ᠶᠢ 6000 ᠲᠦᠮᠡ ᠣᠷᠴᠢᠮ ᠳᠤ ᠲᠣᠭᠲᠠᠪᠤᠷᠢᠵᠢᠭᠤᠯᠤᠨ᠂ ᠦᠬᠡᠷ ᠤᠨ ᠮᠢᠬ᠎ᠠ ᠪᠤᠯᠤᠨ ᠬᠤᠨᠢᠨ ᠮᠢᠬ᠎ᠠ ᠶᠢᠨ ᠭᠠᠷᠤᠯᠲᠠ ᠶᠢ ᠪᠦᠬᠦ ᠤᠯᠤᠰ ᠤᠨ ᠲᠡᠷᠢᠬᠦᠨ ᠪᠠᠶᠢᠷᠢᠨ ᠳᠤ ᠲᠤᠭᠳᠠᠪᠤᠷᠢᠵᠢᠭᠤᠯᠬᠤ ᠶᠢ ᠪᠠᠳᠤᠯᠠᠵᠤ᠂ ᠦᠬᠡᠷ ᠬᠤᠨᠢ ᠲᠡᠵᠢᠭᠡᠨ ᠦᠷᠡᠵᠢᠭᠦᠯᠬᠦ ᠲᠣᠮᠣ ᠣᠷᠣᠨ ᠤ ᠳᠠᠪᠠᠭᠤᠯᠢᠭ ᠢᠶᠠᠨ ᠤᠯᠠᠮ ᠪᠠᠬᠢᠵᠢᠭᠦᠯᠵᠤ ᠪᠠᠶᠢᠨ᠎ᠠ᠃ ᠡᠭᠦᠨ ᠤ ᠬᠠᠮᠲᠤ᠂ ᠳᠤᠲᠠᠭᠤᠳᠠᠯ ᠢ ᠨᠥᠬᠦᠪᠥᠷᠢᠯᠡᠬᠦ ᠪᠠ ᠨᠦᠭᠡᠴᠡ ᠬᠦᠴᠦᠨ ᠢ ᠠᠭᠤᠳᠠᠯᠬᠤ ᠪᠠᠷ ᠳᠠᠮᠵᠢᠨ ᠠᠮᠢᠳᠤ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠶᠢ ᠴᠢᠩᠭᠠᠷᠠᠭᠤᠯᠵᠤ᠂ ᠭᠠᠭ᠋ᠠᠢ ᠲᠡᠵᠢᠭᠡᠬᠦ ᠬᠡᠪᠴᠢᠶᠡᠵᠢᠭᠰᠡᠨ ᠲᠠᠯᠠᠪᠠᠢ ᠶᠢ 1200 ᠶᠢ ᠳᠠᠪᠠᠭᠤᠯᠤᠨ᠂ ᠮᠡᠭᠡᠵᠢ ᠶᠢᠨ ᠲᠤᠭ᠎ᠠ ᠶᠢ 56.3 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠪᠠᠶᠢᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号